《ᠳᠠᠭᠤᠤ ᠵᠢᠨ ᠪᠠᠬᠠᠲᠠᠳ᠎ᠤᠨ ᠲᠤᠰᠬᠠᠢ ᠭᠠᠯᠳᠤ ᠲᠡᠷᠭᠡ》᠎ᠶᠢ ᠨᠡᠪᠲᠡᠷᠡᠭᠦᠯᠪᠡ
2025-06-27 14:39:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠣᠶᠣᠯ ᠵᠢᠭᠤᠯᠴᠢᠯᠠᠯ ᠎ᠤᠨ ᠠᠵᠤ ᠦᠢᠯᠡᠰ ᠎ᠦᠨ ᠬᠥᠭᠵᠢᠯᠲᠡ᠎ᠳᠦ ᠬᠦᠴᠦ ᠨᠡᠮᠡᠷᠢᠯᠡᠵᠦ᠂ ᠳᠠᠭᠤᠤ ᠵᠢᠨ ᠦᠳᠡᠰᠢᠯᠡᠭᠡ ᠎ᠳᠦ ᠣᠷᠣᠯᠴᠠᠭᠰᠠᠳ ᠎ᠤᠨ ᠶᠠᠪᠤᠵᠤ ᠰᠠᠭᠤᠬᠤ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ᠂ ᠳᠤᠮᠳᠠᠳᠤ ᠤᠯᠤᠰ ᠎ᠤᠨ ᠲᠡᠮᠦᠷ ᠵᠠᠮ ᠎ᠤᠨ ᠬᠥᠬᠡᠬᠣᠲᠠ᠎ᠶᠢᠨ ᠲᠣᠪᠴᠢᠶ᠎ᠠ᠎ᠶᠢᠨ ᠪᠦᠯᠦᠭᠯᠡᠯ᠎ᠤᠨ ᠲᠡᠮᠦᠷ ᠵᠠᠮ᠎ᠤᠨ ᠰᠠᠯᠠᠭ᠎ᠠ ᠮᠥᠴᠢᠷ᠎ᠡᠴᠡ 6 ᠰᠠᠷ᠎ᠠ᠎ᠶᠢᠨ 28 ᠎ᠤ ᠡᠳᠦᠷ ᠬᠥᠬᠡᠬᠣᠲᠠ᠎ᠶᠢᠨ ᠵᠡᠭᠦᠨ ᠥᠷᠳᠡᠭᠡ᠎ᠡᠴᠡ ᠪᠤᠭᠤᠲᠤ᠎ᠶᠢᠨ ᠬᠣᠭᠣᠷᠣᠨᠳᠤ D6791 ᠡᠭᠡᠯᠵᠢ ᠵᠢᠨ ᠲᠦᠷ ᠴᠠᠭ᠎ᠤᠨ ᠠᠶᠠᠨᠴᠢᠳ᠎ᠤᠨ ᠭᠠᠯᠳᠤ ᠲᠡᠷᠭᠡ᠎ᠶᠢ ᠨᠡᠮᠡᠵᠦ ᠨᠡᠪᠲᠡᠷᠡᠭᠦᠯᠦᠨ᠎ᠡ᠂ ᠡᠨᠡ ᠨᠢ ᠮᠥᠨ ᠴᠦ᠍ ᠥᠪᠥᠷ ᠮᠣᠩᠭᠣᠯ᠎ᠤᠨ ᠠᠩᠬᠠᠳᠠᠭ᠍ᠴᠢ《ᠳᠠᠭᠤᠤ ᠵᠢᠨ ᠪᠠᠬᠠᠲᠠᠳ᠎ᠤᠨ ᠲᠤᠰᠬᠠᠢ ᠭᠠᠯᠳᠤ ᠲᠡᠷᠭᠡ》 ᠪᠣᠯᠣᠨ᠎ᠠ ᠃

ᠲᠣᠰ ᠡᠭᠡᠯᠵᠢ᠎ᠶᠢᠨ ᠲᠦᠷ ᠴᠠᠭ᠎ᠤᠨ ᠠᠶᠠᠨᠴᠢᠳ᠎ᠤᠨ ᠭᠠᠯᠲᠤ ᠲᠡᠷᠭᠡ ᠨᠢ 6 ᠰᠠᠷ᠎ᠠ᠎ᠶᠢᠨ 28᠎ᠤ ᠡᠳᠦᠷ᠎ᠦᠨ 23 ᠴᠠᠭ᠎ᠲᠤ ᠬᠥᠬᠡᠬᠣᠲᠠ᠎ᠶᠢᠨ ᠵᠡᠭᠦᠨ ᠥᠷᠲᠡᠭᠡ ᠡᠴᠡ ᠮᠤᠷᠳᠠᠵᠤ᠂ ᠬᠥᠬᠡᠬᠣᠲᠠ᠂ ᠴᠠᠭᠠᠰᠤᠴᠢ᠂ ᠰᠠᠭᠠᠯᠢᠴᠢᠨ ᠪᠣᠯᠣᠨ ᠪᠤᠭᠤᠲᠤ᠎ᠶᠢᠨ ᠵᠡᠭᠦᠨ ᠥᠷᠲᠡᠭᠡ᠎ᠪᠡᠷ ᠥᠩᠭᠡᠷᠡᠵᠦ᠂ ᠪᠤᠭᠤᠲᠤ ᠥᠷᠲᠡᠭᠡ᠎ᠳᠦ ᠭᠦᠷᠦᠨ᠎ᠡ᠃

