ᠰᠤᠯᠠ ᠢᠳᠡᠭᠡᠨ ᠳᠦᠭᠦᠮ ᠢᠳᠡᠭᠡᠨ ᠪᠤᠯᠪᠠᠰᠤᠷᠠᠭᠤᠯᠬᠤ ᠦᠢᠯᠡᠰ ᠢ᠋ ᠬᠦᠭᠵᠢᠭᠦᠯᠬᠦ ᠭᠤᠤᠯᠳᠠᠯᠭ᠎ᠠ
2025-06-20 11:55:48
ᠵᠣᠬᠢᠶᠠᠭ᠍ᠴᠢ᠄
ᠼᠠᠢ ᠬᠤᠩ
ᠣᠩᠱᠢᠭ᠍ᠰᠠᠨ ᠣᠳᠠᠭ᠎ᠠ᠄
★★★☆☆

— ᠦᠪᠦᠷ ᠮᠤᠡᠭᠭᠤᠯ ᠤ᠋ᠨ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢᠨ 10 ᠭᠤᠤᠯᠳᠠᠯᠭᠠᠲᠤ ᠲᠦᠷᠦᠯ ᠵᠦᠢᠯ ⑦

ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠵᠦᠪᠰᠢᠶᠡᠷᠡᠯ ᠶ᠋ᠢᠡᠷ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠠᠯᠪᠠᠨ ᠲᠢᠩᠬᠢᠮ ᠤᠢᠷ᠎ᠠ ᠳ᠋ᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭᠠᠨ ᠤ᠋ ᠲᠦᠰᠦᠯ (2025 — 2027)》 ᠢ᠋ ᠳᠠᠷᠤᠮᠠᠯᠯᠠᠨ ᠲᠠᠷᠬᠠᠭᠠᠵᠤ᠂ 3 ᠵᠢᠯ ᠤ᠋ᠨ ᠬᠤᠭᠤᠴᠠᠭ᠎ᠠ ᠪᠦᠬᠦᠢ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢ ᠡᠬᠢᠯᠡᠭᠦᠯᠪᠡ᠃ ᠡᠭᠦᠨ ᠳ᠋ᠤ ᠨᠠᠷᠠᠨ ᠬᠤᠸᠠᠷ ᠤ᠋ᠨ ᠦᠷ᠎ᠡ ᠵᠡᠷᠭᠡ ᠰᠤᠯᠠ ᠢᠳᠡᠭᠡᠨ ᠳᠦᠭᠦᠮ ᠢᠳᠡᠭᠡᠨ ᠪᠤᠯᠪᠠᠰᠤᠷᠠᠭᠤᠯᠬᠤ ᠦᠢᠯᠡᠰ ᠢ᠋ ᠭᠤᠤᠯᠳᠠᠯᠭ᠎ᠠ ᠲᠠᠢ ᠬᠦᠭᠵᠢᠬᠦᠯᠬᠦ 10 ᠲᠦᠷᠦᠯ ᠵᠤᠢᠯ ᠤ᠋ᠨ ᠨᠢᠬᠡ ᠪᠤᠯᠭᠠᠵᠤ᠂ ᠤᠷᠤᠨ ᠪᠦᠰᠡ ᠵᠢᠨ ᠪᠠᠢᠷᠢᠰᠢᠭᠤᠯᠤᠯᠳᠠ ᠪᠠ ᠭᠤᠤᠯ ᠰᠢᠪᠳᠤᠯᠤᠯᠳᠠ ᠵᠢᠨ ᠴᠢᠭᠯᠡᠯ ᠢ᠋ ᠲᠤᠳᠤᠷᠬᠠᠢᠯᠠᠨ᠂ ᠬᠦᠭᠵᠢᠯᠳᠡ ᠵᠢᠨ ᠵᠠᠮ ᠱᠤᠭᠤᠮ ᠤ᠋ᠨ ᠵᠢᠷᠤᠭ ᠢ᠋ ᠲᠤᠳᠤᠷᠬᠠᠢ ᠲᠤᠭᠳᠠᠭᠠᠪᠠ᠃

ᠤᠷᠤᠨ ᠪᠦᠰᠡ ᠶ᠋ᠢᠨ ᠪᠠᠢᠷᠢᠰᠢᠭᠤᠯᠤᠯᠲᠠ᠄ ᠪᠠᠶᠠᠨᠨᠠᠭᠤᠷ ᠬᠣᠲᠠ᠂ ᠲᠦᠩᠯᠢᠶᠣᠤ ᠬᠣᠲᠠ᠂ ᠤᠯᠠᠭᠠᠨᠴᠠᠪ ᠬᠣᠲᠠ᠂ ᠪᠤᠭᠤᠲᠤ ᠬᠣᠲᠠ᠂ ᠱᠢᠯᠢ ᠶ᠋ᠢᠨ ᠭᠣᠣᠯ ᠠᠢᠮᠠᠭ᠂ ᠬᠥᠯᠥᠨ ᠪᠤᠢᠷ ᠬᠣᠲᠠ᠂ ᠤᠯᠠᠭᠠᠨᠬᠠᠳᠠ ᠬᠣᠲᠠ ᠵᠡᠷᠭᠡ ᠠᠢᠮᠠᠭ ᠬᠣᠲᠠ ᠪᠠᠷ ᠭᠣᠣᠯᠳᠠᠯᠭ᠎ᠠ ᠪᠣᠯᠭᠠᠨ᠎ᠠ᠃

ᠭᠤᠤᠯ ᠰᠢᠪᠲᠤᠯᠤᠯᠲᠠ ᠶ᠋ᠢᠨ ᠴᠢᠭᠯᠡᠯ᠄ ᠨᠠᠷᠠᠨ ᠬᠤᠸᠠᠷ᠂ ᠦᠭᠡᠷ ᠤ᠋ᠨ ᠮᠢᠬ᠎ᠠ᠂ ᠵᠢᠮᠢᠰ ᠢᠳᠡᠰᠢᠨ ᠨᠤᠭᠤᠭ᠎ᠠ ᠵᠡᠷᠭᠡ ᠡᠬᠢ ᠪᠠᠶᠠᠯᠢᠭ ᠤ᠋ᠨ ᠳᠠᠪᠠᠭᠤᠯᠢᠭ ᠶ᠋ᠢᠡᠨ ᠪᠠᠳᠠᠷᠠᠭᠤᠯᠵᠤ᠂ ᠮᠡᠷᠭᠡᠵᠢᠯ ᠪᠠ ᠲᠤᠨᠤᠭᠯᠠᠯ ᠤ᠋ᠨ ᠲᠦᠪᠰᠢᠨ ᠳᠤᠤᠷ᠎ᠠ᠂ ᠪᠦᠲᠦᠭᠡᠭᠳᠡᠭᠦᠨ ᠤ᠋ ᠲᠦᠷᠦᠯ ᠵᠦᠢᠯ ᠴᠦᠬᠡᠨ ᠪᠠᠢᠬᠤ ᠠᠰᠠᠭᠤᠳᠠᠯ ᠳ᠋ᠦ ᠴᠢᠭᠯᠡᠭᠦᠯᠤᠨ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢᠯᠠᠯ ᠤ᠋ᠨ ᠰᠢᠨ᠎ᠠ ᠪᠦᠲᠦᠭᠡᠭᠳᠡᠭᠦᠨ ᠢ᠋ ᠰᠤᠳᠤᠯᠤᠨ ᠨᠡᠭᠡᠬᠡᠬᠦ᠂ ᠮᠡᠷᠭᠡᠵᠢᠯ ᠤ᠋ᠨ ᠰᠢᠨ᠎ᠡ ᠶ᠋ᠢ ᠡᠭᠦᠳᠬᠦ᠂ ᠲᠤᠨᠤᠭ ᠲᠦᠬᠦᠭᠡᠷᠦᠮᠵᠢ ᠪᠠᠨ ᠰᠢᠨᠡᠴᠢᠯᠡᠬᠦ ᠵᠢ ᠳᠡᠮᠵᠢᠵᠦ᠂ ᠭᠤᠸᠠ ᠶ᠋ᠢᠨ ᠦᠷ᠎ᠡ(ᠨᠠᠷᠠᠨ ᠬᠤᠸᠠᠷ ᠤ᠋ᠨ ᠦᠷ᠎ᠡ᠂ ᠯᠠᠡᠭᠭᠤᠸᠠ ᠶ᠋ᠢᠨ ᠦᠷ᠎ᠡ᠂ ᠬᠤᠯᠤ ᠶ᠋ᠢᠨ ᠦᠷ᠎ᠡ)᠂ ᠪᠤᠷᠴᠠ᠂ ᠬᠠᠭᠰᠠᠭᠠᠭᠰᠠᠨ ᠵᠢᠮᠢᠰ ᠢᠳᠡᠰᠢᠨ ᠨᠤᠭᠤᠭ᠎ᠠ᠂ ᠬᠠᠲᠠᠭᠠᠭᠰᠠᠨ ᠵᠢᠮᠢᠰ᠂ ᠬᠦᠯᠳᠡᠭᠦᠦ ᠱᠤᠤᠮᠠᠢ ᠵᠡᠷᠭᠡ ᠪᠦᠲᠦᠭᠡᠭᠳᠡᠭᠦᠨ ᠢ᠋ ᠭᠤᠤᠯᠳᠠᠯᠭ᠎ᠠ ᠲᠠᠢ ᠬᠦᠭᠵᠢᠭᠦᠯᠵᠦ᠂ ᠨᠢᠭᠡ ᠪᠦᠯᠦᠭ ᠰᠢᠨ᠎ᠠ ᠰᠤᠯᠠ ᠢᠳᠡᠭᠡᠨ ᠳᠦᠭᠦᠮ ᠢᠳᠡᠭᠡᠨ ᠪᠠ ᠨᠡᠷᠡᠲᠦ ᠲᠦᠷᠦᠯ ᠲᠡᠮᠲᠡᠭ ᠢ᠋ ᠪᠤᠢᠵᠢᠭᠤᠯᠤᠨ᠎ᠠ᠃

ᠤᠨᠴᠠᠯᠢᠭᠲᠤ ᠪᠦᠲᠦᠭᠡᠭᠳᠡᠭᠦᠨ᠄

ᠬᠠᠭᠰᠠᠭᠠᠭᠰᠠᠨ ᠵᠢᠮᠢᠰ ᠢᠳᠡᠰᠢᠨ ᠨᠤᠭᠤᠭ᠎ᠠ ᠪᠤᠯ ᠢᠳᠡᠬᠦ ᠳ᠋ᠦ ᠬᠡᠤᠷᠡᠭ ᠮᠦᠷᠲᠡᠭᠡᠨ ᠡᠯ᠎ᠡ ᠵᠦᠢᠯ ᠤ᠋ᠨ ᠸᠢᠲ᠋ᠠᠮᠢᠨ ᠪᠠ ᠢᠳᠡᠭᠡᠨ ᠤ᠋ ᠰᠢᠷᠬᠡᠭᠯᠢᠭ ᠡᠳ᠋ ᠡᠯᠪᠡᠭ ᠠᠭᠤᠯᠤᠭᠳᠠᠬᠤ ᠤᠳᠤᠬᠠᠨ ᠤ᠋ ᠬᠠᠯᠠᠮᠰᠢᠯ ᠰᠤᠯᠠ ᠢᠳᠡᠭᠡᠨ ᠪᠤᠯᠤᠨ᠎ᠠ᠃ ᠤᠯᠠᠭᠠᠨᠴᠠᠪ ᠬᠤᠲᠠ ᠪᠤᠯ ᠮᠠᠨ ᠤ᠋ ᠤᠷᠤᠨ ᠤ᠋ ᠬᠠᠭᠰᠠᠭᠠᠭᠰᠠᠨ ᠵᠢᠮᠢᠰ ᠢᠳᠡᠰᠢᠨ ᠨᠤᠭᠤᠭ᠎ᠠ ᠶ᠋ᠢᠨ ᠭᠤᠤᠯ ᠭᠠᠷᠤᠯᠲᠠ ᠶ᠋ᠢᠨ ᠤᠷᠤᠨ ᠪᠠᠢᠵᠤ ᠂ ᠪᠦᠲᠦᠭᠡᠭᠳᠡᠭᠦᠨ ᠨᠢ ᠪᠦᠬᠦ ᠳᠡᠯᠡᠬᠡᠢ ᠶ᠋ᠢᠨ 60 ᠭᠠᠷᠤᠶ ᠤᠯᠤᠰ ᠪᠠ ᠭᠠᠵᠠᠷ ᠣᠷᠣᠨ ᠳ᠋ᠦ ᠪᠤᠷᠤᠯᠠᠭᠤᠯᠤᠭᠳᠠᠨ᠂ ᠡᠨᠡ ᠵᠢᠯ ᠤ᠋ᠨ ᠲᠦᠷᠦᠭᠦᠦ ᠬᠤᠶᠠᠷ ᠰᠠᠷ᠎ᠠ ᠳ᠋ᠡᠬᠢ ᠭᠠᠳᠠᠭᠠᠳᠤ ᠭᠠᠷᠭᠠᠯᠳᠠ ᠵᠢᠨ ᠬᠡᠮᠵᠢᠶ᠎ᠠ 2849.15 ᠲᠦᠮᠡᠨ ᠳ᠋ᠤᠯᠯᠠᠷ ᠲᠦ᠍ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 74% ᠪᠡᠷ ᠨᠡᠮᠡᠭᠳᠡᠵᠤ᠂ ᠤᠯᠠᠨ ᠤᠯᠤᠰ ᠤ᠋ᠨ ᠵᠠᠬ᠎ᠠ ᠳᠡᠯᠭᠡᠭᠦᠷ ᠲᠦ᠍ ᠨᠡᠯᠢᠶᠠᠳ ᠴᠢᠡᠭᠭ᠎ᠠ ᠦᠷᠢᠰᠦᠯᠳᠤᠬᠦ ᠬᠦᠴᠦᠨ ᠶ᠋ᠢᠡᠨ ᠢᠯᠡᠷᠡᠭᠦᠯᠵᠦ ᠪᠠᠢᠨ᠎ᠠ᠃

ᠭᠤᠸᠠ ᠶ᠋ᠢᠨ ᠦᠷ᠎ᠡ ᠳ᠋ᠤ ᠤᠭᠤᠷᠠᠭ᠂ ᠸᠢᠲ᠋ᠠᠮᠢᠨ ᠵᠢᠴᠢ ᠢᠳᠡᠭᠡᠨ ᠤ᠋ ᠰᠢᠷᠬᠡᠭᠯᠢᠭ ᠡᠳ᠋ ᠡᠯᠪᠡᠭ ᠠᠭᠤᠯᠤᠭ᠍ᠳᠠᠵᠤ᠂ ᠡᠪᠡᠳᠴᠢᠨ ᠢ᠋ ᠡᠰᠡᠷᠭᠦᠴᠡᠬᠦ ᠴᠢᠳᠠᠪᠤᠷᠢ ᠵᠢ ᠳᠡᠭᠡᠭᠰᠢᠯᠡᠭᠦᠯᠬᠦ᠂ ᠴᠢᠰᠤᠨ ᠤ᠋ ᠥᠭᠡᠬᠦ᠌᠎ᠶ᠋ᠢ ᠪᠠᠭᠤᠷᠠᠭᠤᠯᠬᠤ ᠵᠡᠷᠭᠡ ᠦᠢᠯᠡᠳᠦᠯ ᠲᠡᠶ᠃ ᠪᠠᠶᠠᠨᠨᠠᠭᠤᠷ ᠬᠣᠲᠠ ᠪᠣᠯ ᠮᠠᠨ ᠤ᠋ ᠤᠯᠤᠰ ᠤ᠋ᠨ ᠭᠤᠸᠠ ᠶ᠋ᠢᠨ ᠦᠷ᠎ᠡ ᠶ᠋ᠢᠨ ᠠᠵᠤ ᠦᠶ᠋ᠯᠡᠰ ᠤ᠋ᠨ ᠭᠤᠤᠯᠯᠠᠬᠤ ᠣᠷᠣᠨ ᠪᠠᠢᠵᠤ᠂ ᠨᠠᠷᠠᠨ ᠬᠤᠸᠠᠷ ᠤ᠋ᠨ ᠲᠠᠷᠢᠮᠠᠯ ᠤ᠋ᠨ ᠲᠠᠯᠠᠪᠠᠢ ᠨᠢ ᠪᠦᠬᠦ ᠤᠯᠤᠰ ᠤ᠋ᠨ ᠶᠡᠷᠦᠡᠭᠬᠡᠢ ᠲᠠᠯᠠᠪᠠᠢ ᠶ᠋ᠢᠨ 50% ᠤᠷᠴᠢᠮ ᠢ᠋ ᠡᠵᠡᠯᠡᠨ᠂ ᠨᠡᠷᠡᠨ ᠬᠤᠸᠠᠷ ᠤ᠋ᠨ ᠦᠷ᠎ᠡ ᠶ᠋ᠢᠨ ᠭᠠᠷᠤᠯᠲᠠ᠂ ᠶᠠᠰᠤ ᠴᠢᠨᠠᠷ ᠵᠢᠴᠢ ᠠᠵᠤ ᠦᠶ᠋ᠯᠡᠰ ᠦ᠋ᠨ ᠬᠡᠯᠬᠢᠶ᠎ᠡ ᠶ᠋ᠢᠨ ᠬᠥᠭ᠌ᠵᠢᠯᠲᠡ ᠨᠢ ᠴᠥᠮ ᠪᠥᠬᠥ᠌ ᠤᠯᠤᠰ ᠲᠤ᠌ ᠲᠦᠷᠦᠭᠦᠯᠡᠵᠦ᠍ ᠪᠠᠢᠨ᠎ᠠ᠃ ᠤᠳᠤ ᠪᠠᠶᠠᠨᠨᠠᠭᠤᠷ ᠬᠤᠲᠠ ᠳ᠋ᠦ ᠨᠡᠷᠡᠨ ᠬᠤᠸᠠᠷ ᠤ᠋ᠨ ᠦᠷ᠎ᠡ ᠡᠵᠡᠩᠨᠡᠬᠦ ᠭᠠᠳᠠᠭᠠᠳᠤ ᠠᠷᠠᠯᠵᠢᠶᠠᠨ ᠤ᠋ ᠠᠵᠤ ᠠᠬᠤᠢᠯᠠᠯ 190 ᠭᠠᠷᠤᠶ ᠪᠠᠢᠵᠤ᠂ ᠳᠡᠯᠡᠬᠡᠢ ᠶ᠋ᠢᠨ 40 ᠭᠠᠷᠤᠢ ᠤᠯᠤᠰ ᠪᠠ ᠭᠠᠵᠠᠷ ᠣᠷᠣᠨ ᠳ᠋ᠤ ᠪᠦᠲᠦᠭᠡᠭᠳᠡᠭᠦᠨ ᠶ᠋ᠢᠡᠨ ᠪᠣᠷᠣᠯᠠᠭᠤᠯᠤᠨ᠂ ᠵᠢᠯ ᠤ᠋ᠨ ᠭᠠᠳᠠᠭᠠᠳᠤ ᠭᠠᠷᠭᠠᠯᠳᠠ ᠵᠢᠨ ᠬᠡᠮᠵᠢᠶ᠎ᠠ 42 ᠳ᠋ᠦᠩᠱᠢᠭᠤᠷ ᠲᠥᠭᠥᠷᠢᠭ ᠲᠦ᠍ ᠬᠦᠷᠴᠦ ᠪᠠᠢᠨ᠎ᠠ᠃

ᠦᠬᠡᠷ ᠤ᠋ᠨ ᠮᠢᠬ᠎ᠠ ᠪᠤᠷᠴᠠᠯᠠᠵᠤ ᠬᠠᠳᠠᠭᠠᠯᠠᠬᠤ ᠳ᠋ᠦ ᠲᠤᠬᠢᠷᠠᠵᠤ᠂ 《ᠦᠬᠡᠷ ᠤ᠋ᠨ ᠮᠢᠬ᠎ᠠ ᠬᠠᠭᠤᠴᠢᠷᠠᠪᠠᠯ ᠡᠮ ᠪᠤᠯᠤᠨ᠎ᠠ 》 ᠭᠡᠬᠦ ᠠᠷᠠᠳ ᠤ᠋ᠨ ᠬᠡᠯᠡᠯᠭᠡ ᠲᠠᠢ ᠶᠤᠮ᠃ ᠤᠯᠤᠰ ᠤ᠋ᠨ ᠲᠤᠳᠤᠭᠠᠳᠤ ᠵᠢᠨ ᠳᠡᠭᠡᠳᠦ ᠳᠡᠰ ᠤ᠋ᠨ ᠦᠬᠡᠷ ᠤ᠋ᠨ ᠮᠢᠬ᠎ᠠ ᠵᠢᠨ ᠲᠦᠯᠦᠭᠡᠨ ᠤ᠋ ᠨᠡᠷ᠎ᠡ ᠪᠤᠯᠤᠭᠰᠠᠨ ᠬᠤᠷᠴᠢᠨ ᠦᠭᠡᠷ ᠤ᠋ᠨ ᠮᠢᠬ᠎ᠠ ᠪᠡᠷ ᠪᠤᠯᠪᠠᠰᠤᠷᠠᠭᠤᠯᠤᠭᠰᠠᠨ ᠲᠦᠡᠭᠯᠢᠶᠤᠤ ᠶ᠋ᠢᠨ ᠦᠭᠡᠷ ᠤ᠋ᠨ ᠮᠢᠬᠠᠨ ᠤ᠋ ᠪᠤᠷᠴᠠ ᠨᠢ ᠵᠦᠭᠡᠯᠡᠨ ᠪᠦᠭᠡᠳ ᠠᠮᠲᠠ ᠲᠠᠢ ᠪᠠᠢᠵᠤ᠂ 《 ᠳᠤᠮᠳᠠᠳᠤ ᠤᠯᠤᠰ ᠤ᠋ᠨ ᠤᠷᠤᠨ ᠨᠤᠲᠤᠭ ᠤ᠋ᠨ ᠠᠷᠪᠠᠨ ᠨᠡᠷᠡᠲᠦ ᠰᠤᠯᠠ ᠢᠳᠡᠭᠡᠨ》 ᠤ᠋ ᠨᠢᠭᠡ ᠬᠡᠮᠡᠭᠳᠡᠨ᠂ ᠬᠦᠮᠦᠰ ᠤ᠋ᠨ ᠠᠶᠠᠨ ᠤ᠋ ᠵᠠᠮ ᠤ᠋ᠨ ᠰᠢᠮᠡᠲᠦ ᠬᠦᠨᠡᠰᠦ᠂ ᠬᠠᠷᠢᠯᠴᠠᠭ᠎ᠠ ᠶᠠᠪᠤᠯᠴᠠᠭᠠᠨ ᠤ᠋ ᠪᠡᠯᠭᠡ ᠰᠡᠯᠲᠡ ᠪᠤᠯᠵᠤ᠂ ᠤᠯᠤᠰ ᠤ᠋ᠨ ᠳᠤᠲᠤᠭᠠᠳᠤ ᠭᠠᠳᠠᠭᠠᠳᠤ ᠶ᠋ᠢᠨ ᠬᠡᠷᠡᠭᠯᠡᠭᠴᠢᠳ ᠤ᠋ᠨ ᠬᠦᠷᠢᠶᠡᠯᠡᠯ ᠢ᠋ ᠶᠡᠬᠡᠲᠡ ᠤᠯᠵᠤ ᠪᠠᠢᠨ᠎ᠠ᠃ ᠤᠳᠤ ᠲᠦᠡᠭᠯᠢᠶᠤᠤ ᠬᠤᠲᠠ ᠳ᠋ᠤ ᠬᠡᠪᠴᠢᠶᠡᠵᠢᠯ ᠡᠴᠡ ᠳᠡᠭᠡᠭᠰᠢᠬᠢ ᠪᠤᠷᠴᠠ ᠶ᠋ᠢᠨ ᠠᠵᠤ ᠠᠬᠤᠢᠯᠠᠯ 36 ᠪᠠᠢᠵᠤ᠂ ᠵᠢᠯ ᠤ᠋ᠨ ᠦᠢᠯᠡᠳᠬᠦᠨ ᠤ᠋ ᠦᠷᠲᠡᠭ ᠨᠢ 30 ᠳ᠋ᠦ᠋ᠡᠭᠰᠢᠭᠤᠷ ᠲᠦᠬᠦᠷᠢᠭ ᠢ᠋ ᠳᠠᠪᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号