ᠥᠪᠥᠷ ᠮᠣᠩᠭᠣᠯ ᠎ᠤᠨ 2025 ᠣᠨ᠎ᠤ ᠤᠯᠤᠰ᠎ᠤᠨ ᠨᠢᠭᠡᠳᠦᠯᠲᠡᠢ ᠱᠢᠯᠭᠠᠯᠲᠠ᠎ᠶ᠋ᠢᠨ ᠡᠷᠡᠮᠡᠯᠵᠡᠯ ᠲᠠᠭ᠍ᠯᠠᠬᠤ ᠠᠵᠢᠯ ᠡᠬᠢᠯᠡᠪᠡ
2025-06-27 11:13:16
ᠵᠣᠬᠢᠶᠠᠭ᠍ᠴᠢ᠄
ᠯᠢᠦ ᡁᠢ ᠱᠢᠶᠠᠨ
ᠣᠩᠱᠢᠭ᠍ᠰᠠᠨ ᠣᠳᠠᠭ᠎ᠠ᠄
★★★☆☆

《ᠶᠡᠬᠡ ᠳᠡᠭᠡᠳᠦ ᠰᠤᠷᠭᠠᠭᠤᠯᠢ ᠎ᠶ᠋ᠢᠨ ᠲᠤᠰᠭᠠᠶ ᠮᠡᠷᠭᠡᠵᠢᠯ ᠎ᠦᠨ ᠪᠦᠯᠦᠭᠯᠡᠯ 》 ᠤ᠋ᠨ ᠵᠡᠷᠭᠡᠴᠡᠭᠡ ᠡᠷᠡᠮᠡᠯᠵᠡᠯ᠎ᠦᠨ ᠲᠠᠩᠰᠠ ᠡᠪᠬᠡᠮᠡᠯ ᠥᠭ᠌ᠬᠦ ᠪᠠ ᠡᠯᠰᠡᠬᠦ᠌ ᠵᠠᠭ᠍ᠪᠤᠷ᠎ᠢ ᠬᠡᠷᠡᠭ᠌ᠯᠡᠨ᠎ᠡ

 

 6 ᠰᠠᠷ᠎ᠠ ᠎ᠶ᠋ᠢᠨ 26 ᠎ᠤ᠋ ᠡᠳᠦᠷ᠂ ᠥᠪᠥᠷ ᠮᠣᠩᠭᠣᠯ ᠎ᠤᠨ 2025 ᠣᠨ᠎ᠤ ᠤᠯᠤᠰ ᠎ᠤᠨ ᠨᠢᠭᠡᠳᠦᠯᠲᠡᠢ ᠱᠢᠯᠭᠠᠯᠲᠠ᠎ᠵᠢᠨ ᠰᠤᠷᠤᠭᠴᠢ ᠡᠯᠰᠡᠬᠦ ᠠᠵᠢᠯ ᠎ᠤᠨ ᠤᠷᠢᠳᠴᠢᠯᠠᠨ ᠡᠯᠰᠡᠬᠦ ᠪᠦᠯᠦᠭ᠎ᠤᠨ ᠰᠠᠨᠠᠮᠵᠢ ᠎ᠵᠢᠨ ᠲᠥᠷᠥᠯ ᠢᠯᠭᠠᠯ ᠎ᠤᠨ ᠡᠷᠡᠮᠡᠯᠵᠡᠯ ᠲᠠᠭ᠍ᠯᠠᠵᠤ ᠡᠬᠢᠯᠡᠨ᠂ ᠡᠷᠡᠮᠡᠯᠵᠡᠯ ᠲᠠᠭ᠍ᠯᠠᠬᠤ ᠬᠥᠱᠢᠭᠡ᠎ᠶ᠋ᠢ ᠨᠡᠭᠡᠭᠡᠪᠡ ᠃

2025 ᠣᠨ᠎ᠡᠴᠡ ᠡᠬᠢᠯᠡᠨ᠂ ᠥᠪᠥᠷ ᠮᠣᠩᠭᠣᠯ ᠎ᠤᠨ ᠵᠢᠨᠭᠭᠢᠨᠢ ᠠᠩᠬᠢ ᠎ᠵᠢᠨ ᠨᠢᠭᠡᠳᠦᠭᠡᠷ ᠪᠦᠯᠦᠭ ᠵᠢᠨᠭᠭᠢᠨᠢ ᠠᠩᠬᠢ ᠎ᠵᠢᠨ ᠬᠣᠶᠠᠳᠤᠭᠠᠷ ᠪᠦᠯᠦᠭ ᠎ᠢ ᠨᠡᠢᠯᠡᠭᠦᠯᠵᠦ᠍᠂ ᠵᠢᠩᠬᠢᠨᠢ ᠠᠩᠭᠢ᠎ᠶ᠋ᠢᠨ ᠤᠷᠢᠳᠴᠢᠯᠠᠨ ᠡᠯᠰᠡᠬᠦ A ᠬᠡᠰᠡᠭ᠎ᠲᠦ ᠲᠠᠰ ᠳᠠᠷᠠᠭᠠᠯᠠᠯ᠎ᠤᠨ ᠡᠷᠡᠮᠡᠯᠵᠡᠯ᠎ᠦᠨ ᠵᠠᠭ᠍ᠪᠤᠷ᠎ᠢ ᠬᠡᠷᠡᠭ᠌ᠯᠡᠬᠦ᠌᠎ᠡᠴᠡ ᠭᠠᠳᠠᠨ᠎ᠠ᠂ ᠪᠤᠰᠤᠳ ᠪᠦᠯᠦᠭ  (ᠬᠡᠰᠡᠭ) ᠤᠳᠠᠭ᠎ᠠ᠎ᠳᠤ ᠴᠥᠮ 《ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯ ᠎ᠦᠨ  ᠪᠦᠯᠦᠭᠯᠡᠯ 》 ᠤ᠋ᠨ ᠵᠡᠷᠭᠡᠴᠡᠭᠡ ᠡᠷᠡᠮᠡᠯᠵᠡᠯ᠎ᠦᠨ ᠳᠠᠨᠭᠰᠠ ᠡᠪᠬᠡᠮᠡᠯ ᠥᠭ᠌ᠬᠦ ᠪᠠ ᠡᠯᠰᠡᠬᠦ᠌ ᠵᠠᠭ᠍ᠪᠤᠷ ᠎ᠢ ᠬᠡᠷᠡᠭ᠌ᠯᠡᠨ᠎ᠡ᠃ 《ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯ ᠎ᠦᠨ  ᠪᠦᠯᠦᠭᠯᠡᠯ》 ᠤ᠋ᠨ ᠵᠡᠷᠭᠡᠴᠡᠭᠡ ᠡᠷᠡᠮᠡᠯᠵᠡᠯ ᠭᠡᠳᠡᠭ ᠨᠢ ᠳᠠᠷᠤᠶ ᠨᠢᠭᠡ ᠡᠷᠡᠮᠡᠯᠵᠡᠯ ᠎ᠦᠨ ᠳᠣᠲᠣᠷ᠎ᠠ ᠡᠳᠦᠶ ᠲᠡᠳᠦᠶ ᠵᠡᠷᠭᠡᠴᠡᠭᠡ ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯ ᠎ᠤᠨ ᠪᠦᠯᠦᠭᠯᠡᠯ ᠪᠠᠭ᠍ᠲᠠᠨ᠎ᠠ᠂ ᠱᠢᠯᠭᠠᠭᠤᠯᠤᠭ᠍ᠴᠢ ᠤᠯᠤᠰ ᠎ᠤᠨ ᠨᠢᠭᠡᠳᠦᠯᠲᠡᠢ ᠱᠢᠯᠭᠠᠯᠲᠠ᠎ᠶ᠋ᠢᠨ ᠱᠢᠯᠭᠠᠯᠲᠠ ᠎ᠶ᠋ᠢᠨ ᠡᠷᠡᠮᠡᠯᠵᠡᠯ ᠎ᠢ ᠲᠠᠭ᠍ᠯᠠᠨ ᠮᠡᠳᠡᠭᠦᠯᠬᠦ᠌ ᠎ᠳᠡᠭᠡᠨ᠂ ᠲᠤᠭᠲᠠᠭᠰᠠᠨ ᠪᠦᠯᠦᠭ ᠤᠳᠠᠭ᠎ᠠ ᠎ᠳᠤ ᠵᠡᠷᠭᠡᠴᠡᠭᠡ ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯ ᠎ᠦᠨ  ᠪᠦᠯᠦᠭᠯᠡᠯ ᠎ᠤᠨ ᠡᠷᠡᠮᠡᠯᠵᠡᠯ᠎ᠢ ᠬᠠᠮᠲᠤ᠎ᠳᠤᠨᠢ ᠲᠠᠭ᠍ᠯᠠᠨ ᠮᠡᠳᠡᠭᠦᠯᠵᠦ᠍ ᠪᠣᠯᠤᠨ᠎ᠠ ᠃ ᠡᠯᠰᠡᠬᠦ᠌ ᠦᠶ᠎ᠡ᠎ᠳᠦ᠂ 《ᠬᠤᠪᠢ(ᠬᠡᠳᠦᠳ᠋ᠤᠭᠡᠷ ᠲᠤ᠌ ᠵᠢᠭᠰᠠᠭᠠᠭᠳᠠᠵᠤ ᠪᠠᠢᠭ᠎ᠠ ᠪᠠᠢᠷᠢ) ᠶ᠋ᠢ ᠤᠷᠢᠳ᠎ᠢᠶᠠᠷ ᠪᠤᠳᠤᠯᠬᠢᠯᠠᠬᠤ᠂ ᠬᠦᠰᠡᠯ ᠡᠷᠡᠮᠡᠯᠵᠡᠯ ᠎ᠢ ᠦᠨᠳᠦᠰᠦᠯᠡᠵᠤ᠂ ᠨᠢᠭᠡ ᠡᠭᠡᠯᠵᠢ᠎ᠳᠦ ᠲᠠᠩᠰᠠ ᠡᠪᠬᠡᠮᠡᠯ ᠥᠭ᠌ᠬᠦ》 ᠵᠠᠷᠴᠢᠮ ᠶᠣᠰᠣᠭᠠᠷ ᠲᠠᠩᠰᠠ ᠡᠪᠬᠡᠮᠡᠯ ᠥᠭ᠌ᠴᠦ᠂ ᠠᠳᠠᠯᠢ ᠨᠢᠭᠡ ᠲᠥᠷᠥᠯ ᠎ᠦᠨ ᠬᠤᠪᠢ ᠎ᠶ᠋ᠢᠨ ᠱᠤᠭᠤᠮ ᠎ᠵᠢᠡᠷ ᠡᠯᠰᠡᠭ᠌ᠳᠡᠭ᠌ᠰᠡᠨ ᠥᠬᠡᠶ ᠱᠢᠯᠭᠠᠭᠤᠯᠤᠭ᠍ᠴᠢ᠎ᠳᠤ ᠶᠡᠷᠦᠩᠬᠡᠶ ᠬᠤᠪᠢ (ᠬᠡᠳᠦᠳ᠋ᠤᠭᠡᠷ ᠲᠤ᠌ ᠵᠢᠭᠰᠠᠭᠠᠭᠳᠠᠵᠤ ᠪᠠᠢᠭ᠎ᠠ ᠪᠠᠢᠷᠢ) ᠶ᠋ᠢ ᠥᠨᠳᠥᠷ᠎ᠡᠴᠡ ᠳᠣᠸ᠋ᠷ᠎ᠠ ᠲᠠᠰ ᠳᠠᠷᠠᠭᠠᠯᠠᠯ᠎ᠢᠶᠠᠷ ᠨᠢᠭᠡ ᠯᠡ ᠤᠳᠠᠭ᠎ᠠ᠎ᠳᠤ ᠲᠠᠩᠰᠠ ᠡᠪᠬᠡᠮᠡᠯ ᠥᠭ᠌ᠭᠦᠨ᠎ᠡ᠂ ᠲᠤᠬᠠᠢᠯᠠᠪᠠᠯ ᠪᠣᠶ ᠪᠥᠬᠥᠶ ᠱᠢᠯᠭᠠᠭᠤᠯᠤᠭ᠍ᠴᠢ ᠨᠢᠭᠡ ᠮᠥᠷᠯᠡᠨ ᠵᠢᠭ᠍ᠰᠠᠵᠤ᠂ ᠥᠨᠳᠥᠷ ᠬᠤᠪᠢ(ᠬᠡᠳᠦ ᠳ᠋ᠤᠭᠡᠷ ᠲᠤ᠌ ᠵᠢᠭᠰᠠᠭᠠᠭᠳᠠᠵᠤ ᠪᠠᠢᠭ᠎ᠠ ᠪᠠᠢᠷᠢ ᠨᠢ ᠡᠮᠦᠨ᠎ᠡ ᠪᠠᠢᠭ᠎ᠠ)ᠤᠯᠤᠭᠰᠠᠳ ᠤᠷᠢᠳ᠎ᠢᠶᠠᠷ ᠲᠠᠩᠰᠠ ᠡᠪᠬᠡᠮᠡᠯ᠎ᠢᠶᠡᠨ ᠥᠭ᠌ᠭᠦᠨ᠎ᠡ᠃ ᠱᠢᠯᠭᠠᠭᠤᠯᠤᠭ᠍ᠴᠢ ᠨᠢᠭᠡ ᠪᠦᠷᠢ ᠲᠠᠩᠰᠠ ᠡᠪᠬᠡᠮᠡᠯ ᠥᠭ᠌ᠬᠦ ᠦᠶ᠎ᠡ᠎ᠳᠦ᠂ ᠱᠢᠯᠭᠠᠭᠤᠯᠤᠭ᠍ᠴᠢ᠎ᠶ᠋ᠢᠨ ᠲᠠᠭ᠍ᠯᠠᠨ ᠮᠡᠳᠡᠭᠦᠯᠦᠭ᠌ᠰᠡᠨ ᠡᠷᠡᠮᠡᠯᠵᠡᠯ᠎ᠦᠨ ᠲᠠᠰ ᠳᠠᠷᠠᠭᠠᠯᠠᠯ᠎ᠢ ᠦᠨᠳᠦᠰᠦᠯᠡᠨ᠂ ᠡᠮᠦᠨ᠎ᠡ ᠨᠢ ᠵᠢᠭ᠍ᠰᠠᠵᠤ ᠪᠠᠢᠬᠤ ᠮᠥᠷᠲᠡᠭᠡᠨ ᠰᠤᠷᠤᠭᠴᠢ ᠡᠯᠰᠡᠬᠦ ᠪᠡᠷ ᠲᠥᠯᠥᠪᠯᠡᠭᠰᠡᠨ ᠤᠷᠤᠨ ᠲᠤᠭ᠎ᠠ ᠨᠢ ᠢᠯᠡᠭᠦᠴᠡ ᠦᠯᠡᠳᠡᠵᠦ ᠪᠠᠢᠭ᠎ᠠ ᠶᠡᠬᠡ ᠳᠡᠭᠡᠳᠦ ᠰᠤᠷᠭᠠᠭᠤᠯᠢ ᠎ᠶ᠋ᠢᠨ ᠲᠤᠰᠭᠠᠶ ᠮᠡᠷᠭᠡᠵᠢᠯ ᠎ᠦᠨ  ᠪᠦᠯᠦᠭᠯᠡᠯ ᠎ᠳᠤ ᠲᠠᠩᠰᠠ ᠡᠪᠬᠡᠮᠡᠯ᠎ᠢᠶᠡᠨ ᠥᠭ᠌ᠭᠦᠨ᠎ᠡ᠃

ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ᠎ᠶᠢᠨ ᠭᠠᠵᠠᠷ᠎ᠤᠨ ᠳᠡᠳ᠋ ᠳᠠᠷᠤᠭ᠎ᠠ ᠵᠠᠩ ᠭᠦᠸᠧ ᠮᠢᠨ᠂ ᠡᠷᠡᠮᠡᠯᠵᠡᠯ ᠲᠠᠭᠯᠠᠬᠤ ᠰᠢᠨ᠎ᠡ ᠠᠷᠭ᠎ᠠ ᠬᠡᠯᠪᠡᠷᠢ ᠨᠢ ᠰᠢᠯᠭᠠᠭᠤᠯᠤᠭ᠍ᠴᠢ᠎ᠳᠤ ᠰᠢᠨ᠎ᠡ ᠱᠠᠭᠠᠷᠳᠠᠯᠭ᠎ᠠ ᠳᠤᠷᠠᠳᠴᠠᠢ᠂ ᠰᠢᠯᠭᠠᠭᠤᠯᠤᠭ᠍ᠴᠢ ᠥᠪᠡᠷ ᠎ᠦᠨ ᠬᠠᠷᠢᠶᠠᠯᠠᠭᠳᠠᠬᠤ ᠲᠥᠷᠥᠯ ᠢᠯᠭᠠᠯ᠎ᠤᠨ ᠡᠷᠡᠮᠡᠯᠵᠡᠯ᠎ᠤᠨ ᠲᠤᠬᠢᠷᠠᠭᠤᠯᠤᠯᠲᠠ ᠪᠠ ᠬᠠᠷᠠᠭᠠᠯᠵᠠᠭᠰᠠᠨ ᠲᠠᠩᠰᠠ ᠡᠪᠬᠡᠮᠡᠯ ᠦᠭᠬᠦ ᠪᠡ ᠡᠯᠰᠡᠬᠦ ᠳᠦᠷᠢᠮ ᠎ᠢ ᠤᠢᠯᠠᠭᠠᠨ ᠮᠡᠳᠡᠵᠦ᠂ ᠣᠯᠠᠨ ᠵᠦᠢᠯ ᠎ᠦᠨ ᠮᠡᠳᠡᠭᠡ ᠵᠠᠩᠭᠢ ᠎ᠶᠢ ᠰᠢᠨᠵᠢᠯᠡᠬᠦ ᠤᠬᠠᠭᠠᠨᠴᠢ ᠎ᠪᠠᠷ ᠴᠤᠭᠯᠠᠭᠤᠯᠤᠨ ᠵᠠᠳᠠᠯᠵᠤ᠂ ᠥᠪᠡᠷ ᠎ᠦᠨ ᠰᠤᠷᠤᠯᠴᠠᠬᠤ ᠳᠤᠷ᠎ᠠ ᠰᠣᠨᠢᠷᠬᠠᠯ᠂ ᠲᠤᠰᠬᠠᠢ ᠮᠡᠷᠭᠡᠵᠢᠯ ᠎ᠦᠨ ᠬᠠᠨᠳᠤᠰᠢ ᠪᠠ ᠢᠷᠡᠭᠡᠳᠦᠢ ᠎ᠶᠢᠨ ᠬᠥᠭᠵᠢᠯᠲᠡ᠎ᠶᠢᠨ ᠲᠥᠯᠦᠪᠵᠢᠭᠦᠯᠭᠡ ᠎ᠲᠠᠢ ᠎ᠪᠡᠨ ᠤᠶᠠᠯᠳᠤᠭᠤᠯᠵᠤ᠂ ᠣᠶᠤᠨᠴᠢ ᠰᠣᠩᠭᠣᠯᠲᠠ ᠬᠢᠬᠦ᠎ᠶᠢ ᠶᠡᠷᠦᠩᠬᠡᠢᠯᠡᠨ ᠪᠣᠳᠣᠯᠬᠢᠯᠠᠬᠤ ᠬᠡᠷᠡᠭᠳᠡᠢ᠃ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠥᠯᠥᠪᠯᠡᠭᠡ᠎ᠶᠢ ᠨᠠᠷᠢᠨ ᠨᠢᠮᠪᠠᠢ ᠪᠠᠢᠴᠠᠭᠠᠨ ᠦᠵᠡᠵᠦ᠂ ᠶᠡᠬᠡ ᠳᠡᠭᠡᠳᠦ ᠰᠤᠷᠭᠠᠭᠤᠯᠢ ᠎ᠶᠢᠨ ᠰᠣᠷᠣᠭ᠍ᠴᠢ ᠡᠯᠰᠡᠬᠦ ᠳᠦᠷᠢᠮ᠎ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠶᠡᠬᠡ ᠳᠡᠭᠡᠳᠦ ᠰᠤᠷᠭᠠᠭᠤᠯᠢ᠎ᠶᠢᠨ ᠡᠯ᠎ᠡ ᠰᠣᠷᠣᠭ᠍ᠴᠢ ᠡᠯᠰᠡᠬᠦ ᠲᠤᠰᠬᠠᠢ ᠮᠡᠷᠭᠡᠵᠢᠯ ᠵᠢᠴᠢ ᠥᠩᠭᠡᠷᠡᠭᠰᠡᠨ ᠵᠢᠯ᠎ᠦᠳ᠎ᠦᠨ ᠰᠣᠷᠣᠭ᠍ᠴᠢ ᠡᠯᠰᠡᠬᠦ ᠮᠡᠳᠡᠭᠡ ᠵᠠᠩᠭᠢ ᠪᠣᠯᠣᠨ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ  ᠪᠦᠯᠦᠭᠯᠡᠯ ᠎ᠤᠨ ᠲᠤᠬᠢᠷᠠᠭᠤᠯᠤᠯᠲᠠ᠎ᠶᠢᠨ ᠪᠠᠢᠳᠠᠯ ᠎ᠢ ᠣᠢᠯᠠᠭᠠᠨ ᠵᠠᠳᠠᠯᠵᠤ᠂ ᠲᠣᠰ ᠬᠥᠮᠥᠨ᠎ᠦ ᠶᠡᠷᠦᠩᠬᠡᠢ ᠬᠤᠪᠢ ᠪᠤᠶᠤ ᠲᠠᠩ ᠲᠦᠷᠦᠯ ᠎ᠤᠨ ᠬᠢᠴᠢᠶᠡᠯ᠎ᠦᠨ ᠬᠢᠷᠢ ᠪᠦᠲᠦᠮᠵᠢ᠂ ᠬᠡᠳᠦᠳ᠋ᠤᠭᠡᠷ ᠲᠤ᠌ ᠵᠢᠬᠰᠠᠭᠠᠬᠳᠠᠵᠤ ᠪᠠᠢᠭ᠎ᠠ ᠵᠡᠷᠭᠡ ᠎ᠪᠠᠨ ᠦᠨᠳᠦᠰᠦᠯᠡᠵᠤ᠂ ᠡᠷᠡᠮᠡᠯᠵᠡᠯ ᠎ᠢᠶᠡᠨ ᠰᠢᠨᠵᠢᠯᠡᠬᠦ ᠤᠬᠠᠭᠠᠨᠴᠢ ᠎ᠪᠠᠷ ᠲᠠᠭᠯᠠᠬᠤ ᠬᠡᠷᠡᠭᠲᠡᠢ᠃ ᠡᠭᠦᠨ᠎ᠡᠴᠡ ᠭᠠᠳᠠᠨ᠎ᠠ᠂ ᠵᠡᠷᠭᠡᠴᠡᠭᠡ ᠡᠷᠡᠮᠡᠯᠵᠡᠯ᠎ᠤᠨ ᠲᠠᠩᠰᠠ ᠡᠪᠬᠡᠮᠡᠯ ᠥᠭᠬᠦ ᠵᠠᠭᠪᠤᠷ᠎ᠢᠶᠡᠷ᠂ ᠰᠢᠯᠭᠠᠭᠤᠯᠤᠭ᠍ᠴᠢ ᠲᠡᠬᠢᠨ ᠲᠣᠬᠢᠷᠠᠭᠤᠯᠬᠤ ᠵᠢ ᠵᠦᠪᠰᠢᠶᠡᠷᠡᠬᠦ ᠡᠰᠡᠬᠦ᠎ᠪᠡᠨ ᠪᠣᠯᠭᠣᠮᠵᠢᠲᠠᠢ ᠰᠣᠩᠭᠣᠬᠤ ᠬᠡᠷᠡᠭᠲᠡᠢ᠂ ᠬᠡᠷᠪᠡ ᠰᠢᠯᠭᠠᠭᠤᠯᠤᠭ᠍ᠴᠢ᠎ᠶᠢᠨ ᠲᠠᠩᠰᠠ ᠡᠪᠬᠡᠮᠡᠯ᠎ᠢ ᠨᠢᠭᠡᠨᠲᠡ ᠶᠡᠬᠡ ᠳᠡᠭᠡᠳᠦ ᠰᠤᠷᠭᠠᠭᠤᠯᠢ᠎ᠳᠤ ᠣᠷᠣᠭᠤᠯᠤᠭᠰᠠᠨ ᠪᠣᠯᠪᠠᠴᠤ ᠨᠡᠷᠡᠰ᠎ᠦᠨ ᠵᠢᠭ᠍ᠰᠠᠭᠠᠯᠲᠠ ᠨᠢ ᠬᠣᠢᠨ᠎ᠠ ᠪᠠᠢᠬᠤ ᠪᠤᠶᠤ ᠲᠣᠰ ᠪᠡᠶ᠎ᠡ᠎ᠶᠢᠨ ᠬᠢᠨᠢ ᠨᠥᠬᠥᠴᠡᠯ ᠨᠢ ᠵᠠᠷᠢᠮ ᠲᠤᠰᠬᠠᠢ ᠮᠡᠷᠭᠡᠵᠢᠯ ᠎ᠦᠨ ᠰᠣᠷᠣᠭ᠍ᠴᠢ ᠡᠯᠰᠡᠬᠦ ᠱᠠᠭᠠᠷᠳᠠᠯᠭ᠎ᠠ᠎ᠳᠤ ᠨᠡᠢᠴᠡᠬᠦ ᠦᠭᠡᠢ ᠮᠥᠷᠲᠡᠭᠡᠨ ᠪᠠᠰᠠ ᠲᠤᠰᠬᠠᠢ ᠮᠡᠷᠭᠡᠵᠢᠯ ᠎ᠦᠨ ᠲᠡᠬᠢᠨ ᠲᠣᠬᠢᠷᠠᠭᠤᠯᠬᠤ ᠎ᠶᠢ ᠬᠦᠯᠢᠶᠡᠬᠦ ᠳᠤᠷ᠎ᠠ ᠦᠭᠡᠢ ᠪᠤᠯ᠂ ᠶᠡᠬᠡ ᠳᠡᠭᠡᠳᠦ ᠰᠤᠷᠭᠠᠭᠤᠯᠢ ᠡᠴᠡ ᠲᠠᠩᠰᠠ ᠡᠪᠬᠡᠮᠡᠯ᠎ᠢ ᠨᠢ ᠪᠤᠴᠠᠭᠠᠬᠤ ᠲᠦᠭᠰᠢᠭᠦᠷᠢ᠎ᠳᠦ ᠲᠤᠯᠭᠠᠷᠠᠵᠤ ᠮᠡᠳᠡᠨ᠎ᠡ ᠭᠡᠵᠤ ᠲᠠᠨᠢᠯᠴᠠᠭᠤᠯᠪᠠ᠃

ᠵᠠᠩ ᠬᠦᠸᠸ ᠮᠢᠨ᠄《〈ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠪᠦᠯᠦᠭᠯᠡᠯ 〉 ᠤ᠋ᠨ ᠵᠡᠷᠭᠡᠴᠡᠭᠡ ᠡᠷᠡᠮᠡᠯᠵᠡᠯ᠎ᠦᠨ ᠵᠠᠭᠪᠤᠷ᠎ᠢ ᠬᠡᠷᠡᠭᠯᠡᠪᠡᠯ᠂ ᠤᠷᠢᠳ᠎ᠢᠶᠡᠷ ᠶᠡᠬᠡ ᠳᠡᠭᠡᠳᠦ ᠰᠤᠷᠭᠠᠭᠤᠯᠢ᠎ᠶᠢ ᠰᠣᠩᠭᠣᠬᠤ ᠶᠤᠮ ᠦᠦ ᠡᠰᠡᠬᠦᠯ᠎ᠡ ᠤᠷᠢᠳ᠎ᠢᠶᠡᠷ ᠲᠤᠰᠬᠠᠢ ᠮᠡᠷᠭᠡᠵᠢᠯ᠎ᠢ ᠰᠣᠩᠭᠣᠬᠤ ᠶᠤᠮ ᠦᠦ ᠭᠡᠳᠡᠭ ᠠᠰᠠᠭᠤᠳᠠᠯ ᠎ᠢ ᠨᠡᠯᠢᠶᠡᠳ ᠲᠤᠬᠢᠲᠠᠢ ᠰᠢᠢᠳᠪᠦᠷᠢᠯᠡᠵᠦ᠂ ᠰᠢᠯᠭᠠᠭᠤᠯᠤᠭ᠍ᠴᠢ᠎ᠶᠢᠨ ᠰᠣᠩᠭᠣᠬᠤ ᠪᠠ ᠡᠯᠰᠡᠭᠳᠡᠬᠦ ᠲᠣᠬᠢᠶᠠᠯ ᠎ᠢ  ᠢᠯᠡᠷᠬᠡᠢ ᠨᠡᠮᠡᠭᠳᠡᠭᠦᠯᠵᠦ ᠴᠢᠳᠠᠨ᠎ᠠ᠃ ᠡᠭᠦᠨ᠎ᠡᠴᠡ ᠭᠠᠳᠠᠨ᠎ᠠ᠂ ᠶᠡᠬᠡ ᠳᠡᠭᠡᠳᠦ ᠰᠤᠷᠭᠠᠭᠤᠯᠢ᠎ᠨᠤᠭᠤᠳ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠶᠢᠨ ᠪᠣᠳᠠᠲᠦ ᠪᠠᠢᠳᠠᠯ᠎ᠢᠶᠠᠨ ᠦᠨᠳᠦᠰᠦᠯᠡᠵᠤ᠂ ᠰᠤᠷᠭᠠᠭᠤᠯᠢ᠎ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠎ᠢ ᠰᠢᠨᠵᠢᠯᠡᠬᠦ ᠤᠬᠠᠭᠠᠨᠴᠢ᠎ᠪᠠᠷ ᠵᠣᠬᠢᠶᠠᠨ ᠪᠠᠢᠭᠤᠯᠵᠤ᠂ ᠪᠣᠳᠠᠲᠠᠢ ᠵᠢᠭᠠᠨ ᠰᠤᠷᠭᠠᠯᠲᠠ᠎ᠶᠢᠨ ᠳᠤᠮᠳᠠ ᠰᠢᠨᠵᠢᠯᠡᠭᠡᠨ᠎ᠦ ᠰᠠᠯᠠᠭ᠎ᠠ᠎ᠶᠢᠨ ᠪᠦᠯᠦᠭᠵᠢᠯ᠎ᠦᠨ ᠪᠠᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠵᠤ᠂ ᠰᠣᠷᠣᠭ᠍ᠴᠢ᠎ᠶᠢᠨ ᠶᠡᠷᠦᠩᠬᠡᠢᠯᠡᠭᠰᠡᠨ ᠴᠢᠳᠠᠪᠤᠷᠢ᠎ᠶᠢ ᠬᠥᠮᠥᠵᠢᠭᠦᠯᠬᠦ᠎ᠶᠢ ᠴᠢᠬᠤᠯᠠᠴᠢᠯᠠᠵᠤ᠂ ᠰᠣᠷᠣᠭ᠍ᠴᠢ ᠡᠯᠰᠡᠬᠦ᠂ ᠬᠥᠮᠥᠵᠢᠭᠦᠯᠬᠦ ᠪᠠ ᠠᠵᠢᠯ ᠣᠯᠭᠣᠯᠳᠠ᠎ᠶᠢᠨ ᠬᠣᠯᠪᠤᠭᠠᠯᠠᠨ ᠬᠥᠳᠡᠯᠦᠯᠴᠡᠬᠦ ᠲᠣᠭᠲᠡᠴᠡ ᠎ᠶᠢ ᠪᠠᠶ᠋ᠢᠭᠤᠯᠬᠤ ᠎ᠳᠤ ᠠᠰᠢᠭ᠍ᠲᠠᠢ ᠶᠤᠮ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号