ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠦᠭ᠌ᠰᠡᠨ᠎ᠡᠴᠡ ᠨᠠᠭᠠᠰᠢ᠂ ᠮᠠᠨ᠎ᠤ ᠣᠷᠣᠨ᠎ᠤ ᠡᠯ᠎ᠡ ᠭᠠᠵᠠᠷ᠎ᠤᠨ ᠬᠢᠨ ᠪᠣᠳᠠᠲᠤ ᠶᠠᠪᠤᠳᠠᠯ ᠬᠢᠵᠦ᠍ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠤᠯᠠᠨ ᠲᠦᠮᠡᠨ᠎ᠦ ᠪᠤᠳᠤᠵᠤ ᠪᠠᠢᠭ᠎ᠠ ᠰᠡᠳᠬᠢᠵᠦ ᠪᠠᠢᠭ᠎ᠠ ᠬᠦᠰᠡᠵᠦ ᠪᠠᠢᠭ᠎ᠠ ᠵᠦᠢᠯ᠎ᠢ ᠰᠤᠷᠲᠠᠯ᠎ᠤᠨ ᠪᠠᠢᠭᠤᠯᠤᠯᠲᠠ᠎ᠶ᠋ᠢᠨ ᠬᠦᠴᠦᠯᠡᠬᠦ᠌ ᠴᠡᠭ ᠪᠠ ᠵᠦᠭ᠌ᠯᠡᠭᠦᠷ ᠪᠣᠯᠭᠠᠵᠤ᠂ ᠰᠤᠷᠤᠯᠴᠠᠯᠭ᠎ᠠ ᠬᠥᠮᠦᠵᠢᠯ᠎ᠦᠨ ᠬᠡᠢ ᠬᠣᠭᠣᠰᠣᠨ ᠪᠢᠰᠢ᠂ ᠬᠡᠯᠪᠡᠢᠬᠦᠦ ᠲᠠᠰᠢᠭᠤ ᠪᠢᠰᠢ᠂ ᠦᠩᠭᠡᠨ ᠲᠡᠳᠦᠢ ᠪᠢᠰᠢ ᠪᠠᠢᠬᠤ᠎ᠶ᠋ᠢ ᠦᠨᠡᠨᠬᠦ ᠪᠠᠲᠤᠯᠠᠵᠤ᠂ ᠡᠯ᠎ᠡ ᠵᠦᠢᠯ᠎ᠦᠨ ᠪᠠᠢᠷᠢᠯᠠᠭᠤᠯᠤᠯᠲᠠ ᠪᠠ ᠱᠠᠭᠠᠷᠳᠠᠯᠭ᠎ᠠ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ᠎ᠪᠡᠷ ᠠᠷᠠᠳ ᠤᠯᠠᠨ᠎ᠤ ᠢᠲᠡᠭᠡᠯ ᠬᠦᠷᠢᠶᠡᠯᠡᠯ᠎ᠢ ᠲᠠᠰᠤᠷᠠᠯᠲᠠ ᠦᠭᠡᠢ ᠤᠯᠵᠤ ᠪᠠᠢᠨ᠎ᠠ᠃
《ᠡᠨᠳᠡ ᠤᠤᠯ ᠨᠢ ᠬᠣᠲᠣᠭᠣᠷ ᠭᠠᠵᠠᠷ ᠪᠠᠢᠵᠤ᠂ ᠪᠠᠭ᠎ᠠ ᠯᠠ ᠴᠠᠰᠤ ᠪᠣᠷᠣᠭᠠᠨ ᠣᠷᠤᠪᠠᠯ ᠶᠠᠪᠤᠵᠤ ᠰᠠᠭᠤᠬᠤ᠎ᠳᠤ ᠮᠠᠰᠢ ᠲᠦᠭᠦᠮ ᠦᠭᠡᠢ ᠪᠤᠯᠵᠤ ᠂ ᠡᠨᠡ ᠤᠳᠠᠭ᠎ᠠ ᠲᠤᠰ ᠵᠠᠮ᠎ᠢ ᠰᠠᠢᠬᠠᠨ ᠵᠠᠰᠠᠴᠢᠬᠠᠪᠠᠯ ᠭᠡᠷ᠎ᠲᠡᠬᠡᠨ ᠬᠠᠷᠢᠬᠤ᠎ᠳᠤ ᠳᠦᠭᠦᠮ ᠪᠣᠯᠬᠤ᠎ᠪᠠᠷ ᠪᠠᠷᠠᠬᠤ ᠦᠭᠡᠢ᠂ ᠵᠤᠭᠠᠴᠠᠨ ᠰᠡᠯᠡᠬᠦᠴᠡᠬᠦ ᠳ᠋ᠤ ᠴᠸ᠋ ᠠᠮᠠᠷ ᠪᠤᠯᠤᠨ᠎ᠠ》 ᠭᠡᠵᠦ᠍ ᠤᠯᠠᠭᠠᠨᠬᠠᠳᠠ ᠬᠣᠲᠠ᠎ᠶ᠋ᠢᠨ ᠠᠸ᠋ᠬᠠᠨ ᠬᠣᠱᠢᠭᠤᠨ᠎ᠤ ᠱᠢᠨ ᠬᠣᠶ ᠬᠣᠲᠠ ᠵᠢᠨ ᠲᠣᠭᠣᠷᠢᠭ᠎ᠲᠤ ᠰᠠᠭᠤᠭ᠎ᠠ ᠯᠢᠦ ᠱᠢᠨ ᠸᠧᠶ ᠪᠠᠶᠠᠷᠲᠠᠶ ᠬᠡᠯᠡᠨ᠎ᠡ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠠᠸ᠋ᠬᠠᠨ ᠬᠣᠱᠢᠭᠤ ᠣᠯᠠᠨ ᠲᠦᠮᠡᠨ᠎ᠦ ᠲᠤᠰᠭᠠᠭ᠍ᠰᠠᠨ ᠪᠠᠴᠢᠮᠳᠠᠵᠦ᠂ ᠲᠦᠪᠡᠭᠳᠡᠵᠦ᠂ ᠵᠤᠪᠠᠨᠢᠵᠤ᠂ ᠬᠦᠰᠡᠵᠦ᠍ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ ᠱᠢᠨ ᠬᠣᠶ ᠬᠣᠲᠠ ᠵᠢᠨ ᠲᠣᠭᠣᠷᠢᠭ᠎ᠲᠠᠬᠢ ᠬᠣᠱᠢᠭᠤᠨ᠎ᠤ ᠡᠮᠨᠡᠯᠭᠡ᠎ᠶ᠋ᠢᠨ ᠬᠣᠷᠢᠶ᠎ᠠ᠂ ᠵᠢᠷᠭᠤᠳᠤᠭᠠᠷ ᠪᠠᠭ᠎ᠠ ᠰᠤᠷᠭᠠᠭᠤᠯᠢ᠂ ᠬᠣᠶᠠᠳᠤᠭᠠᠷ ᠬᠡᠤᠬᠡᠳ᠎ᠤᠨ ᠴᠡᠴᠡᠷᠯᠢᠭ᠂ ᠭᠤᠷᠪᠠᠳᠤᠭᠠᠷ ᠲᠤᠮᠳᠠᠳᠤ ᠰᠤᠷᠭᠠᠭᠤᠯᠢ᠂ ᠮᠠᠱᠢᠨ ᠲᠡᠷᠭᠡᠨ᠎ᠦ ᠥᠷᠲᠡᠭᠡ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ᠎ᠤᠨ ᠡᠷᠬᠢᠨ ᠲᠣᠭᠣᠷᠢᠨ᠎ᠤ 8 ᠵᠤᠷᠪᠤᠰ ᠠᠳᠠᠯᠢ ᠪᠤᠰᠤ ᠬᠡᠮᠵᠢᠶ᠎ᠡ᠎ᠪᠡᠷ ᠡᠪᠳᠡᠭ᠌ᠳᠡᠭ᠌ᠰᠡᠨ ᠵᠠᠮ᠎ᠢ ᠰᠡᠯᠪᠢᠨ ᠵᠠᠰᠠᠵᠤ ᠴᠡᠭ᠌ᠴᠡᠯᠡᠨ ᠰᠠᠢᠵᠢᠷᠠᠭᠤᠯᠬᠤ ᠲᠥᠰᠦᠯ᠎ᠢ ᠲᠣᠭ᠍ᠲᠠᠭᠠᠵᠤ᠂ 《ᠦᠨᠡᠨᠬᠦ᠌ ᠠᠳᠭᠤᠨ ᠪᠣᠳᠠᠲᠠᠶ ᠬᠢᠬᠦ — ᠦᠨᠡᠨᠬᠦ᠌ ᠬᠢᠵᠦ ᠪᠤᠳᠠᠳᠠᠢ ᠥᠭᠡᠷᠡᠴᠢᠯᠡᠬᠦ — ᠪᠠᠢᠩᠭᠤ ᠠᠳᠬᠤᠨ ᠣᠷᠳᠣ ᠬᠤᠭᠤᠴᠠᠭ᠎ᠠ᠎ᠪᠠᠷ ᠵᠠᠰᠠᠬᠤ》 ᠪᠢᠳᠡᠬᠦᠦ ᠴᠠᠭᠠᠷᠢᠭᠳᠤ ᠵᠠᠰᠠᠯᠲᠠ᠎ᠶ᠋ᠢᠨ ᠱᠢᠰᠲ᠋ᠧᠮ᠎ᠢ ᠡᠭᠦᠳᠴᠦ᠍᠂ ᠵᠠᠮ᠎ᠤᠨ ᠭᠠᠳᠠᠷᠭᠤ᠎ᠶ᠋ᠢ ᠰᠡᠯᠪᠢᠨ ᠵᠠᠰᠠᠬᠤ ᠠᠵᠢᠯ᠎ᠤᠨ ᠶᠠᠰᠤ ᠴᠢᠨᠠᠷ᠂ ᠲᠣᠭ᠎ᠠ ᠬᠡᠮᠵᠢᠶ᠎ᠡ᠎ᠶ᠋ᠢ ᠪᠠᠲᠤᠯᠠᠵᠤ᠂ 393 ᠡᠪᠳᠡᠭ᠌ᠳᠡᠭ᠌ᠰᠡᠨ ᠭᠠᠵᠠᠷ᠎ᠢ ᠵᠠᠰᠠᠵᠤ᠂ 2698.88 ᠲᠡᠭ᠌ᠰᠢ ᠳᠥᠷᠪᠡᠯᠵᠢᠨ ᠮᠸᠲ᠋ᠷ ᠡᠪᠳᠡᠭ᠌ᠳᠡᠭ᠌ᠰᠡᠨ ᠵᠠᠮ᠎ᠢ ᠵᠠᠰᠠᠵᠤ᠂ ᠵᠠᠰᠠᠬᠰᠠᠨ ᠨᠤᠷᠮ᠎ᠠ ᠨᠢ 100% ᠳ᠋ᠦ ᠬᠦᠷᠴᠡᠢ᠃ ᠬᠣᠲᠠ᠎ᠶ᠋ᠢᠨ ᠲᠣᠭᠣᠷᠢᠭ᠎ᠤᠨ 15.1 ᠲᠦᠮᠡᠨ ᠬᠥᠮᠦᠨ ᠠᠮᠠ ᠵᠢᠨ ᠵᠠᠮ ᠨᠡᠪᠲᠡᠷᠡᠯᠭᠡ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ 4.2 ᠲᠦᠮᠡᠨ ᠣᠯᠠᠨ ᠲᠦᠮᠡᠨ ᠪᠠ ᠪᠠᠭ᠍ᠰᠢ ᠰᠤᠷᠤᠭ᠍ᠴᠢᠳ᠎ᠤᠨ ᠶᠠᠪᠤᠵᠤ ᠰᠠᠭᠤᠬᠤ ᠠᠮᠤᠷ ᠲᠦᠪᠱᠢᠨ᠎ᠦ ᠬᠡᠮ ᠰᠣᠭᠣᠭ᠎ᠢ ᠱᠢᠶ᠋ᠳᠪᠦᠷᠢᠯᠡᠵᠦ᠍᠂ ᠠᠰᠠᠭᠤᠳᠠᠯ᠎ᠤᠨ ᠨᠠᠷᠢᠨ ᠲᠠᠩᠰᠠ᠎ᠶ᠋ᠢ ᠦᠨᠡᠨᠬᠦ᠌ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠪᠠ᠃
ᠪᠤᠭᠤᠲᠤ ᠬᠣᠲᠠ᠎ᠶ᠋ᠢᠨ ᠳ᠋ᠦᠩ ᠾᠧ ᠲᠣᠭᠣᠷᠢᠭ 《ᠪᠠᠷᠢᠨ ᠬᠡᠷᠡᠭ᠌ᠵᠢᠭᠦᠯᠵᠦ᠍ ᠪᠠᠷᠢᠨ ᠴᠡᠭᠴᠡᠯᠡᠨ ᠰᠠᠢᠵᠢᠷᠠᠭᠤᠯᠬᠤ 》 ᠶ᠋ᠢ ᠰᠤᠷᠤᠯᠴᠠᠬᠤ ᠪᠠᠢᠴᠠᠭᠠᠬᠤ ᠥᠭᠡᠷᠡᠴᠢᠯᠡᠬᠦ᠌ ᠨᠡᠪᠲᠡᠷᠡᠭᠦᠯᠬᠦ᠌ ᠠᠭᠤᠰᠤᠯᠴᠠᠭᠤᠯᠬᠤᠵᠠᠩᠭᠢᠯᠠᠭᠠᠶ᠋ᠢᠨ ᠭᠠᠷᠳᠠᠴᠠ ᠪᠣᠯᠭᠠᠵᠤ᠂ 《ᠳᠠᠷᠤᠢᠬᠠᠨ ᠭᠦᠶ᠋ᠴᠡᠳᠭᠡᠬᠦ᠌᠂ ᠰᠠᠢᠲᠤᠷ ᠬᠦᠢᠴᠡᠳᠭᠡᠬᠦ》ᠢᠯᠡ ᠲᠣᠳᠣ ᠣᠪᠣᠷ᠎ᠢᠶᠠᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠪᠠ᠃ ᠪᠥᠬᠥ᠌ ᠣᠷᠣᠨ᠎ᠤ ᠡᠮᠬᠢᠯᠡᠨ ᠰᠢᠯᠤᠭᠤᠳᠬᠠᠭᠰᠠᠨ114 ᠵᠦᠶ᠋ᠯ᠎ᠦᠨ ᠪᠠᠷᠢᠨ ᠬᠡᠷᠡᠭ᠌ᠵᠢᠭᠦᠯᠵᠦ᠍ ᠪᠠᠷᠢᠨ ᠦᠭᠡᠷᠡᠴᠢᠯᠡᠬᠦ ᠠᠰᠠᠭᠤᠳᠠᠯ᠎ᠤᠨ ᠳᠣᠲᠣᠷ᠎ᠠ᠂ 96 ᠵᠦᠶ᠋ᠯ᠎ᠢ᠎ᠨᠢ ᠨᠢᠭᠡᠨᠲᠡ ᠥᠨᠳᠥᠷ ᠪᠦᠲᠦᠮᠵᠢᠲᠡᠶ ᠱᠢᠶ᠋ᠳᠪᠦᠷᠢᠯᠡᠨ ᠳᠠᠭᠤᠰᠭᠠᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠪᠡᠶᠡᠯᠡᠭᠦᠯᠦᠭ᠌ᠰᠡᠨ ᠨᠣᠷᠮ᠎ᠠ᠎ᠨᠢ 84% ᠶ᠋ᠢ ᠳᠠᠪᠠᠵᠤ᠂ ᠨᠡᠢᠲᠡ 8000 ᠭᠠᠷᠤᠶ ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ 《ᠴᠡᠭ᠌ᠴᠡᠯᠡᠨ ᠰᠠᠢᠵᠢᠷᠠᠭᠤᠯᠬᠤ ᠬᠤᠷᠳᠤᠴᠠ》 ᠪᠠᠷ 《ᠠᠷᠠᠳ᠎ᠤᠨ ᠠᠮᠢᠳᠤᠷᠠᠯ᠎ᠤᠨ ᠬᠠᠨᠤᠮᠵᠢ᠎ᠶ᠋ᠢᠨ ᠬᠡᠮᠵᠢᠶ᠎ᠡ》 ᠶ᠋ᠢ ᠦᠨᠡᠨᠬᠦ᠌ ᠳᠡᠭᠡᠭ᠌ᠰᠢᠯᠡᠭᠦᠯᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠠᠷᠢᠨ ᠢᠯᠡᠷᠡᠬᠦᠯᠵᠦ ᠪᠠᠷᠢᠨ ᠰᠠᠢᠵᠢᠷᠠᠭᠤᠯᠬᠤ᠂ ᠦᠨᠡᠨᠬᠦ᠌ ᠠᠳᠭᠤᠨ ᠪᠣᠳᠠᠲᠠᠶ ᠠᠵᠢᠯᠯᠠᠬᠤ ᠳᠤᠮᠳᠠ ᠣᠯᠠᠨ ᠲᠦᠮᠡᠨ᠎ᠳᠦ ᠦᠶ᠋ᠯᠡᠴᠢᠯᠡᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠃ ᠳ᠋ᠦᠩ ᠾᠧ ᠲᠣᠭᠣᠷᠢᠭ᠎ᠤᠨ ᠼᠠᠢ ᠱᠧᠨ ᠮᠢᠶᠣᠣ ᠵᠡᠭᠡᠯᠢ ᠭᠤᠳᠤᠮᠵᠢ᠎ᠶ᠋ᠢᠨ ᠠᠷᠠᠳ᠎ᠤᠨ ᠪᠠᠢᠳᠠᠯ᠎ᠢ ᠤᠢᠯᠠᠭᠠᠬᠤ ᠳᠤᠭᠤᠢᠯᠠᠩ ᠦᠷᠭᠦᠯᠵᠢ ᠠᠭᠤᠳᠠᠮ ᠲᠠᠯᠠᠪᠠᠢ᠎ᠳᠤ ᠬᠤᠷᠠᠯ ᠬᠢᠵᠦ᠍᠂ ᠡᠷᠦᠬᠡ᠎ᠳᠦ ᠣᠷᠣᠵᠤ ᠪᠠᠢᠳᠠᠯ᠎ᠢ ᠤᠢᠯᠠᠭᠠᠬᠤ ᠳᠤᠮᠳᠠ ᠣᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠴᠤᠭ᠍ᠯᠠᠭᠤᠯᠳᠠᠭ᠃ ᠰᠠᠭᠤᠭᠠᠯᠢ ᠠᠷᠠᠳ ᠵᠠᠩ ᠠᠨᠢᠶ᠎ᠠ᠄ 《ᠨᠠᠢᠳᠠ ᠵᠢᠨ ᠮᠠᠰᠢᠨ ᠲᠡᠷᠭᠡᠨ᠎ᠤ ᠵᠤᠭᠰᠤᠭᠠᠯ ᠰᠠᠭᠤᠭᠠᠯᠢ ᠠᠷᠠᠳ᠎ᠤᠨ ᠲᠣᠭᠣᠷᠢᠭ᠎ᠠᠴᠠ 1.5 ᠺᠢᠯᠣᠮᠧᠲ᠋ᠷ ᠵᠠᠢᠲᠠᠶ᠂ ᠢᠳᠡᠰᠢᠨ ᠨᠣᠭᠣᠭ᠎ᠠ᠎ᠪᠠᠨ ᠳᠡᠭᠦᠵᠢᠯᠡᠭᠡᠳ ᠨᠠᠭᠠᠰᠢ ᠴᠠᠭᠠᠰᠢ ᠶᠠᠪᠤᠬᠤ ᠳ᠋ᠤ ᠮᠠᠰᠢ ᠵᠦᠳᠡᠷᠡᠯᠳᠡᠢ》 ᠬᠡᠯᠡ᠃ ᠠᠷᠠᠳ᠎ᠤᠨ ᠪᠠᠢᠳᠠᠯ᠎ᠢ ᠤᠢᠯᠠᠭᠠᠬᠤ ᠲᠤᠭᠤᠢᠯᠠᠩ 《ᠨᠡᠢᠲᠡ᠎ᠶ᠋ᠢᠨ ᠮᠠᠱᠢᠨ ᠲᠡᠷᠭᠡ ᠳᠥᠭᠥᠮ ᠦᠭᠡᠢ》 ᠪᠠᠢᠬᠤ᠎ᠶ᠋ᠢ ᠭᠣᠣᠯᠳᠠᠯᠭ᠎ᠠ᠎ᠲᠠᠶ ᠠᠰᠠᠭᠤᠳᠠᠯ ᠪᠣᠯᠭᠠᠵᠤ ᠵᠡᠭᠡᠯᠢ ᠭᠤᠳᠤᠮᠵᠢ ᠵᠢᠨ ᠭᠡᠷᠡᠭ ᠡᠷᠬᠢᠯᠡᠬᠦ ᠭᠠᠵᠠᠷ ᠲᠸ᠋ ᠮᠡᠳᠡᠭᠦᠯᠪᠡ᠃ ᠵᠡᠭᠡᠯᠢ ᠭᠤᠳᠤᠮᠵᠢ᠎ᠶ᠋ᠢᠨ ᠭᠡᠷᠡᠭ ᠡᠷᠬᠢᠯᠡᠬᠦ ᠭᠠᠵᠠᠷ ᠨᠡᠢᠲᠡ᠎ᠶ᠋ᠢᠨ ᠵᠠᠮ ᠬᠠᠷᠢᠯᠴᠠᠭᠠᠨ᠎ᠤ ᠺᠣᠮᠫᠠᠨᠢ ᠵᠢᠨ ᠲᠤᠰᠬᠠᠢ ᠮᠡᠷᠭᠡᠵᠢᠯᠲᠡᠨ ᠲᠠᠢ ᠬᠠᠮᠳᠤᠷᠠᠵᠤ᠂ ᠳᠠᠬᠢᠨ ᠳᠠᠪᠲᠠᠨ ᠰᠤᠳᠤᠯᠤᠨ ᠶᠠᠷᠢᠯᠴᠠᠬᠤ ᠪᠠ ᠣᠯᠠᠨ ᠤᠳᠠᠭ᠎ᠠ ᠲᠤᠬᠠᠶ᠎ᠶ᠋ᠢᠨ ᠭᠠᠵᠠᠷ᠎ᠲᠤᠨᠢ ᠪᠠᠢᠴᠠᠭᠠᠬᠤ ᠪᠡᠷ ᠲᠠᠮᠵᠢᠨ 《37 ᠳ᠋ᠤᠭᠠᠷ ᠨᠡᠢᠳᠡ ᠵᠢᠨ ᠮᠠᠰᠢᠨ ᠲᠡᠷᠭᠡᠨ᠎ᠤ ᠵᠠᠮ ᠱᠤᠭᠤᠮ᠎ᠢ ᠦᠭᠡᠷᠡᠴᠢᠯᠡᠵᠤ᠂ ᠳᠠᠬᠢᠨ ᠵᠢᠭᠤᠯᠴᠢᠯᠠᠯ᠎ᠤᠨ ᠲᠤᠰᠭᠠᠶ ᠱᠤᠭᠤᠮ ᠭᠠᠷᠭᠠᠬᠤ》 ᠲᠥᠰᠦᠯ᠎ᠢ ᠲᠤᠭᠳᠠᠭᠠᠨ᠂ ᠬᠣᠶᠠᠷᠬᠠᠨ ᠭᠠᠷᠠᠭ᠎ᠤᠨ ᠲᠤᠳᠤᠷ᠎ᠠ ᠵᠠᠮ ᠱᠤᠭᠤᠮ᠎ᠢ ᠱᠢᠯᠢᠳᠡᠭ᠌ᠵᠢᠭᠦᠯᠪᠡ᠃ ᠤᠳᠤ ᠪᠤᠯᠬᠤ ᠳ᠋ᠦ᠂ ᠱᠢᠨ᠎ᠡ᠎ᠪᠡᠷ ᠨᠡᠮᠡᠭ᠌ᠳᠡᠭ᠌ᠰᠡᠨ ᠨᠡᠢᠲᠡ᠎ᠶ᠋ᠢᠨ ᠮᠠᠱᠢᠨ ᠲᠡᠷᠭᠡᠨ᠎ᠦ ᠱᠤᠭᠤᠮ᠎ᠤᠨ ᠡᠳᠦᠷ ᠳᠤᠮᠳᠠᠴᠢ᠎ᠶ᠋ᠢᠨ ᠠᠶᠠᠨᠴᠢᠳ᠎ᠤᠨ ᠲᠣᠭ᠎ᠠ ᠳᠠᠬᠢᠨ᠎ᠢᠶᠠᠷ ᠨᠡᠮᠡᠭ᠌ᠳᠡᠵᠦ᠍᠂ ᠲᠡᠦᠬᠡ ᠰᠣᠶᠣᠯ᠎ᠤᠨ ᠵᠡᠭᠡᠯᠢ ᠲᠣᠭᠣᠷᠢᠭ᠎ᠲᠤ ᠴᠤ᠌ ᠠᠶᠠᠨᠴᠢᠳ᠎ᠤᠨ ᠤᠷᠤᠰᠭᠠᠯ ᠣᠷᠭᠢᠯ᠎ᠳᠠᠭᠠᠨ ᠲᠤᠯᠪᠠ᠃
ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤ ᠪᠣᠳᠠᠲᠠᠶ᠎ᠳᠤ ᠰᠠᠭᠤᠷᠢᠯᠠᠨ᠂ ᠰᠤᠷᠤᠯᠴᠠᠯᠭ᠎ᠠ ᠬᠥᠮᠦᠵᠢᠯ᠎ᠦᠨ ᠶᠠᠪᠤᠴᠠ᠎ᠳᠠᠬᠢ ᠲᠦᠭ᠌ᠵᠢᠷᠡᠯ ᠪᠠ ᠬᠦᠴᠢᠷᠳᠡᠯ ᠳ᠋ᠦ ᠤᠨᠤᠪᠴᠢᠲᠠᠢ ᠪᠠᠢᠷᠢ ᠲᠤᠬᠳᠠᠭᠠᠯᠲᠠ ᠬᠢᠵᠦ᠂ ᠣᠯᠠᠨ ᠲᠠᠯ᠎ᠠ᠎ᠪᠠᠷ ᠰᠤᠷᠤᠯᠴᠠᠯᠭ᠎ᠠ ᠬᠥᠮᠦᠵᠢᠯ᠎ᠦᠨ ᠠᠰᠠᠭᠤᠳᠠᠯ᠎ᠢ ᠪᠠᠢᠴᠠᠭᠠᠨ ᠳᠡᠯᠭᠡᠬᠦ᠌ ᠠᠵᠢᠯᠯᠠᠭ᠎ᠠ ᠥᠷᠨᠢᠭᠦᠯᠵᠦ᠍᠂ ᠰᠤᠷᠤᠯᠴᠠᠯᠭ᠎ᠠ ᠬᠥᠮᠦᠵᠢᠯ᠎ᠦᠨ ᠶᠠᠰᠤ ᠴᠢᠨᠠᠷ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠰᠤᠷᠲᠠᠯ᠎ᠤᠨ ᠪᠠᠢᠴᠠᠭᠠᠯᠲᠠ》 ᠵᠢ ᠭᠦᠨᠵᠡᠭᠡᠢ ᠥᠷᠨᠢᠭᠦᠯᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠲᠡᠶ ᠨᠠᠷᠢᠨ ᠬᠠᠷᠭᠤᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠲᠠᠶ ᠬᠠᠷᠭᠤᠭᠤᠯᠵᠤ᠂ 2 ᠠᠰᠠᠭᠤᠳᠠᠯ᠎ᠤᠨ ᠨᠠᠷᠢᠨ ᠲᠠᠩᠰᠠ᠎ᠲᠠᠶ ᠬᠠᠷᠭᠤᠭᠤᠯᠵᠤ᠂ 《7 + 3》 ᠵᠢᠨ ᠠᠷᠭ᠎ᠠ ᠵᠠᠮ᠎ᠢ ᠰᠠᠢᠲᠤᠷ ᠬᠡᠷᠡᠭ᠌ᠯᠡᠵᠦ᠍᠂ ᠭᠣᠣᠯ ᠠᠵᠢᠯ᠎ᠤᠨ ᠨᠠᠷᠢᠨ ᠲᠠᠩᠰᠠ ᠳᠡᠭᠡᠷᠡᠬᠢ ᠠᠰᠠᠭᠤᠳᠠᠯ᠎ᠢ ᠨᠢᠭᠡᠳ ᠨᠢᠭᠡ᠎ᠪᠡᠷ 《ᠱᠢᠭ᠌ᠰᠢᠨ ᠪᠠᠢᠴᠠᠭᠠᠬᠤ》 ᠳ᠋ᠤ ᠠᠩᠬᠠᠷᠤᠯ ᠵᠢᠡᠨ ᠲᠦᠪᠯᠡᠷᠡᠬᠦᠯᠵᠦ᠂ ᠪᠦᠬᠦ᠌ ᠲᠠᠯ᠎ᠠ᠎ᠪᠠᠷ ᠠᠰᠠᠭᠤᠳᠠᠯ᠎ᠢ ᠲᠤᠢᠯᠪᠤᠷᠢᠲᠠᠢ ᠪᠠᠢᠴᠠᠭᠠᠪᠠ᠃ 《ᠣᠳᠣᠬᠠᠨ᠎ᠳᠤ ᠰᠠᠢᠵᠢᠷᠠᠭᠤᠯᠬᠤ》 ᠪᠠ 《ᠣᠷᠳᠣ ᠬᠤᠭᠤᠴᠠᠭ᠎ᠠ᠎ᠪᠠᠷ ᠪᠠᠢᠭᠤᠯᠬᠤ》 ᠶ᠋ᠢ ᠤᠶᠠᠯᠳᠤᠭᠤᠯᠵᠤ᠂ ᠠᠰᠠᠭᠤᠳᠠᠯ᠎ᠢ 《ᠱᠠᠲᠤ ᠬᠤᠪᠢᠶᠠᠨ ᠰᠢᠢᠳᠪᠦᠷᠢᠯᠡᠬᠦ》 ᠬᠠᠮᠢᠶᠠᠷᠤᠯᠲᠠ᠎ᠶ᠋ᠢ ᠬᠡᠷᠡᠭ᠌ᠵᠢᠭᠦᠯᠪᠡ᠃ ᠳᠦᠷᠢᠮ ᠲᠣᠭ᠍ᠲᠠᠴᠠ᠎ᠶ᠋ᠢᠨ ᠲᠠᠯ᠎ᠠ᠎ᠠᠴᠠ ᠱᠢᠯᠲᠠᠭᠠᠨ᠎ᠢ ᠡᠷᠢᠬᠦ᠌᠎ᠶ᠋ᠢ ᠴᠢᠬᠤᠯᠠᠴᠢᠯᠠᠵᠤ᠂ ᠳᠤᠲᠠᠭᠤᠳᠠᠯ᠎ᠢᠶᠠᠨ ᠴᠠᠭ ᠲᠤᠬᠠᠢᠳᠤᠨᠢ ᠨᠥᠬᠥᠪᠥᠷᠢᠯᠡᠵᠦ᠍᠂ 900 ᠭᠠᠷᠤᠢ ᠵᠦᠢᠯ᠎ᠦᠨ ᠲᠦᠷᠢᠮ ᠲᠤᠭᠳᠠᠭᠠᠯ᠎ᠢ ᠰᠢᠯᠤᠭᠤᠳᠬᠠᠵᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ᠂ ᠲᠣᠰᠭᠣᠨ᠎ᠳᠤ ᠰᠠᠭᠤᠭ᠎ᠠ ᠺᠠᠳ᠋ᠷ᠎ᠤᠨ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ 121ᠵᠦᠢᠯ᠎ᠦᠨ ᠳᠦᠷᠢᠮ᠎ᠳᠦ ᠵᠠᠰᠠᠪᠤᠷᠢ ᠣᠷᠣᠭᠤᠯᠵᠤ᠂ ᠰᠤᠷᠲᠠᠯ᠎ᠤᠨ ᠪᠠᠢᠭᠤᠯᠤᠯᠲᠠ ᠳ᠋ᠤ ᠲᠦᠷᠢᠮ ᠲᠤᠭᠳᠠᠭᠠᠯ᠎ᠤᠨ ᠪᠠᠳᠤᠯᠠᠭ᠎ᠠ ᠬᠠᠩᠭᠠᠪᠠ᠃