ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠡᠴᠡ ᠤᠢᠯᠠᠭᠠᠭᠰᠠᠨ ᠵᠢᠡᠷ᠂ ᠲᠠᠪᠤᠳᠤᠭᠠᠷ ᠬᠤᠭᠤᠴᠠᠭᠠᠨ ᠤ᠋ ᠤᠮᠠᠷᠠᠲᠤ ᠶ᠋ᠢᠨ ᠲᠠᠪᠤᠨ ᠮᠤᠵᠢ ᠣᠷᠣᠨ ᠤ᠋ ᠱᠢᠯᠢᠳᠡᠭ ᠼᠢᠷᠺ (ᠶᠧᠯᠸᠢ) ᠤ᠋ᠨ ᠲᠣᠭ᠍ᠯᠠᠯᠲᠠ ᠤᠷᠴᠢᠮᠬᠠᠨ ᠱᠠᠨ ᠰᠢ ᠮᠤᠵᠢ ᠳ᠋ᠦ ᠶᠠᠪᠤᠭᠳᠠᠵᠦ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠼᠢᠷᠺ ᠤ᠋ᠨ ᠪᠦᠯᠬᠦᠮ ᠤ᠋ᠨ ᠬᠢᠨ 《ᠮᠤ᠌ ᠯᠠᠨ ᠬᠦᠶ》 ᠭᠡᠬᠦ᠌ ᠪᠦᠳᠦᠬᠡᠯ ᠵᠢᠡᠷ ᠲᠣᠭ᠍ᠯᠠᠯᠲᠠ ᠳ᠋ᠦ ᠤᠷᠤᠯᠴᠠᠵᠦ᠂ ᠮᠠᠨ ᠤ᠋ ᠤᠷᠤᠨ ᠤ᠋ ᠼᠢᠷᠺ ᠤ᠋ᠨ ᠦᠶ᠋ᠯᠡᠰ ᠤ᠋ᠨ ᠴᠢᠨᠠᠷ ᠰᠠᠢᠲᠠᠶ ᠬᠦᠭᠵᠢᠯᠳᠡᠵᠢᠨ ᠦᠷ᠎ᠠ ᠪᠦᠳᠦᠬᠡᠯ ᠢ᠋ ᠤᠯᠠᠨ ᠳ᠋ᠤ ᠦᠵᠡᠬᠦᠯᠪᠡ᠃
ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠼᠢᠷᠺ ᠤ᠋ᠨ ᠪᠦᠯᠬᠦᠮ ᠤ᠋ᠨ ᠲᠤᠭᠯᠠᠯᠳᠠ 《ᠮᠦ᠍ ᠯᠠᠨ ᠬᠦᠶ》 ᠨᠢ ᠬᠤᠸᠠ ᠮᠦ᠍ ᠯᠠᠨ ᠡᠴᠢᠭᠡ ᠪᠡᠨ ᠣᠷᠣᠯᠠᠨ ᠴᠡᠷᠢᠭ ᠲᠦ᠍ ᠮᠤᠷᠳᠠᠭᠰᠠᠨ ᠰᠣᠩᠭᠣᠳᠠᠭ ᠥᠯᠢᠭᠡᠷ ᠢ᠋ᠶ᠋ᠡᠷ ᠡᠰᠢᠯᠡᠨ᠂ ᠭᠠᠭ᠍ᠴᠠ ᠬᠥᠮᠦᠨ ᠤ᠋ ᠲᠤᠷᠳᠤᠩ ᠪᠦᠰᠡᠨ ᠳᠡᠭᠡᠷᠡᠬᠢ ᠤᠷ᠎ᠠ ᠮᠡᠷᠭᠡᠵᠢᠯ ᠢ᠋ ᠰᠢᠨᠡᠴᠢᠯᠡᠵᠦ᠂ ᠨᠢᠷᠤᠭᠤ ᠣᠷᠢᠶᠠᠨ ᠡᠷᠭᠢᠬᠦ᠌᠂ ᠵᠢᠱᠢᠭᠦᠦ ᠰᠠᠵᠢᠯᠠᠨ ᠪᠠᠭᠤᠬᠤ᠂ ᠡᠭᠡᠷᠡᠬᠦᠯ ᠡᠷᠭᠢᠬᠦ᠌ ᠵᠡᠷᠭᠡ ᠬᠡᠲᠦᠢᠳᠦᠭ᠌ᠰᠡᠨ ᠤᠷ᠎ᠠ ᠮᠡᠷᠭᠡᠵᠢᠯ ᠢ᠋ ᠭᠠᠢᠬᠠᠭᠤᠯᠵᠤ᠂ ᠬᠤᠸᠠ ᠮᠥ᠍ ᠯᠠᠨ ᠤ᠋ ᠪᠤᠯᠪᠠᠷᠠᠢ ᠬᠡᠥᠬᠡᠨ ᠪᠠᠢᠭᠰᠠᠨ ᠡᠴᠡ ᠪᠠᠨ ᠪᠠᠢᠯᠳᠤᠭᠠᠨ ᠤ᠋ ᠲᠠᠯᠠᠪᠤᠷ ᠤ᠋ᠨ ᠠᠷᠤᠤᠬᠠᠨ ᠪᠠᠭᠠᠳᠤᠷ ᠪᠤᠯᠵᠦ᠂ ᠳᠠᠬᠢᠨ ᠡᠩ ᠤ᠋ᠨ ᠠᠮᠢᠳᠤᠷᠠᠯ ᠳ᠋ᠤ ᠪᠤᠴᠠᠭᠰᠠᠨ ᠥᠩᠭᠡᠷᠡᠯᠲᠡ ᠵᠢ ᠠᠮᠢᠳᠤᠯᠢᠭ ᠢ᠋ᠶ᠋ᠠᠷ ᠳᠡᠯᠭᠡᠨ ᠦᠵᠡᠭᠦᠯᠵᠡᠶ᠃
