《 ᠮᠠᠨ᠎ᠤ ᠲᠣᠰᠭᠣᠨ ᠬᠤᠪᠢ ᠬᠤᠷᠠᠮᠳᠤᠭᠤᠯᠪᠠᠯ ᠵᠣᠭᠣᠰ ᠪᠣᠯᠭᠠᠨ ᠵᠠᠷᠤᠵᠤ ᠪᠣᠯᠤᠨ᠎ᠠ ᠂ ᠲᠣᠰᠭᠣᠨ᠎ᠤ ᠠᠷᠠᠳ ᠬᠤᠪᠢ ᠬᠤᠷᠠᠮᠳᠤᠭᠤᠯᠵᠤ ᠦᠨᠡᠯᠡᠨ ᠲᠣᠭ᠍ᠲᠠᠭᠠᠬᠤ ᠪᠠᠷᠢᠮᠵᠢᠶ᠎ᠠ ᠶᠣᠰᠣᠭᠠᠷ ᠥᠪᠡᠷ᠎ᠦᠨ ᠦᠶ᠋ᠯᠡ ᠠᠵᠢᠯᠯᠠᠭ᠎ᠠ ᠪᠠᠨ ᠵᠢᠷᠤᠮᠵᠢᠭᠤᠯᠪᠠᠯ ᠳᠠᠷᠤᠶ ᠬᠤᠪᠢ ᠬᠤᠷᠠᠮᠳᠤᠭᠤᠯᠵᠤ᠂ ᠲᠣᠰᠭᠣᠨ ᠤ ᠪᠣᠯᠪᠠᠰᠤᠨ ᠪᠦᠯᠬᠦᠮᠳᠡᠯ ᠬᠡᠲᠦ ᠳᠡᠯᠭᠡᠭᠦᠷ ᠲᠦ ᠬᠦᠷᠴᠦ᠍ ᠠᠮᠢᠳᠤᠷᠠᠯ᠎ᠤᠨ ᠬᠡᠷᠡᠭ᠌ᠰᠡᠯ ᠢᠶᠡᠨ ᠰᠣᠯᠢᠵᠤ ᠪᠣᠯᠤᠨ᠎ᠠ》᠃ ᠣᠢᠷ᠎ᠠ᠎ᠳᠤ᠂ ᠤᠯᠠᠭᠠᠨᠬᠠᠳᠠ ᠬᠣᠲᠠ᠎ᠶ᠋ᠢᠨ ᠯᠢᠨᠰᠢ ᠱᠢᠶᠠᠨ᠎ᠤ ᠳ᠋ᠠ ᠵᠢᠩ ᠪᠠᠯᠭᠠᠰᠤᠨ᠎ᠤ ᠵᠥᠩ ᠱᠢᠩ ᠲᠣᠰᠭᠣᠨ᠎ᠤ ᠨᠠᠮ᠎ᠤᠨ ᠶᠡᠷᠦᠩᠬᠡᠶ ᠡᠭᠦᠷ᠎ᠦᠨ ᠱᠦᠵᠢ ᠴᠢᠦᠶ ᠱᠤ᠌ ᠵᠢᠶᠦ᠋ᠨ ᠢᠩᠭᠢᠵᠤ ᠬᠡᠯᠡᠪᠡ᠃
ᠴᠢᠦᠶ ᠱᠤ᠌ ᠵᠢᠶᠦ᠋ᠨ᠎ᠦ ᠬᠡᠯᠡᠭ᠌ᠰᠡᠨ 《ᠬᠤᠪᠢ ᠬᠤᠷᠠᠮᠳᠤᠭᠤᠯᠵᠤ ᠵᠣᠭᠣᠰ ᠪᠤᠯᠭᠠᠨ ᠵᠠᠷᠤᠬᠤ》 ᠭᠡᠳᠡᠭ ᠨᠢ ᠳᠠᠷᠤᠶ ᠳ᠋ᠠ ᠵᠢᠩ ᠪᠠᠯᠭᠠᠰᠤᠨ᠎ᠤ 《ᠦᠨᠡᠨᠴᠢ ᠢᠲᠡᠭᠡᠮᠵᠢ᠎ᠶ᠋ᠢᠨ ᠬᠤᠪᠢ ᠬᠤᠷᠠᠮᠳᠤᠭᠤᠯᠬᠤ ᠲᠦᠷᠢᠮ》 ᠵᠢᠡᠷ ᠦᠨᠳᠦᠰᠦᠨ ᠱᠠᠲᠤᠨ᠎ᠤ ᠵᠠᠰᠠᠯᠲᠠ᠎ᠶ᠋ᠢ ᠠᠬᠢᠭᠤᠯᠵᠤ ᠪᠠᠢᠭ᠎ᠠ ᠪᠣᠳᠠᠲᠠᠶ ᠢᠯᠡᠷᠡᠯ ᠪᠣᠯᠤᠨ᠎ᠠ᠃ ᠯᠢᠨᠰᠢ ᠱᠢᠶᠠᠨ ᠤ ᠳ᠋ᠠ ᠵᠢᠩ ᠪᠠᠯᠭᠠᠰᠤ 《ᠰᠠᠬᠢᠯᠭ᠎ᠠ ᠪᠠᠲᠤ᠎ᠶ᠋ᠢ ᠵᠢᠷᠤᠮᠯᠠᠨ ᠬᠠᠤᠯᠢ ᠴᠠᠭᠠᠵᠠ᠎ᠶ᠋ᠢ ᠰᠠᠬᠢᠬᠤ᠂ ᠦᠨᠡᠨᠴᠢ ᠢᠲᠡᠭᠡᠮᠵᠢᠲᠡᠢ ᠪᠠᠢᠬᠤ᠂ ᠨᠠᠰᠤᠲᠠᠨ᠎ᠢᠶᠠᠨ ᠠᠴᠢᠯᠠᠵᠤ ᠲᠦᠷᠦᠯ ᠰᠠᠳᠤᠨ᠎ᠢᠶᠠᠨ ᠬᠠᠢᠷᠠᠯᠠᠬᠤ᠂ ᠬᠥᠷᠰᠢ ᠵᠡᠷᠭᠡᠯᠡᠳᠡᠭᠡ᠎ᠪᠡᠷ᠎ᠢᠶᠡᠨ ᠬᠠᠷᠢᠯᠴᠠᠨ ᠬᠠᠪᠰᠤᠷᠤᠯᠴᠠᠬᠤ᠂ ᠰᠠᠢ᠌ᠨ ᠳᠤᠷ᠎ᠠ᠎ᠶ᠋ᠢᠨ ᠦᠢᠯᠡᠴᠢᠯᠡᠭᠡ ᠬᠢᠬᠦ᠌᠂ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠂ ᠠᠵᠢᠯᠴᠢ ᠬᠥᠳᠡᠯᠮᠦᠷᠢᠴᠢ ᠪᠡᠷ ᠪᠠᠶᠠᠵᠢᠬᠤ 》 ᠵᠡᠷᠭᠡ ᠠᠭᠤᠯᠭ᠎ᠠ᠎ᠶ᠋ᠢ ᠪᠠᠭ᠍ᠲᠠᠭᠠᠭ᠍ᠰᠠᠨ ᠬᠤᠪᠢ ᠬᠤᠷᠠᠮᠳᠤᠭᠤᠯᠵᠤ ᠦᠨᠡᠯᠡᠨ ᠲᠣᠭ᠍ᠲᠠᠭᠠᠬᠤ ᠪᠠᠷᠢᠮᠵᠢᠶ᠎ᠠ᠎ᠶ᠋ᠢ ᠲᠣᠭ᠍ᠲᠠᠭᠠᠬᠤ᠎ᠪᠠᠷ ᠳᠠᠮᠵᠢᠨ᠂ ᠦᠨᠡᠨᠴᠢ ᠢᠲᠡᠭᠡᠮᠵᠢ᠎ᠶ᠋ᠢᠨ ᠭᠡᠷᠡᠯ ᠭᠢᠯᠪᠠᠭ᠎ᠠ᠎ᠶ᠋ᠢ ᠳ᠋ᠠ ᠵᠢᠩ ᠪᠠᠯᠭᠠᠰᠤᠨ᠎ᠤ ᠥᠨᠴᠥᠭ ᠪᠤᠯᠤᠩ ᠪᠦᠬᠦᠨ᠎ᠳᠦ ᠰᠠᠴᠤᠷᠠᠭᠤᠯᠪᠠ᠃
ᠬᠤᠪᠢ ᠬᠤᠷᠠᠮᠳᠤᠭᠤᠯᠬᠤ ᠲᠦᠷᠢᠮ ᠳ᠋ᠤ ᠲᠣᠰᠭᠣᠨ᠎ᠤ ᠬᠣᠶᠠᠷ ᠵᠥᠪᠯᠡᠯ᠎ᠦᠨ ᠺᠠᠳ᠋ᠷ᠂ ᠨᠠᠮ᠎ᠤᠨ ᠭᠡᠱᠢᠭᠦᠨ ᠦ ᠲᠥᠯᠥᠭᠡᠯᠡᠭ᠌ᠴᠢ ᠵᠢᠴᠢ ᠲᠣᠰᠭᠣᠨ ᠤ ᠠᠷᠠᠳ᠎ᠤᠨ ᠲᠥᠯᠥᠭᠡᠯᠡᠭ᠌ᠴᠢ ᠬᠠᠮᠲᠤ᠎ᠪᠠᠷ ᠪᠦᠷᠢᠯᠳᠦᠭ᠌ᠰᠡᠨ ᠬᠢᠨᠠᠯᠲᠠ ᠲᠠᠯᠪᠢᠬᠤ ᠵᠥᠪᠯᠡᠯ ᠡᠴᠡ ᠬᠢᠨᠠᠯᠲᠠ ᠲᠠᠯᠪᠢᠵᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠤᠷᠪᠤᠯᠵᠢᠯᠠᠬᠤ᠂ ᠬᠥᠷᠰᠢ ᠵᠡᠷᠭᠡᠯᠡᠳᠡᠭᠡ᠎ᠪᠡᠷ᠎ᠢᠶᠡᠨ ᠦᠨᠡᠯᠡᠯᠲᠡ ᠬᠢᠬᠦ᠌᠂ ᠲᠣᠣᠷᠵᠢᠭᠤᠯᠤᠯᠳᠠ ᠵᠢᠨ ᠠᠵᠢᠯᠳᠠᠨ ᠤ ᠲᠡᠮᠳᠡᠭ᠌ᠯᠡᠯ ᠬᠢᠬᠦ᠌ ᠵᠡᠷᠭᠡ ᠤᠯᠠᠨ ᠠᠷᠭ᠎ᠠ ᠵᠠᠮ᠎ᠢᠶᠠᠷ ᠮᠡᠳᠡᠭᠡ ᠵᠠᠩᠭᠢ ᠴᠤᠭ᠍ᠯᠠᠭᠤᠯᠵᠤ᠂ ᠬᠤᠷᠠᠮᠳᠤᠯ ᠬᠤᠪᠢ ᠪᠦᠷᠢ ᠴᠥᠮ ᠲᠤᠩᠭᠠᠨ ᠪᠤᠳᠤᠬᠤ᠎ᠶ᠋ᠢ ᠳᠠᠭᠠᠭᠠᠬᠤ᠎ᠶ᠋ᠢ ᠦᠨᠡᠨ ᠬᠦ᠌ ᠪᠠᠲᠤᠯᠠᠪᠠ᠃ ᠡᠨᠳᠡ᠂ ᠬᠤᠪᠢ ᠬᠤᠷᠠᠮᠳᠤᠭᠤᠯᠬᠤ ᠨᠢ ᠬᠤᠷᠢᠶᠠᠵᠤ ᠲᠠᠯᠪᠢᠭ᠍ᠰᠠᠨ ᠲᠣᠭ᠎ᠠ ᠯᠡ ᠲᠡᠳᠦᠢ ᠪᠢᠰᠢ᠂ ᠬᠠᠷᠢᠨ ᠲᠣᠰᠭᠣᠨ᠎ᠤ ᠠᠷᠠᠳ᠎ᠤᠨ ᠲᠤᠰ ᠪᠡᠶ᠎ᠡ᠎ᠶ᠋ᠢᠨ ᠠᠱᠢᠭ ᠲᠤᠰᠠᠲᠠᠶ ᠨᠢᠭ᠍ᠲᠠ ᠬᠣᠯᠪᠣᠭ᠍ᠳᠠᠭ᠍ᠰᠠᠨ 《ᠬᠠᠲᠠᠭᠤ ᠵᠣᠭᠣᠰ》 ᠪᠣᠯᠤᠨ᠎ᠠ᠃
《ᠡᠨᠡ ᠰᠠᠷ᠎ᠠ ᠪᠢ 20 ᠦᠨᠡᠨᠴᠢ ᠢᠲᠡᠭᠡᠮᠵᠢ᠎ᠶ᠋ᠢᠨ ᠬᠤᠪᠢ ᠣᠯᠵᠠᠢ᠂ ᠪᠢ ᠪᠠᠰᠠ ᠢᠯᠡᠭᠦᠦ ᠬᠤᠪᠢ ᠣᠯᠬᠤ᠎ᠪᠠᠷ ᠴᠢᠷᠮᠠᠢᠵᠤ᠂ ᠪᠣᠯᠪᠠᠰᠤᠨ ᠪᠦᠯᠬᠦᠮᠳᠡᠯ ᠦᠨ ᠬᠡᠲᠦ ᠳᠡᠯᠭᠡᠭᠦᠷ᠎ᠲᠦ ᠣᠴᠢᠵᠤ ᠲᠤᠲᠤᠷᠭ᠎ᠠ ᠰᠣᠯᠢᠨ᠎ᠠ 》 ᠭᠡᠵᠦ᠍ ᠵᠦᠩ ᠱᠢᠩ ᠲᠣᠰᠭᠣᠨ ᠤ ᠠᠷᠠᠳ ᠳ᠋ᠦᠩ ᠬᠠᠢ ᠴᠢᠩ ᠪᠠᠶᠠᠷᠲᠠᠢ ᠬᠡᠯᠡᠪᠡ᠃ ᠡᠢᠮᠦᠷᠬᠦᠦ ᠦᠨᠡᠨ ᠪᠣᠳᠠᠲᠠᠶ ᠵᠣᠷᠢᠭ᠍ᠵᠢᠭᠤᠯᠤᠯ ᠢᠶᠠᠷ ᠳᠠᠮᠵᠢᠭᠤᠯᠤᠨ᠂ ᠰᠠᠢᠨ ᠳᠤᠷ᠎ᠠ᠎ᠶ᠋ᠢᠨ ᠦᠢᠯᠡᠴᠢᠯᠡᠭᠡ ᠪᠠ ᠪᠣᠯᠪᠠᠰᠤᠨ ᠦᠢᠯᠡᠳᠦᠯᠭᠡ ᠶ᠋ᠢᠨ ᠠᠵᠢᠯᠯᠠᠭ᠎ᠠ ᠵᠡᠷᠭᠡ ᠢᠲᠡᠭᠡᠮᠵᠢ᠎ᠶ᠋ᠢᠨ ᠠᠵᠢᠯᠯᠠᠭ᠎ᠠ᠎ᠶ᠋ᠢ ᠲᠤᠢᠯ ᠤᠨ ᠶᠡᠬᠡ ᠪᠡᠷ ᠠᠬᠢᠭᠤᠯᠵᠤ᠂ 《ᠪᠠᠭ᠎ᠠ ᠬᠤᠷᠠᠮᠳᠤᠯ ᠬᠤᠪᠢ》 ᠪᠠᠷ 《ᠶᠡᠬᠡ ᠪᠣᠯᠪᠠᠰᠤᠨ》 ᠢ᠋ ᠢᠯᠡᠷᠡᠭᠦᠯᠪᠡ᠃
ᠦᠨᠡᠨᠴᠢ ᠢᠲᠡᠭᠡᠮᠵᠢ᠎ᠶ᠋ᠢᠨ ᠬᠤᠪᠢ ᠬᠤᠷᠠᠮᠳᠤᠭᠤᠯᠤᠭ᠍ᠰᠠᠨ ᠰᠠᠭᠤᠷᠢᠨ ᠳᠡᠭᠡᠷ᠎ᠡ᠂ ᠳ᠋ᠠ ᠵᠢᠩ ᠪᠠᠯᠭᠠᠰᠤ ᠪᠠᠰᠠ《ᠦᠯᠢᠭᠡᠷ ᠳᠠᠭᠤᠷᠢᠶᠠᠯ᠎ᠢᠶᠠᠷ ᠬᠥᠲᠥᠯᠥᠨ ᠳᠠᠭᠠᠭᠤᠯᠬᠤ 》 ᠢᠨᠵᠧᠨᠧᠷᠢᠩ᠎ᠢ ᠬᠦᠴᠦᠯᠡᠨ ᠪᠠᠢᠭᠤᠯᠵᠤ᠂ ᠦᠯᠢᠭᠡᠷ ᠳᠠᠭᠤᠷᠢᠶᠠᠯ ᠬᠥᠮᠦᠰ᠎ᠢ ᠵᠣᠬᠢᠶᠠᠨ ᠪᠠᠢᠭᠤᠯᠵᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ ᠶ᠋ᠢᠨ ᠭᠠᠵᠠᠷ (ᠥᠷᠲᠡᠭᠡ )᠂ ᠲᠠᠷᠢᠶᠠᠨ ᠵᠠᠬ᠎ᠠ᠂ ᠲᠠᠷᠢᠶᠠᠴᠢᠨ ᠠᠢᠯ᠎ᠤᠨ ᠬᠦᠷᠢᠶᠡᠨ᠎ᠳᠦ 《ᠦᠨᠡᠨᠴᠢ ᠢᠲᠡᠭᠡᠮᠵᠢ᠎ᠶ᠋ᠢᠨ ᠦᠯᠢᠭᠡᠷ᠎ᠢ ᠪᠢ ᠶᠠᠷᠢᠨ᠎ᠠ》ᠭᠡᠬᠦ᠌ ᠠᠵᠢᠯᠯᠠᠭ᠎ᠠ ᠥᠷᠨᠢᠭᠦᠯᠪᠡ᠃
《ᠨᠤᠲᠤᠭ᠎ᠤᠨ ᠠᠬ᠎ᠠ ᠳᠡᠭᠦᠦ᠍᠎ᠨᠡᠷ ᠡ᠂ ᠦᠨᠡᠨᠴᠢ ᠢᠲᠡᠭᠡᠮᠵᠢ ᠪᠣᠯ ᠡᠳᠦᠷ ᠲᠤᠳᠤᠮ᠎ᠤᠨ ᠠᠮᠢᠳᠤᠷᠠᠯ ᠪᠠ ᠠᠵᠢᠯ ᠳᠤᠮᠳᠠ ᠲᠤᠢᠯ᠎ᠤᠨ ᠴᠢᠬᠤᠯᠠ ᠶᠤᠮ᠂ ᠪᠢᠳᠡ ᠵᠢᠵᠢᠭ ᠰᠠᠵᠢᠭ ᠶᠠᠪᠤᠳᠠᠯ᠎ᠡᠴᠡ ᠡᠬᠢᠯᠡᠨ ᠬᠢᠵᠦ᠍᠂ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠣᠷᠣᠯᠴᠠᠭ᠍ᠴᠢ᠂ ᠬᠠᠮᠠᠭᠠᠯᠠᠭ᠍ᠴᠢ᠂ ᠦᠢᠯᠡᠳᠦᠯᠭᠡᠵᠢᠭᠦᠯᠦᠭ᠌ᠴᠢ ᠪᠣᠯᠬᠤ ᠪᠠᠷ ᠴᠢᠷᠮᠠᠢᠬᠤ ᠬᠡᠷᠡᠭ᠌ᠲᠡᠢ ᠁》 ᠳ᠋ᠠ ᠵᠢᠩ ᠪᠠᠯᠭᠠᠰᠤᠨ᠎ᠤ ᠾᠸᠢ ᠱᠠᠨ ᠳᠧᠦ ᠲᠣᠰᠭᠣᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠭᠠᠵᠠᠷ᠎ᠲᠤ ᠬᠦᠷᠬᠦ ᠳ᠋ᠤ᠂ 2024 ᠣᠨ᠎ᠳᠤ ᠦᠨᠡᠨᠴᠢ ᠢᠲᠡᠭᠡᠮᠵᠢᠲᠡᠢ 《ᠤᠯᠠᠭᠠᠨᠬᠠᠳᠠ᠎ᠶ᠋ᠢᠨ ᠰᠠᠢ᠌ᠨ ᠬᠥᠮᠦᠨ》 ᠭᠡᠬᠦ ᠢᠷᠡᠭᠤ ᠠᠯᠳᠠᠷ ᠬᠦᠷᠳᠡᠭ᠌ᠴᠢ ᠭᠦᠩ ᠶᠠᠨ ᠱᠧᠩ ᠶᠠᠭ ᠲᠣᠰᠭᠣᠨ᠎ᠤ ᠠᠷᠠᠳ᠎ᠲᠤ ᠦᠨᠡᠨᠴᠢ ᠢᠲᠡᠭᠡᠮᠵᠢ ᠵᠢᠨ ᠲᠤᠬᠠᠢ ᠤᠬᠠᠭᠤᠯᠤᠨ ᠲᠠᠢᠯᠪᠤᠷᠢᠯᠠᠵᠤ᠂ ᠦᠯᠢᠭᠡᠷ ᠳᠠᠭᠤᠷᠢᠶᠠᠯ ᠵᠢᠱ᠌ᠢᠢ᠎ᠡ ᠦᠵᠡᠭᠦᠯᠬᠦ᠌ ᠡᠴᠡ ᠬᠦᠴᠦᠷᠬᠡᠭ ᠶᠡᠬᠡ 《ᠨᠦᠯᠦᠭᠡᠯᠡᠭᠦ ᠬᠦᠴᠦᠨ》 ᠢᠯᠡᠷᠡᠵᠦ᠍᠂ ᠲᠡᠷᠢᠭᠦᠨ ᠦ ᠬᠢ ᠪᠣᠯᠬᠤ᠎ᠪᠠᠷ ᠴᠢᠷᠮᠠᠢᠵᠤ᠂ ᠶᠣᠰᠣ ᠵᠢᠷᠤᠮ᠎ᠢ ᠮᠡᠳᠡᠵᠤ ᠢᠲᠡᠭᠡᠯ ᠵᠢᠷᠤᠮ᠎ᠢ ᠰᠠᠬᠢᠬᠤ ᠨᠢ ᠡᠳᠦᠷ ᠢᠷᠡᠬᠦᠶ᠎ᠡ ᠲᠣᠰᠭᠣᠨ᠎ᠤ ᠠᠷᠠᠳ ᠤᠨ ᠤᠬᠠᠮᠰᠠᠷᠲᠤ ᠬᠥᠭᠡᠭᠡᠴᠡᠯᠳᠦᠯ ᠪᠠ ᠦᠷᠳᠡᠭ᠎ᠦᠨ ᠮᠡᠳᠡᠷᠡᠮᠵᠢ ᠪᠤᠯᠵᠤ ᠪᠠᠢᠨ᠎ᠠ᠃
ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠳᠤ ᠡᠴᠦᠰ ᠦᠨ ᠴᠡᠭ ᠭᠡᠵᠦ᠍ ᠪᠠᠢᠬᠤ ᠦᠭᠡᠢ᠂ ᠯᠢᠨᠰᠢ ᠱᠢᠶᠠᠨ ᠬᠤᠪᠢ ᠬᠤᠷᠠᠮᠳᠤᠭᠤᠯᠬᠤ ᠱᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠡᠷᠡᠭ᠌ᠯᠡᠭᠡᠨ᠎ᠦ ᠪᠠᠢᠳᠠᠯ᠎ᠢ ᠥᠷᠭᠡᠳᠭᠡᠵᠦ᠍᠂ ᠦᠨᠡᠨᠴᠢ ᠢᠲᠡᠭᠡᠮᠵᠢ᠎ᠶ᠋ᠢ ᠦᠨᠡᠨ ᠬᠦ᠌ ᠨᠤᠲᠤᠭ ᠤᠰᠤᠨ ᠤ᠋ ᠴᠢᠰᠤᠨ ᠰᠤᠳᠠᠯ᠎ᠳᠤ ᠠᠭᠤᠰᠤᠯᠴᠠᠭᠤᠯᠵᠤ ᠪᠠᠳᠤ ᠤᠯᠠᠮᠵᠢᠯᠠᠬᠤ ᠭᠧᠨ ᠪᠣᠯᠭᠠᠵᠤ ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠦᠲᠦᠭᠡᠨ ᠪᠠᠢᠭᠤᠯᠬᠤ᠎ᠳᠤ ᠨᠡᠩ ᠭᠦᠨ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠬᠦᠴᠦᠨ ᠨᠡᠮᠡᠷᠢᠯᠡᠬᠦ᠌ ᠪᠣᠯᠤᠨ᠎ᠠ᠃