ᠤᠯᠠᠭᠠᠨᠬᠠᠳᠠ ᠬᠣᠲᠠ ᠳᠥᠷᠪᠡᠳᠦᠭᠡᠷ ᠤᠳᠠᠭ᠎ᠠ ᠵᠢᠨ ᠨᠡᠢᠳᠡᠮ ᠪᠠᠢᠴᠠᠭᠠᠯᠲᠠ ᠳ᠋ᠦ 269 ᠪᠠᠭᠤᠷᠢ ᠵᠢ ᠢᠯᠡᠷᠡᠬᠦᠯᠵᠡᠢ
2025-06-27 11:05:51
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠣᠲᠠ ᠪᠤᠯ ᠲᠡᠥᠬᠡ ᠶ᠋ᠢᠨ ᠭᠦᠨ ᠵᠤᠵᠠᠭᠠᠨ ᠰᠠᠭᠤᠷᠢ ᠲᠠᠶ ᠬᠤᠳᠠ ᠪᠠᠢᠵᠦ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠪᠠ ᠬᠠᠭᠤᠴᠢ ᠪᠠᠭᠤᠷᠢ ᠵᠡᠷᠭᠡ ᠡᠬᠢ ᠪᠠᠶᠠᠯᠢᠭ ᠵᠢᠡᠷ ᠡᠯᠪᠡᠭ ᠪᠠᠢᠳᠠᠭ ᠶᠤᠮ᠃ ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠣᠳᠣᠬᠠᠨ ᠪᠣᠯᠲᠠᠯ᠎ᠠ ᠤᠯᠠᠭᠠᠨᠬᠠᠳᠠ ᠬᠣᠲᠠ ᠳᠥᠷᠪᠡᠳᠦᠭᠡᠷ ᠤᠳᠠᠭ᠎ᠠ ᠵᠢᠨ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠳ᠋ᠦ ᠭᠤᠷᠪᠠᠳᠤᠭᠠᠷ ᠤᠳᠠᠭ᠎ᠠ ᠵᠢᠨ ᠨᠡᠢᠳᠡᠮ ᠪᠠᠢᠴᠠᠭᠠᠯᠳᠠ ᠳ᠋ᠦ ᠪᠠᠢᠴᠠᠭᠠᠵᠦ ᠳᠠᠩᠰᠠᠯᠠᠭᠰᠠᠨ 7340 ᠱᠢᠯᠵᠢᠭᠦᠯᠵᠦ᠍ ᠦᠯᠦ ᠪᠤᠯᠬᠤ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠪᠦᠬᠦᠨ ᠢ᠋ ᠳᠠᠬᠢᠨ ᠪᠠᠢᠴᠠᠭᠠᠵᠤ ᠳᠠᠭᠤᠰᠭᠠᠭᠰᠠᠨ ᠪᠦᠬᠡᠳ ᠪᠠᠰᠠ 269 ᠦᠯᠡᠳᠡᠭ᠌ᠳᠡᠯ ᠪᠠᠭᠤᠷᠢ (ᠣᠷᠳᠣ ᠴᠠᠭᠠᠨ ᠬᠡᠷᠡᠮ ᠪᠠᠭ᠍ᠲᠠᠬᠤ ᠥᠬᠡᠶ) ᠵᠢ ᠱᠢᠨ᠎ᠡ ᠪᠡᠷ ᠢᠯᠡᠷᠡᠭᠦᠯᠪᠠ᠃

ᠭᠤᠷᠪᠠᠳᠤᠭᠠᠷ ᠤᠳᠠᠭ᠎ᠠ ᠵᠢᠨ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢ ᠦᠨᠳᠦᠰᠦᠯᠡᠪᠡᠯ᠂ ᠤᠯᠠᠭᠠᠨᠬᠠᠳᠠ ᠬᠣᠲᠠ ᠳ᠋ᠤ ᠳᠥᠷᠪᠡᠳᠦᠭᠡᠷ ᠳᠡᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠨᠢᠭᠡᠴᠢ 423 ᠪᠠᠢᠵᠤ᠂ ᠪᠥᠬᠥ᠌ ᠣᠷᠣᠨ ᠤ᠋ ᠶᠡᠷᠦᠩᠬᠡᠶ ᠲᠤᠭᠠᠨ ᠤ᠋ 1/3 ᠡᠴᠡ ᠳᠡᠭᠡᠭ᠌ᠰᠢᠬᠢ ᠶ᠋ᠢ ᠡᠵᠡᠯᠡᠪᠡ; ᠣᠷᠳᠣ ᠴᠠᠭᠠᠨ ᠬᠡᠷᠡᠮ 1054 ᠺᠢᠯᠣᠮᠧᠲ᠋ᠷ ᠪᠠᠢᠵᠤ᠂ ᠪᠦᠬᠦ ᠤᠷᠤᠨ ᠤ᠋ ᠤᠷᠲᠦ ᠴᠠᠭᠠᠨ ᠬᠡᠷᠡᠮ ᠤ᠋ᠨ ᠪᠥᠬᠥ᠌ ᠣᠷᠳᠣ ᠶ᠋ᠢᠨ 1/7 ᠎ᠶ᠋ᠢ ᠡᠵᠡᠯᠡᠵᠦ᠂ ᠤᠯᠤᠰ ᠤ᠋ᠨ ᠬᠠᠭᠤᠴᠢ ᠰᠤᠳᠤᠯᠤᠯ ᠤ᠋ᠨ ᠪᠠᠭᠤᠷᠢ ᠶ᠋ᠢᠨ ᠴᠡᠴᠡᠷᠯᠢᠭ 1᠂ ᠮᠦᠽᠧᠶ 22 ᠪᠣᠶ᠃ ᠳᠥᠷᠪᠡᠳᠦᠭᠡᠷ ᠤᠳᠠᠭ᠎ᠠ ᠵᠢᠨ ᠨᠡᠢᠳᠡᠮ ᠪᠠᠢᠴᠠᠭᠠᠯᠲᠠ ᠶ᠋ᠢ ᠡᠬᠢᠯᠡᠭᠦᠯᠦᠭ᠌ᠰᠡᠨ ᠡᠴᠡ ᠨᠠᠭᠠᠰᠢ  ᠤᠯᠠᠭᠠᠨᠬᠠᠳᠠ ᠬᠣᠲᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠥᠷᠪᠡᠳᠦᠭᠡᠷ ᠤᠳᠠᠭ᠎ᠠ ᠵᠢᠨ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠨᠡᠢᠳᠡᠮ ᠪᠠᠢᠴᠠᠭᠠᠯᠲᠠ ᠶ᠋ᠢᠨ ᠲᠤᠬᠠᠢᠯᠠᠭ᠍ᠰᠠᠨ ᠠᠵᠢᠯ ᠤ᠋ᠨ ᠭᠤᠤᠯᠯᠠᠭ᠍ᠴᠢ ᠬᠦᠴᠦᠨ ᠤ᠋ ᠵᠡᠭᠦᠨ ᠪᠡᠶ᠎ᠠ ᠶ᠋ᠢᠨ᠎ᠪᠣᠯᠪᠠᠰᠤᠷᠠᠯ ᠤ᠋ᠨ ᠠᠩᠭᠢ ᠶ᠋ᠢ ᠳᠠᠭᠠᠭᠠᠨ ᠡᠷᠭᠢᠯᠡᠭᠰᠡᠨ ᠮᠦᠷᠳᠡᠭᠡᠨ ᠬᠤᠳᠠ ᠶ᠋ᠢᠨ ᠬᠡᠪᠴᠢᠶᠡᠨ ᠤ᠋ ᠨᠡᠢᠳᠡᠮ ᠪᠠᠢᠴᠠᠭᠠᠯᠲᠠ ᠶ᠋ᠢᠨ ᠲᠤᠬᠠᠢᠯᠠᠭ᠍ᠰᠠᠨ ᠠᠵᠢᠯ ᠤ᠋ᠨ ᠭᠤᠤᠯᠯᠠᠭ᠍ᠴᠢ᠎ᠬᠦᠴᠦᠨ ᠤ᠋ ᠪᠣᠯᠪᠠᠰᠤᠷᠠᠯ ᠳ᠋ᠦ 150 ᠬᠥᠮᠦᠨ ᠤᠳᠠᠭ᠎ᠠ ᠪᠣᠯᠪᠠᠰᠤᠷᠠᠭᠤᠯᠵᠠᠢ᠃

ᠤᠯᠠᠭᠠᠨᠬᠠᠳᠠ ᠪᠣᠯ ᠳᠤᠮᠳᠠᠳᠤ ᠶ᠋ᠢᠨ ᠪᠣᠯᠪᠠᠰᠤᠨ ᠤ᠋ ᠴᠢᠬᠤᠯᠠ ᠡᠭᠦᠰᠦᠯ ᠤ᠋ᠨ ᠭᠠᠵᠠᠷ ᠤ᠋ᠨ ᠨᠢᠭᠡ ᠪᠣᠯᠤᠨ᠎ᠠ᠃ ᠡᠨᠳᠡ ᠡᠴᠡ ᠤᠷᠢᠳ ᠬᠤᠵᠢᠳ ᠾᠧ ᠰᠢ ᠶ᠋ᠢᠨ ᠰᠣᠶᠣᠯ᠂ ᠱᠢᠩ ᠯᠦᠩ ᠤ᠋ᠨ ᠰᠣᠶᠣᠯ᠂ ᠵᠤᠤ ᠪᠦᠦ ᠭᠧᠦ ᠶ᠋ᠢᠨ ᠰᠣᠶᠣᠯ᠂ ᠹᠦ᠋ ᠾᠧ ᠰᠣᠶᠣᠯ᠂ ᠬᠣᠩᠱᠠᠨ ᠰᠣᠶᠣᠯ᠂ ᠱᠢᠶᠣᠤ ᠾᠧ ᠶᠠᠨ ᠰᠣᠶᠣᠯ᠂ ᠱᠢᠶᠠ ᠵᠢᠶᠠ ᠳ᠋ᠢᠶᠠᠨ ᠤ᠋ ᠳᠡᠭᠡᠳᠤ ᠳᠠᠪᠬᠤᠷᠭ᠎ᠠ ᠶ᠋ᠢᠨ ᠰᠣᠶᠣᠯ᠂ ᠱᠢᠶᠠ ᠵᠢᠶᠠ ᠳ᠋ᠢᠶᠠᠨ ᠤ᠋ ᠳᠣᠣᠷᠠᠳᠤ ᠳᠠᠪᠬᠤᠷᠭ᠎ᠠ ᠶ᠋ᠢᠨ ᠰᠣᠶᠣᠯ ᠵᠡᠷᠭᠡ 8 ᠵᠦᠢᠯ ᠤ᠋ᠨ ᠬᠠᠭᠤᠴᠢ ᠰᠤᠳᠤᠯᠤᠯ ᠤ᠋ᠨ ᠰᠣᠶᠣᠯ ᠤ᠋ᠨ ᠬᠡᠯᠪᠡᠷᠢ ᠶ᠋ᠢ ᠢᠯᠡᠷᠡᠭᠦᠯᠦᠨ ᠨᠡᠷᠡᠢᠳᠴᠦ᠍᠂ ᠪᠦᠬᠦ᠌ ᠤᠯᠤᠰ ᠤ᠋ᠨ ᠬᠠᠭᠤᠴᠢ ᠰᠤᠳᠤᠯᠤᠯ ᠤ᠋ᠨ ᠰᠣᠶᠣᠯ ᠤ᠋ᠨ ᠨᠡᠷᠡᠢᠳᠦᠯ ᠢ᠋ᠶ᠋ᠡᠷ ᠬᠠᠮᠤᠭ ᠤ᠋ᠨ ᠣᠯᠠᠨ ᠲᠤᠰᠬᠠᠢ ᠤᠷᠤᠨ ᠤ᠋ ᠲᠡᠰ ᠤ᠋ᠨ ᠬᠣᠲᠠ ᠪᠣᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号