ᠤᠢᠯᠠᠭᠠᠭᠰᠠᠨ ᠵᠢᠡᠷ᠂ ᠲᠠᠪᠤᠳᠤᠭᠠᠷ ᠬᠤᠭᠤᠴᠠᠭᠠᠨ ᠤ᠋ ᠤᠮᠠᠷᠠᠲᠤ ᠶ᠋ᠢᠨ ᠲᠠᠪᠤᠨ ᠮᠤᠵᠢ ᠣᠷᠣᠨ ᠤ᠋ ᠱᠢᠯᠢᠳᠡᠭ ᠼᠢᠷᠺ ᠤ᠋ᠨ ᠲᠣᠭ᠍ᠯᠠᠯᠲᠠ ᠵᠢ ᠳᠤᠮᠳᠠᠳᠤ ᠤᠯᠤᠰ ᠤ᠋ᠨ ᠼᠢᠷᠺ ᠤ᠋ᠨ ᠨᠡᠢᠭᠡᠮᠯᠢᠭ᠂ ᠤᠮᠠᠷᠠᠲᠤ ᠵᠢᠨ ᠲᠠᠪᠤᠨ ᠮᠤᠵᠢ ᠣᠷᠣᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠡᠴᠡ ᠭᠤᠤᠯᠯᠠᠨ ᠡᠷᠬᠢᠯᠡᠵᠦ᠍᠂ ᠪᠡᠭᠡᠵᠢᠩ᠂ ᠲᠢᠶᠠᠨᠵᠢᠨ᠂ ᠾᠧᠪᠧᠶ᠂ ᠱᠠᠨ ᠰᠢ᠂ ᠥᠪᠥᠷ ᠮᠣᠩᠭᠣᠯ ᠵᠡᠷᠬᠡ 5 ᠭᠠᠵᠠᠷ ᠤ᠋ᠨ 10 ᠤᠷᠠᠯᠢᠭ ᠤ᠋ᠨ ᠪᠦᠯᠬᠦᠮ ᠲᠣᠭ᠍ᠯᠠᠯᠲᠠ ᠳ᠋ᠦ ᠤᠷᠤᠯᠴᠠᠵᠦ᠂ ᠼᠢᠷᠺ ᠤ᠋ᠨ ᠰᠣᠳᠣᠨ ᠲᠣᠭ᠍ᠯᠠᠯᠲᠠ ᠨᠤᠭᠤᠳ ᠨᠢ ᠬᠠᠮᠲᠤ ᠶ᠋ᠢᠨ ᠪᠥᠮᠪᠥᠭᠡᠨ ᠮᠡᠷᠭᠡᠵᠢᠯ᠂ ᠤᠯᠠᠮᠵᠢᠯᠠᠯᠲᠤ ᠶᠧᠯᠸᠢ᠂ ᠭᠢᠰᠭᠢᠭᠦᠷ ᠬᠡᠩᠭᠡᠷᠭᠡ ᠵᠡᠷᠭᠡ ᠣᠯᠠᠨ ᠵᠦᠶ᠋ᠯ ᠤ᠋ᠨ ᠬᠡᠯᠪᠡᠷᠢ ᠵᠢ ᠬᠠᠮᠤᠷᠴᠠᠶ᠃ 2 ᠡᠳᠦᠷ ᠶᠠᠪᠤᠭᠳᠠᠭᠰᠠᠨ ᠲᠤᠰ ᠲᠣᠭ᠍ᠯᠠᠯᠲᠠ ᠨᠢ ᠤᠷᠠᠯᠢᠭ ᠤ᠋ᠨ ᠦᠷ᠎ᠡ ᠪᠦᠲᠦᠭᠡᠯ ᠤ᠋ᠨ ᠲᠥᠪᠯᠡᠷᠡᠩᠭᠦᠶ ᠦᠵᠡᠭᠦᠯᠭᠡ ᠪᠣᠯᠤᠭᠰᠠᠨ ᠢ᠋ᠶ᠋ᠡᠷ ᠪᠠᠷᠠᠬᠤ ᠥᠬᠡᠶ᠂ ᠨᠠᠩ ᠴᠤ᠌ ᠠᠵᠢᠯ ᠲᠥᠷᠥᠯ ᠤ᠋ᠨ ᠰᠣᠯᠢᠯᠴᠠᠭᠠᠨ ᠤ᠋ ᠴᠢᠬᠤᠯᠠ ᠠᠵᠠ ᠲᠣᠬᠢᠶᠠᠯ ᠪᠣᠯᠵᠦ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠼᠢᠷᠺ ᠤ᠋ᠨ ᠪᠦᠯᠬᠦᠮ ᠤ᠋ᠨ ᠰᠢᠯᠢᠳᠡᠭ ᠲᠤᠭᠯᠠᠯᠳᠠ ᠵᠢᠨ ᠪᠦᠳᠦᠬᠡᠯ ᠵᠢᠡᠷ ᠯᠠᠪᠯᠠᠯᠳᠠ ᠪᠤᠯᠭᠠᠨ ᠵᠤᠬᠢᠶᠠᠨ ᠪᠦᠳᠦᠭᠡᠯᠭᠡ ᠪᠠᠨ ᠴᠢᠨᠠᠭᠰᠢᠳᠠ ᠠᠬᠢᠭᠤᠯᠵᠤ᠂ ᠥᠪᠥᠷ ᠮᠣᠩᠭᠣᠯ ᠤ᠋ᠨ ᠼᠢᠷᠺ ᠤ᠋ᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠳ᠋ᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠡᠷ ᠪᠤᠢ᠃