ᠣᠢᠯᠠᠭᠠᠭᠰᠠᠨ᠎ᠢᠶᠠᠷ᠂ ᠳᠠᠭᠤᠤ ᠵᠢᠨ ᠪᠠᠬᠠᠲᠠᠳ᠎ᠤᠨ ᠲᠤᠰᠬᠠᠢ ᠭᠠᠯᠳᠤ ᠲᠡᠷᠭᠡ》᠎ᠶᠢᠨ ᠪᠥᠬᠥ ᠵᠠᠮ᠎ᠤᠨ ᠬᠣᠶᠠᠳᠤᠭᠠᠷ ᠳᠡᠰ᠎ᠤᠨ ᠰᠠᠭᠤᠳᠠᠯ᠎ᠤᠨ ᠪᠢᠯᠧᠲ᠎ᠦᠨ ᠦᠨ᠎ᠡ ᠨᠢ 21.5 ᠲᠥᠭᠥᠷᠢᠭ ᠪᠠᠢᠵᠤ᠂ ᠬᠣᠶᠠᠷ ᠥᠷᠲᠡᠭᠡᠨ᠎ᠦ ᠬᠣᠭᠣᠷᠣᠨᠳᠣᠬᠢ ᠬᠥᠳᠡᠯᠭᠡᠬᠦ ᠬᠦᠴᠦᠨᠳᠤ ᠭᠠᠯᠳᠤ ᠲᠡᠷᠭᠡᠨ᠎ᠦ ᠪᠢᠯᠧᠲ᠎ᠦᠨ ᠪᠥᠬᠥ ᠦᠨ᠎ᠡ᠎ᠶᠢᠨ ᠵᠥᠪᠬᠡᠨ 40% ᠲᠠᠢ ᠲᠡᠩᠴᠡᠵᠦ᠂ 2015 ᠣᠨ᠎ᠡᠴᠡ ᠨᠠᠭᠠᠰᠢᠬᠢ ᠬᠣᠶᠠᠷ ᠥᠷᠲᠡᠭᠡᠨ᠎ᠦ ᠬᠣᠭᠣᠷᠣᠨᠳᠣᠬᠢ ᠬᠥᠳᠡᠯᠭᠡᠬᠦ ᠬᠦᠴᠦᠨᠳᠤ ᠭᠠᠯᠳᠤ ᠲᠡᠷᠭᠡᠨ᠎ᠦ ᠬᠠᠮᠤᠭ᠎ᠤᠨ ᠳᠣᠣᠷ᠎ᠠ ᠪᠢᠯᠧᠲ᠎ᠦᠨ ᠦᠨ᠎ᠡ ᠪᠣᠯᠣᠨ᠎ᠠ᠃

2024 ᠣᠨ᠎ᠠᠴᠠ ᠣᠳᠣ᠌ ᠪᠣᠯᠲᠠᠯ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶᠢᠨ ᠲᠣᠪᠴᠢᠶ᠎ᠠ ᠰᠤᠳᠤᠯᠤᠨ ᠰᠤᠷᠤᠯᠴᠠᠬᠤ ᠲᠤᠰᠬᠠᠢ ᠭᠠᠯᠳᠤ ᠲᠡᠷᠭᠡ ᠵᠢᠴᠢ ᠪᠥᠬᠥ ᠤᠯᠤᠰ᠎ᠤᠨ ᠶᠡᠬᠡᠩᠬᠢ ᠵᠢᠭᠤᠯᠴᠢᠯᠠᠯ᠎ᠤᠨ ᠬᠠᠯᠠᠮᠰᠢᠯ ᠭᠠᠵᠠᠷ ᠣᠷᠣᠨ᠎ᠢ ᠬᠠᠮᠤᠷᠤᠭᠰᠠᠨ 10 ᠭᠠᠷᠤᠢ ᠡᠭᠡᠯᠵᠢ ᠵᠢᠨ ᠵᠢᠭᠤᠯᠴᠢᠯᠠᠯ᠎ᠤᠨ ᠲᠤᠰᠬᠠᠢ ᠭᠠᠯᠳᠤ ᠲᠡᠷᠭᠡ ᠨᠡᠭᠡᠭᠡᠪᠡ᠃ ᠬᠣᠢᠰᠢᠳᠠ ᠪᠠᠰᠠ ᠦᠷᠭᠦᠯᠵᠢᠯᠡᠨ ᠵᠠᠬ᠎ᠠ ᠳᠡᠯᠭᠡᠭᠦᠷ᠎ᠦᠨ ᠬᠡᠷᠡᠭᠴᠡᠭᠡ᠎ᠶᠢ ᠦᠨᠳᠦᠰᠦᠯᠡᠨ  ᠠᠶᠠᠨᠴᠢᠳ᠎ᠤᠨ ᠲᠤᠰᠬᠠᠢ  ᠭᠠᠯᠳᠤ ᠲᠡᠷᠭᠡ᠎ᠶᠢ ᠨᠡᠭᠡᠭᠡᠵᠦ᠂ ᠭᠠᠵᠠᠷ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠪᠠ ᠠᠷᠠᠳ ᠣᠯᠠᠨ ᠎ᠤ ᠶᠠᠪᠤᠵᠤ ᠰᠠᠭᠤᠬᠤ᠎ᠳᠤ ᠨᠠᠢᠳᠠᠪᠤᠷᠢᠲᠠᠢ ᠪᠠᠲᠤᠯᠠᠭ᠎ᠠ ᠬᠠᠩᠭᠠᠬᠤ ᠪᠤᠯᠤᠨ᠎ᠠ᠃

ᠢᠷᠡᠯᠳᠡ᠄  ᠳᠠᠯ᠎ᠠ ᠨᠤᠳᠤᠭ᠎ᠤᠨ ᠡᠬᠦᠯᠡ ᠰᠢᠯᠵᠢᠶ᠎ᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号