ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ ᠡᠷᠴᠢᠮᠲᠠᠢ ᠶᠠᠪᠤᠭ᠍ᠳᠠᠵᠤ ᠪᠤᠢ
2025-06-23 11:08:10
ᠵᠣᠬᠢᠶᠠᠭ᠍ᠴᠢ᠄
​ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠰᠣᠨᠢᠨ ᠮᠡᠳᠡᠭᠡ ᠨᠡᠢᠲᠡᠯᠡᠬᠦ᠌ ᠬᠤᠷᠠᠯ ᠬᠦᠬᠡᠬᠤᠲᠠ᠎ᠳᠦ ᠶᠠᠪᠤᠭᠳᠠᠵᠤ᠂ ᠤᠷᠤᠯᠳᠤᠭᠠᠨ ᠡᠷᠭᠢᠯᠡᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠤᠷᠤᠯᠳᠤᠭᠠᠨ᠎ᠤ ᠵᠤᠬᠢᠶᠠᠨ ᠪᠠᠢᠭᠤᠯᠤᠯᠳᠠ᠂ ᠣᠨᠴᠠᠯᠢᠭ᠂ ᠬᠢᠯᠠᠰ ᠴᠡᠭ ᠵᠢᠴᠢ ᠪᠡᠯᠡᠳᠭᠡᠯ ᠠᠵᠢᠯ᠎ᠤᠨ ᠪᠠᠢᠳᠠᠯ᠎ᠢ ᠨᠡᠢᠲᠡᠯᠡᠪᠡ᠃ ᠬᠤᠷᠠᠯ ᠡᠴᠡ ᠤᠢᠯᠠᠭᠠᠭᠰᠠᠨ ᠵᠢᠡᠷ᠂ ᠤᠷᠤᠯᠳᠤᠭᠠᠨ᠎ᠤ ᠪᠡᠯᠡᠳᠭᠡᠯ ᠠᠵᠢᠯ ᠨᠢᠭᠡᠨᠲᠡ ᠱᠢᠪᠲᠤᠯᠤᠯᠲᠠ᠎ᠶ᠋ᠢᠨ ᠱᠠᠲᠤᠨ᠎ᠳᠤ ᠣᠷᠣᠭᠰᠠᠨ ᠪᠠᠢᠨ᠎ᠠ᠃

ᠠᠷᠪᠠᠨ ᠨᠢᠭᠡᠳᠦᠭᠡᠷ ᠬᠤᠭᠤᠴᠠᠭᠠᠨ᠎ᠤ ᠪᠥᠬᠥ᠌ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠦᠨᠳᠦᠰᠦᠲᠡᠨ᠎ᠦ  ᠪᠦᠯᠬᠦᠮᠳᠡᠯ᠎ᠦᠨ ᠨᠠᠢᠷ·ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭᠯᠠᠭᠠᠨ》 ᠎ᠢ᠋ᠶ᠋ᠠᠷ ᠪᠠᠢᠷᠢ ᠲᠣᠭ᠍ᠲᠠᠭᠠᠯᠲᠠ ᠪᠣᠯᠭᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠣᠯᠤᠨ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠪᠡᠷ ᠵᠤᠷᠢᠯᠳᠠ ᠪᠤᠯᠭᠠᠵᠠᠢ᠃

ᠠᠷᠪᠠᠨ ᠨᠢᠭᠡᠳᠦᠭᠡᠷ ᠬᠤᠭᠤᠴᠠᠭᠠᠨ᠎ᠤ ᠪᠥᠬᠥ᠌ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ   2025 ᠣᠨ᠎ᠤ 7 ᠰᠠᠷ᠎ᠠ᠎ᠶ᠋ᠢᠨ 26 ᠎ᠤ᠋ ᠡᠳᠦᠷ᠎ᠡᠴᠡ 31᠎ᠤ᠋ ᠡᠳᠦᠷ ᠪᠣᠯᠲᠠᠯ᠎ᠠ ᠤᠯᠠᠭᠠᠨᠬᠠᠳᠠ ᠬᠣᠲᠠ᠎ᠳᠤ ᠶᠠᠪᠤᠭᠳᠠᠨ᠎ᠠ᠃ ᠲᠤᠰ ᠤᠳᠠᠭᠠᠨ᠎ᠤ ᠤᠷᠤᠯᠳᠤᠭᠠᠨ ᠳ᠋ᠤ ᠪᠥᠬᠡ ᠪᠠᠷᠢᠯᠳᠤᠬᠤ᠂ ᠰᠤᠷ ᠬᠠᠷᠪᠤᠯᠲᠠ᠂ ᠮᠣᠩᠭᠣᠯ ᠱᠢᠲᠠᠷ᠎ᠠ᠂ ᠪᠢᠯᠠᠭᠤ᠂ ᠬᠣᠯᠬᠣᠪᠴᠢ ᠨᠤᠮᠤ ᠬᠠᠷᠪᠤᠬᠤ᠂ ᠳᠡᠭᠡᠰᠦ ᠲᠠᠲᠠᠬᠤ᠂ ᠦᠨᠳᠦᠰᠦᠲᠡᠨ᠎ᠦ ᠪᠡᠶ᠎ᠡ ᠴᠢᠭᠢᠷᠠᠭ᠍ᠵᠢᠭᠤᠯᠬᠤ ᠲᠠᠮᠢᠷ ᠮᠡᠳᠦ᠎ᠶᠢᠨ ᠨᠡᠢᠲᠡ 18 ᠤᠷᠤᠯᠳᠤᠭᠠᠨ᠎ᠤ ᠲᠥᠷᠥᠯ ᠵᠦᠶ᠋ᠯ ᠪᠠ 12 ᠲᠣᠭ᠍ᠯᠠᠯᠲᠠ᠎ᠶ᠋ᠢᠨ ᠲᠥᠷᠥᠯ ᠵᠦᠶ᠋ᠯ ᠎ᠢ ᠲᠣᠬᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号