ᠦᠨᠡᠨᠬᠦ ᠬᠢᠵᠦ᠍ ᠬᠠᠲᠠᠭᠤ᠎ᠲᠠᠶ ᠨᠢ ᠬᠠᠯᠳᠠᠨ ᠣᠨᠣᠴᠠᠲᠠᠶ ᠴᠡᠭ᠌ᠴᠡᠯᠡᠨ ᠰᠠᠢᠵᠢᠷᠠᠭᠤᠯᠵᠦ ᠪᠣᠳᠠᠲᠤ ᠦᠷ᠎ᠡ ᠪᠦᠲᠦᠮᠵᠢ ᠭᠠᠷᠭᠠᠨ᠎ᠠ
2025-06-29 12:25:10
ᠵᠣᠬᠢᠶᠠᠭ᠍ᠴᠢ᠄
ᠯᠢ ᠢᠦᠢ ᠵᠦᠸᠸ ᠱᠢᠶᠤᠤ ᠯᠦ᠍ ᠰᠦᠩ ᠠ ᠨᠠᠨ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠳᠦ᠂ ᠮᠠᠨ᠎ᠤ ᠣᠷᠣᠨ᠎ᠤ ᠡᠯ᠎ᠡ ᠭᠠᠵᠠᠷ᠎ᠤᠨ ᠬᠢᠨ ᠴᠢᠯᠠᠭᠤᠨ ᠳᠡᠭᠡᠷ᠎ᠡ ᠭᠢᠰᠭᠢᠪᠡᠯ ᠮᠥᠷ᠎ᠲᠡᠶ᠂ ᠲᠡᠮᠤᠷ᠎ᠢ ᠠᠳᠬᠤᠪᠠᠯ ᠤᠷᠤᠮ᠎ᠲᠠᠶ ᠪᠠᠢᠬᠤ ᠡᠷᠴᠢ ᠵᠣᠷᠢᠭ᠎ᠢᠶᠠᠷ ᠰᠤᠷᠲᠠᠯ᠎ᠤᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠠᠵᠢᠯ ᠬᠢᠵᠦ᠍ ᠦᠢᠯᠡᠰ ᠪᠤᠰᠭᠠᠵᠥ᠍᠂ ᠪᠠᠢᠩᠭᠤ᠎ᠶ᠋ᠢᠨ ᠪᠠ ᠤᠷᠳᠤ ᠬᠤᠭᠤᠴᠠᠭ᠎ᠠ᠂ ᠴᠢᠩᠭ᠎ᠠ ᠪᠠ ᠪᠣᠳᠠᠲᠠᠢ᠂ ᠭᠦᠨᠵᠡᠭᠡᠢ ᠪᠠ ᠨᠠᠷᠢᠯᠢᠭ ᠪᠠᠢᠬᠤ ᠲᠠᠯ᠎ᠠ᠎ᠪᠠᠷ ᠬᠦᠴᠦ᠍ᠯᠡᠵᠤ᠂  ᠳᠠᠳᠭᠠᠯ᠎ᠢ᠋ ᠪᠤᠢ ᠪᠤᠯᠭᠠᠵᠤ᠂ ᠦᠷ᠎ᠡ ᠪᠦᠲᠦᠮᠵᠢ ᠭᠠᠷᠭᠠᠵᠤ᠂ ᠭᠡᠪ ᠰᠤᠷᠳᠠᠯ ᠢ᠋ ᠪᠦᠷᠢᠯᠳᠦᠬᠦᠯᠵᠦ᠂ ᠱᠢᠯᠢᠳᠡᠭ ᠨᠠᠮ᠎ᠤᠨ ᠰᠤᠷᠲᠠᠯ᠎ᠢᠶᠠᠷ ᠨᠡᠢᠭᠡᠮ᠎ᠦᠨ ᠰᠤᠷᠲᠠᠯ ᠠᠷᠠᠳ᠎ᠤᠨ ᠰᠤᠷᠲᠠᠯ᠎ᠢ ᠲᠠᠰᠤᠷᠠᠯᠳᠠ ᠦᠭᠡᠢ ᠬᠦᠳᠦᠯᠦᠨ ᠳᠠᠭᠠᠭᠤᠯᠵᠦ ᠪᠤᠢ᠃

ᠬᠥᠯᠥᠨ ᠪᠣᠢᠷ ᠬᠣᠲᠠ᠎ᠶ᠋ᠢᠨ ᠬᠠᠭᠤᠴᠢᠨ ᠪᠠᠷᠭᠤ ᠬᠣᠱᠢᠭᠤ ᠴᠢᠩᠭ᠎ᠠ ᠪᠣᠳᠠᠲᠠᠶ ᠪᠠᠢᠬᠤ᠎ᠶ᠋ᠢ ᠪᠠᠷᠢᠮᠲᠠᠯᠠᠵᠤ᠂ ᠠᠰᠠᠭᠤᠳᠠᠯ᠎ᠢ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠦ ᠪᠠᠢᠨ᠎ᠠ᠃ 《ᠬᠣᠱᠢᠭᠤᠨ ᠤ᠋ ᠨᠠᠮ᠎ᠤᠨ ᠬᠣᠷᠢᠶ᠎ᠠ ᠨᠢᠭᠡᠳᠦᠯᠲᠡᠶ ᠲᠥᠯᠥᠪᠵᠢᠭᠦᠯᠬᠦ᠌ ᠂ ᠲᠤᠰᠭᠠᠶ ᠠᠩᠭᠢ ᠮᠦᠷᠳᠡᠨ ᠳᠠᠭᠠᠬᠤ᠂ ᠠᠵᠢᠯ ᠲᠥᠷᠥᠯ ᠵᠢᠡᠷ ᠠᠡᠭᠭᠢᠯᠠᠬᠤ》 ᠭᠤᠷᠪᠠᠨ ᠱᠠᠲᠤᠨ᠎ᠤ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠣᠱᠢᠭᠤᠨ ᠤ᠋ ᠨᠠᠮ᠎ᠤᠨ ᠬᠣᠷᠢᠶ᠎ᠠ ᠲᠣᠭ᠍ᠲᠠᠮᠠᠯ ᠬᠤᠭᠤᠴᠠᠭ᠎ᠠ᠎ᠲᠠᠶ᠎ᠪᠠᠷ ᠠᠵᠢᠯ ᠥᠷᠨᠢᠭᠦᠯᠦᠭ᠌ᠰᠡᠨ ᠪᠠᠢᠳᠠᠯ᠎ᠢ ᠰᠣᠨᠣᠰᠴᠤ᠌᠂ ᠠᠰᠠᠭᠤᠳᠠᠯ᠎ᠢ ᠰᠤᠳᠤᠯᠤᠨ ᠮᠠᠭᠠᠳᠯᠠᠵᠤ᠂ ᠡᠭᠦᠷᠭᠡ᠎ᠶ᠋ᠢ ᠪᠠᠢᠷᠢᠯᠠᠭᠤᠯᠤᠨ᠂ ᠪᠥᠬᠥ᠌ ᠲᠠᠯ᠎ᠠ᠎ᠪᠠᠷ ᠨᠢᠭᠡᠳᠦᠯᠲᠡᠶ ᠲᠥᠯᠥᠪᠵᠢᠭᠦᠯᠬᠦ᠌᠎ᠶ᠋ᠢ ᠴᠢᠩᠭᠠᠳᠭᠠᠪᠠ; ᠲᠤᠰᠭᠠᠶ ᠠᠩᠭᠢ 《ᠳᠣᠷᠣᠭ᠍ᠰᠢ ᠪᠠᠭᠤᠵᠤ ᠪᠠᠢᠴᠠᠭᠠᠨ ᠰᠤᠳᠤᠯᠬᠤ + ᠳᠤᠭᠤᠢᠯᠠᠩ ᠬᠤᠪᠢᠶᠠᠨ ᠬᠠᠷᠢᠯᠴᠠᠬᠤ + ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠣᠳᠣᠯᠭ᠎ᠠ》 ᠶ᠋ᠢᠨ ᠲᠣᠭ᠍ᠲᠠᠴᠠ᠎ᠶ᠋ᠢ ᠪᠠᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠠᠰᠠᠭᠤᠳᠠᠯ᠎ᠢ ᠪᠠᠢᠴᠠᠭᠠᠬᠤ ᠲᠡᠯᠬᠡᠬᠦ ᠵᠢ ᠪᠦᠬᠦᠨ᠎ᠢ ᠪᠦᠷᠬᠦᠬᠦᠯᠵᠦ ᠰᠤᠳᠤᠯᠤᠨ ᠮᠠᠭᠠᠳᠯᠠᠵᠤ᠂ ᠴᠡᠭ᠌ᠴᠡᠯᠡᠨ ᠰᠠᠢᠵᠢᠷᠠᠭᠤᠯᠬᠤ ᠨᠠᠷᠢᠨ ᠲᠠᠩᠰᠠ᠎ᠶ᠋ᠢ ᠵᠢᠯᠣᠭᠣᠳᠤᠨ ᠲᠣᠭ᠍ᠲᠠᠭᠠᠵᠤ᠂ ᠲᠠᠩᠰᠠ᠎ᠶ᠋ᠢ ᠬᠠᠷᠭᠤᠭᠤᠯᠤᠨ ᠳ᠋ᠤᠭᠠᠷ᠎ᠢ ᠬᠠᠰᠤᠵᠤ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠪᠠ; ᠠᠵᠢᠯ ᠲᠥᠷᠥᠯ᠎ᠦᠨ ᠱᠢᠰᠲ᠋ᠧᠮ᠎ᠦᠨ ᠨᠠᠮ᠎ᠤᠨ (ᠠᠵᠢᠯᠯᠠᠬᠤ) ᠬᠣᠷᠢᠶ᠎ᠠ 《ᠲᠠᠪᠤ᠎ᠶ᠋ᠢ ᠵᠢᠯᠣᠭᠣᠳᠴᠤ᠌ ᠬᠣᠶᠠᠷ᠎ᠢ ᠴᠢᠩᠭᠠᠳᠭᠠᠬᠤ》 ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍ ᠂ ᠨᠢᠭᠡᠳᠦᠭᠡᠷ ᠹᠷᠣᠨᠲ᠎ᠤᠨ ᠮᠠᠳᠠᠭ᠎ᠢ ᠲᠠᠢᠯᠬᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠵᠤᠬᠢᠴᠠᠭᠤᠯᠬᠤ᠎ᠪᠠᠷ ᠳᠠᠮᠵᠢᠨ᠂ ᠰᠤᠷᠤᠯᠴᠠᠯᠭ᠎ᠠ ᠬᠥᠮᠦᠵᠢᠯ᠎ᠢ ᠳᠡᠭᠡᠷ᠎ᠡ ᠳᠤᠤᠷ᠎ᠠ ᠱᠠᠲᠤ᠎ᠪᠠᠷ᠎ᠢᠶᠠᠨ ᠨᠡᠪᠲᠡᠷᠡᠯᠴᠡᠭᠦᠯᠬᠦ᠌᠂ ᠠᠳᠠᠯᠢ ᠠᠯᠬᠤᠮ᠎ᠢᠶᠠᠷ ᠶᠠᠪᠤᠭ᠍ᠳᠠᠭᠤᠯᠬᠤ᠎ᠶ᠋ᠢ ᠠᠬᠢᠭᠤᠯᠪᠠ᠃ ᠣᠳᠣᠬᠠᠨ ᠪᠣᠯᠲᠠᠯ᠎ᠠ᠂ ᠬᠠᠭᠤᠴᠢᠨ ᠪᠠᠷᠭᠤ ᠬᠣᠱᠢᠭᠤᠨ᠎ᠤ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠪᠠᠢᠴᠠᠭᠠᠵᠦ ᠵᠠᠳᠠᠯᠤᠬᠰᠠᠨ 193 ᠠᠰᠠᠭᠤᠳᠠᠯ᠎ᠳ᠋ᠤ ᠴᠥᠮ ᠲᠤᠬᠢᠷᠠᠯᠴᠠᠬᠰᠠᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭ᠍ᠲᠠᠭᠠᠵᠤ᠂ ᠶᠠᠭ ᠨᠢᠭᠡᠳ ᠨᠢᠭᠡ᠎ᠪᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ ᠪᠠᠢᠨ᠎ᠠ᠃ ᠲᠤᠰ ᠬᠣᠱᠢᠭᠤ ᠤᠯᠠᠨ ᠲᠦᠮᠡᠨ ᠤᠷᠤᠯᠴᠠᠬᠤ ᠪᠠ ᠤᠯᠠᠨ ᠲᠦᠮᠡᠨ᠎ᠦ ᠬᠢᠨᠠᠯᠲᠠ ᠲᠠᠯᠪᠢᠬᠤ᠎ᠶ᠋ᠢ ᠰᠤᠷᠤᠯᠴᠠᠯᠭ᠎ᠠ ᠬᠥᠮᠦᠵᠢᠯ᠎ᠦᠨ ᠪᠦᠬᠦ᠌ ᠶᠠᠪᠤᠴᠠ᠎ᠳᠤ ᠲᠤᠭᠤᠰᠢᠯᠠᠭᠤᠯᠬᠤ᠎ᠶ᠋ᠢ ᠴᠢᠬᠤᠯᠠᠴᠢᠯᠠᠵᠦ᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠦ᠂ 《ᠬᠠᠭᠤᠴᠢᠨ ᠪᠠᠷᠭᠤ ᠬᠣᠱᠢᠭᠤᠨ᠎ᠤ ᠨᠠᠮ᠎ᠤᠨ ᠪᠠᠢᠭᠤᠯᠤᠯᠲᠠ》 ᠵᠢᠷᠬᠢᠶ᠎ᠠ ᠵᠢᠨ ᠲᠠᠪᠴᠠᠩ᠎ᠳᠤ ᠰᠠᠨᠠᠯ ᠬᠤᠷᠢᠶᠠᠬᠤ ᠠᠯᠪᠠᠨ ᠵᠠᠷᠯᠠᠯ ᠨᠡᠢᠲᠡᠯᠡᠵᠦ᠂ 800 ᠭᠠᠷᠤᠶ ᠬᠤᠪᠢ ᠰᠦᠯᠵᠢᠶᠡᠨ᠎ᠦ ᠪᠠᠢᠴᠠᠭᠠᠯᠲᠠ᠎ᠶ᠋ᠢᠨ ᠠᠰᠠᠭᠤᠯᠲᠠ᠎ᠶ᠋ᠢᠨ ᠬᠠᠭᠤᠳᠠᠰᠤ ᠲᠠᠷᠬᠠᠭᠠᠵᠦ᠂ ᠡᠯ᠎ᠡ ᠰᠠᠯᠠᠭ᠎ᠠ ᠮᠥᠴᠢᠷ ᠨᠢᠭᠡᠴᠢ᠎ᠶ᠋ᠢ ᠵᠣᠬᠢᠶᠠᠨ ᠪᠠᠢᠭᠤᠯᠤᠨ ᠶᠠᠷᠢᠯᠴᠠᠵᠤ ᠰᠤᠯᠢᠯᠴᠠᠬᠤ᠂ ᠠᠷᠠᠳ᠎ᠤᠨ ᠪᠠᠢᠳᠠᠯ ᠢ᠋ ᠤᠢᠯᠠᠭᠠᠵᠦ ᠰᠡᠳᠬᠢᠯ ᠵᠢᠡᠨ ᠤᠯᠤᠯᠴᠠᠬᠤ ᠬᠤᠷᠠᠯ ᠵᠡᠷᠭᠡ ᠪᠡᠷ ᠲᠠᠮᠵᠢᠨ᠂ ᠣᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠬᠤᠷᠢᠶᠠᠵᠤ᠂ ᠬᠠᠮᠲᠤ᠎ᠳᠤᠨᠢ 《ᠬᠤᠤᠰ ᠦᠶ᠋ᠯᠡᠴᠢᠯᠡᠭᠡ᠂ ᠬᠣᠣᠰ ᠨᠡᠷ᠎ᠡ ᠮᠡᠳᠡᠭᠦᠯᠬᠦ᠂ ᠬᠣᠣᠰ ᠮᠡᠳᠡᠭᠦᠯᠦᠯᠲᠡ》 ᠪᠡᠷ ᠠᠴᠢᠶᠠᠯᠠᠪᠤᠷᠢ ᠪᠤᠯᠭᠠᠵᠤ᠂ 《ᠣᠯᠠᠨ ᠲᠦᠮᠡᠨ ᠤ᠋ ᠪᠠᠴᠢᠮᠳᠠᠵᠤ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ ᠢ᠋ ᠨᠠᠮ᠎ᠤᠨ ᠭᠡᠱᠢᠭᠦᠨ ᠬᠠᠪᠰᠤᠷᠤᠨ ᠭᠦᠢᠴᠡᠳᠭᠡᠭ᠌ᠦ ᠣᠷᠣᠯᠠᠨ ᠭᠦᠢᠴᠡᠳᠭᠡᠭ᠌ᠦ》 ᠵᠢ ᠢᠳᠡᠪᠬᠢᠳᠡᠢ ᠠᠬᠢᠭᠤᠯᠵᠤ᠂ ᠠᠵᠢᠯ᠎ᠤᠨ ᠪᠠᠢᠷᠢᠨ᠎ᠳᠤ ᠪᠠᠢᠭ᠎ᠠ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ 150 ᠭᠠᠷᠤᠢ ᠤᠳᠠᠭ᠎ᠠ ᠰᠠᠢ᠌ᠨ ᠳᠤᠷ᠎ᠠ᠎ᠶ᠋ᠢᠨ ᠦᠢᠯᠡᠴᠢᠯᠡᠭᠡ ᠥᠷᠨᠢᠭᠦᠯᠵᠦ᠂ ᠤᠯᠠᠨ ᠲᠦᠮᠡᠨ᠎ᠦ 《ᠪᠢᠴᠢᠯ ᠬᠦᠰᠡᠯ》 ᠢ᠋ 130 ᠭᠠᠷᠤᠢ ᠬᠤᠪᠢ ᠱᠢᠢᠳᠪᠦᠷᠢᠯᠡᠵᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠬᠤ᠎ᠶ᠋ᠢ ᠰᠤᠷᠤᠯᠴᠠᠯᠭ᠎ᠠ ᠬᠥᠮᠦᠵᠢᠯ᠎ᠦᠨ ᠪᠦᠬᠦ᠌ ᠶᠠᠪᠤᠴᠠ᠎ᠳᠤ ᠲᠤᠭᠤᠱᠢᠯᠠᠭᠤᠯᠪᠠ᠃

ᠣᠢᠷ᠎ᠠ᠎ᠳᠤ᠂ ᠤᠯᠠᠭᠠᠨᠬᠠᠳᠠ ᠬᠣᠲᠠ᠎ᠶ᠋ᠢᠨ ᠣᠩᠨᠢᠭᠤᠳ ᠬᠣᠱᠢᠭᠤᠨ᠎ᠤ ᠱᠢᠩ ᠤᠪᠤᠬᠳᠦ ᠨᠠᠰᠤᠳᠠᠨ ᠬᠡᠦᠬᠡᠳ᠎ᠢᠶᠡᠨ ᠠᠯᠳᠠᠵᠦ᠂ ᠡᠪᠦᠭᠡᠨ ᠬᠥᠭ᠌ᠰᠢᠨ ᠬᠣᠶᠠᠭᠤᠯᠠ ᠬᠦᠦ᠍᠎ᠶ᠋ᠢᠨ᠎ᠢᠶᠡᠨ ᠬᠣᠢᠲᠤᠬᠢ ᠶᠠᠪᠤᠳᠠᠯ᠎ᠢ ᠰᠠᠢᠲᠤᠷ ᠪᠦᠲᠦᠭᠡᠬᠦ᠌᠎ᠶ᠋ᠢ ᠪᠤᠳᠤᠵᠤ ᠪᠠᠢᠬᠰᠠᠨ ᠴᠦ᠍ ᠶᠠᠪᠤᠴᠠ᠎ᠶ᠋ᠢ ᠨᠢ ᠣᠢᠯᠠᠭᠠᠬᠤ ᠦᠭᠡᠢ ᠰᠠᠨᠠᠭ᠎ᠠ ᠵᠣᠪᠠᠵᠤ ᠪᠠᠢᠪᠠ᠃ ᠡᠨᠡ ᠤᠴᠢᠷ᠎ᠢ ᠮᠡᠳᠡᠭ᠌ᠰᠡᠨ᠎ᠦ ᠳᠠᠷᠠᠭ᠎ᠠ᠂ ᠣᠩᠨᠢᠭᠤᠳ ᠬᠣᠱᠢᠭᠤᠨ᠎ᠤ ᠣᠷᠣᠱᠢᠭᠤᠯᠭ᠎ᠠ᠎ᠶ᠋ᠢᠨ ᠭᠠᠵᠠᠷ᠎ᠤᠨ ᠠᠵᠢᠯᠲᠠᠨ ᠡᠴᠡ ᠬᠡᠷᠡᠭ᠌ᠰᠡᠬᠦ᠌ ᠵᠦᠶ᠋ᠯᠡᠰ᠎ᠢ ᠦᠨᠳᠦᠰᠦᠯᠡᠨ ᠳ᠋ᠦᠩᠨᠡᠨ ᠪᠤᠳᠤᠬᠤ ᠬᠠᠭᠤᠳᠠᠰᠤ ᠭᠠᠷᠭᠠᠵᠤ᠂ ᠡᠯ᠎ᠡ ᠵᠦᠶ᠋ᠯ᠎ᠦᠨ ᠦᠶ᠋ᠯᠡᠴᠢᠯᠡᠭᠡᠨ᠎ᠦ ᠰᠦᠶ᠋ᠳᠭᠡᠯ᠎ᠢ ᠬᠠᠰᠤᠵᠤ ᠬᠡᠯᠲᠦᠷᠢᠭᠦᠯᠦᠭ᠌ᠰᠡᠨ ᠪᠠᠢᠳᠠᠯ᠎ᠢ ᠱᠢᠩ ᠤᠪᠤᠬᠳᠦ ᠨᠠᠰᠤᠲᠠᠨ᠎ᠳᠤ ᠨᠢᠭᠡᠳ ᠨᠢᠭᠡ᠎ᠪᠡᠷ ᠬᠡᠯᠡᠵᠦ ᠥᠭ᠌ᠪᠡ᠃ 《ᠲᠠ᠎ᠨᠠᠷ᠎ᠤᠨ ᠶᠠᠷᠢᠬᠤ᠎ᠶ᠋ᠢ ᠰᠣᠨᠣᠰᠤᠭᠠᠳ ᠰᠦᠢᠳᠭᠡᠯ ᠬᠤᠷᠢᠶᠠᠬᠤ ᠪᠠᠷᠢᠮᠵᠢᠶ᠎ᠠ ᠵᠢ ᠲᠣᠳᠣᠷᠬᠠᠶ ᠤᠢᠯᠠᠭᠠᠯ᠎ᠠ》 ᠭᠡᠵᠦ ᠰᠢᠡᠭ ᠤᠪᠤᠬᠳᠦ ᠨᠠᠰᠤᠲᠠᠨ ᠬᠡᠯᠡᠨ᠎ᠠ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠣᠩᠨᠢᠭᠤᠳ ᠬᠣᠱᠢᠭᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ 《ᠲᠥᠷᠥᠯ ᠵᠦᠶ᠋ᠯ᠎ᠢ ᠬᠠᠰᠤᠵᠤ ᠰᠦᠶ᠋ᠳᠭᠡᠯ᠎ᠢ ᠪᠠᠭᠤᠷᠠᠭᠤᠯᠬᠤ ᠱᠢᠯᠢᠳᠡᠭ ᠦᠶ᠋ᠯᠡᠴᠢᠯᠡᠭᠡ》 ᠶ᠋ᠢᠨ ᠠᠷᠭ᠎ᠠ ᠬᠡᠮᠵᠢᠶ᠎ᠡ᠎ᠶ᠋ᠢ ᠭᠡᠷᠡᠭᠵᠢᠬᠦᠯᠵᠦ᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠣᠷᠣᠱᠢᠭᠤᠯᠭ᠎ᠠ᠎ᠶ᠋ᠢᠨ ᠦᠶ᠋ᠯᠡᠴᠢᠯᠡᠭᠡᠨ᠎ᠦ ᠦᠨ᠎ᠡ ᠬᠠᠩᠰᠢ᠎ᠶ᠋ᠢ ᠪᠥᠬᠥ᠌ ᠲᠠᠯ᠎ᠠ᠎ᠪᠠᠷ ᠡᠮᠬᠢᠯᠡᠨ ᠲᠣᠬᠢᠷᠠᠭᠤᠯᠵᠤ᠂ 6 ᠲᠥᠷᠥᠯ ᠵᠦᠶ᠋ᠯ ᠤ᠋ᠨ ᠰᠦᠶ᠋ᠳᠭᠡᠯ ᠢ᠋ ᠪᠠᠭᠤᠷᠠᠭᠤᠯᠵᠤ᠂ ᠰᠦᠶ᠋ᠳᠭᠡᠯ ᠬᠤᠷᠢᠶᠠᠬᠤ 2 ᠲᠥᠷᠥᠯ ᠵᠦᠶ᠋ᠯ ᠎ᠢ ᠬᠦᠴᠦᠨ ᠥᠬᠡᠶ ᠪᠣᠯᠭᠠᠪᠠ᠃ ᠡᠭᠦᠨ᠎ᠦ ᠬᠠᠮᠲᠤ ᠣᠷᠣᠱᠢᠭᠤᠯᠭ᠎ᠠ᠎ᠶ᠋ᠢᠨ ᠦᠶ᠋ᠯᠡᠴᠢᠯᠡᠭᠡᠨ᠎ᠦ ᠲᠥᠷᠥᠯ ᠵᠦᠶ᠋ᠯ᠎ᠦᠨ ᠨᠠᠷᠢᠨ ᠲᠠᠡᠭᠰᠠ᠎ᠶ᠋ᠢ ᠲᠣᠭ᠍ᠲᠠᠭᠠᠵᠤ᠂ ᠦᠨᠳᠦᠰᠦᠨ ᠦᠶ᠋ᠯᠡᠴᠢᠯᠡᠭᠡ ᠬᠢᠭᠡᠳ ᠤᠷᠲᠤᠳᠭᠠᠭ᠍ᠰᠠᠨ ᠦᠶ᠋ᠯᠡᠴᠢᠯᠡᠭᠡᠨ᠎ᠦ ᠠᠭᠤᠯᠭ᠎ᠠ᠎ᠶ᠋ᠢ ᠲᠣᠳᠣᠷᠬᠠᠢᠯᠠᠵᠤ᠂ ᠪᠣᠶ ᠪᠥᠬᠥᠶ ᠰᠦᠶ᠋ᠳᠭᠡᠯ ᠬᠤᠷᠢᠶᠠᠬᠤ ᠲᠥᠷᠥᠯ ᠵᠦᠶ᠋ᠯ᠎ᠢ ᠵᠠᠷᠯᠠᠨ ᠨᠡᠢᠲᠡᠯᠡᠵᠦ᠍᠂ ᠨᠡᠢᠭᠡᠮ᠎ᠦᠨ ᠬᠢᠨᠠᠯᠲᠠ᠎ᠶ᠋ᠢ ᠬᠦᠯᠢᠶᠡᠵᠦ᠍᠂ ᠣᠷᠣᠱᠢᠭᠤᠯᠭ᠎ᠠ᠎ᠶ᠋ᠢᠨ ᠠᠵᠢᠯ ᠲᠥᠷᠥᠯ᠎ᠦᠨ 《ᠬᠦᠶ᠋ᠲᠡᠮᠰᠦᠭ》 ᠰᠠᠭᠤᠭ᠍ᠳᠠᠯ᠎ᠢ 《ᠬᠠᠯᠠᠭᠤᠮᠰᠤᠭ》 ᠦᠢᠯᠡᠴᠢᠯᠡᠭᠡ ᠪᠣᠯᠭᠠᠨ ᠬᠤᠪᠢᠷᠠᠭᠤᠯᠪᠠ᠃

ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ 《ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ》 ᠶ᠋ᠢ ᠠᠵᠢᠯ᠎ᠤᠨ ᠰᠤᠷᠲᠠᠯ᠎ᠢᠶᠠᠨ ᠬᠤᠪᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠱᠢᠪᠲᠤᠯᠤᠯᠲᠠ᠎ᠶ᠋ᠢᠨ ᠴᠡᠭ ᠪᠣᠯᠭᠠᠵᠤ᠂ ᠶᠠᠮᠠᠷ ᠠᠰᠠᠭᠤᠳᠠᠯ ᠪᠠᠢᠪᠠᠯ ᠲᠡᠷᠡ ᠠᠰᠠᠭᠤᠳᠠᠯ᠎ᠢ ᠱᠢᠶ᠋ᠳᠪᠦᠷᠢᠯᠡᠬᠦ᠌᠂ ᠶᠠᠮᠠᠷ ᠠᠰᠠᠭᠤᠳᠠᠯ ᠲᠣᠪᠣᠢᠮ᠎ᠠ ᠪᠠᠢᠪᠠᠯ ᠲᠡᠷᠡ ᠠᠰᠠᠭᠤᠳᠠᠯ᠎ᠢ ᠭᠤᠤᠯᠳᠠᠯᠭ᠎ᠠ᠎ᠲᠠᠶ ᠴᠡᠭ᠌ᠴᠡᠯᠡᠨ ᠵᠠᠰᠠᠬᠤ᠎ᠶ᠋ᠢ ᠪᠠᠷᠢᠮᠲᠠᠯᠠᠵᠤ᠂ ᠪᠥᠬᠥ᠌ ᠲᠤᠭᠤᠷᠢᠭ ᠤ᠋ᠨ 68 ᠰᠠᠯᠠᠭ᠎ᠠ ᠮᠥᠴᠢᠷ ᠨᠢᠭᠡᠴᠢ᠎ᠶ᠋ᠢᠨ᠎ᠬᠢᠨ ᠨᠡᠢᠲᠡ 252 ᠠᠰᠠᠭᠤᠳᠠᠯ᠎ᠢ ᠪᠠᠢᠴᠠᠭᠠᠨ ᠵᠠᠳᠠᠯᠵᠤ᠂ ᠨᠢᠭᠡᠨᠲᠡ 135 ᠠᠰᠠᠭᠤᠳᠠᠯ᠎ᠢ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ ᠶ᠋ᠢ ᠠᠬᠢᠭᠤᠯᠪᠠ᠃ ᠲᠥᠪᠯᠡᠷᠡᠩᠭᠦᠶ ᠨᠡᠢᠲᠡᠯᠢᠭ ᠴᠢᠨᠠᠷ ᠳᠠᠢ᠂ ᠠᠮᠠᠷᠬᠠᠨ ᠡᠭᠦᠰᠭᠦ ᠣᠯᠠᠨ ᠡᠭᠦᠰᠭᠦ᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠪᠥᠬᠥ᠌ ᠬᠦᠴᠦᠨ᠎ᠢᠶᠡᠷ ᠥᠷᠨᠢᠭᠦᠯᠦᠨ᠂ 《ᠺᠠᠳ᠋ᠷ ᠬᠢᠬᠦ ᠳ᠋ᠤ ᠴᠢᠳᠠᠮᠠᠭᠠᠢ ᠪᠤᠰᠤ᠂ ᠬᠢᠬᠦ ᠵᠤᠷᠢᠭ ᠥᠬᠡᠶ᠂ ᠬᠢᠵᠦ᠍ ᠴᠢᠳᠠᠬᠤ ᠥᠬᠡᠶ》᠂ 《ᠠᠷᠪᠢᠯᠠᠵᠦ ᠭᠠᠮᠨᠠᠬᠤ ᠠᠮᠢᠳᠤᠷᠠᠯ᠎ᠳᠤ ᠳᠠᠳᠭᠤ ᠥᠬᠡᠶ ᠪᠦᠷᠢᠯᠭᠡᠨ ᠰᠦᠶ᠋ᠳᠭᠡᠬᠦ᠌》 ᠵᠡᠷᠭᠡ ᠲᠤᠪᠤᠢᠮ᠎ᠠ ᠤᠷᠤᠰᠢᠵᠤ ᠪᠠᠢᠭ᠎ᠠ 6 ᠲᠠᠯ᠎ᠠ᠎ᠶ᠋ᠢᠨ ᠠᠰᠠᠭᠤᠳᠠᠯ᠎ᠤᠨ ᠨᠠᠷᠢᠨ ᠲᠠᠩᠰᠠ᠎ᠶ᠋ᠢ ᠡᠮᠬᠢᠯᠡᠨ ᠪᠦᠷᠢᠯᠳᠦᠭᠦᠯᠵᠦ᠍᠂ 《ᠨᠢᠭᠡ ᠵᠦᠶ᠋ᠯ᠎ᠢ ᠴᠡᠭ᠌ᠴᠡᠯᠡᠨ ᠰᠠᠢᠵᠢᠷᠠᠭᠤᠯᠵᠦ᠂ ᠨᠢᠭᠡ ᠬᠡᠰᠡᠭ᠎ᠢ ᠵᠠᠰᠠᠵᠦ᠂ ᠨᠢᠭᠡ ᠣᠷᠣᠨ᠎ᠢ ᠵᠢᠷᠤᠮᠵᠢᠭᠤᠯᠬᠤ》 ᠪᠠᠷ ᠰᠤᠷᠲᠠᠯ᠎ᠤᠨ ᠪᠠᠢᠭᠤᠯᠤᠯᠲᠠ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠪᠠ᠃ 《ᠢᠳᠡᠭᠡᠨ ᠤᠮᠳᠠᠭᠠᠨ᠎ᠤ ᠠᠮᠤᠷ ᠲᠦᠪᠱᠢᠨ》 ᠵᠡᠷᠭᠡ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠠᠵᠢᠯᠯᠠᠭ᠎ᠠ ᠥᠷᠨᠢᠭᠦᠯᠵᠦ᠍᠂ ᠪᠤᠭᠤᠲᠤ ᠬᠣᠲᠠ᠎ᠶ᠋ᠢᠨ ᠠᠩᠬᠠᠳᠠᠭ᠍ᠴᠢ 《ᠬᠦᠨᠳᠡᠯᠡᠨ ᠲᠤᠭᠤᠷᠢᠭ᠎ᠢ ᠬᠠᠮᠠᠭᠠᠯᠠᠬᠤ ᠬᠤᠷᠴᠨ ᠰᠠᠯᠡᠮ᠎ᠠ》 ᠢᠯᠡᠴᠢᠯᠡᠬᠦ᠌ ᠲᠠᠪᠴᠠᠩ᠎ᠢ ᠱᠢᠨ᠎ᠡ᠎ᠵᠢ ᠡᠭᠦᠳᠦᠨ ᠪᠠᠢᠭᠤᠯᠵᠤ᠂ ᠣᠢᠷ᠎ᠠ᠎ᠶ᠋ᠢᠨ ᠬᠤᠭᠤᠴᠠᠭᠠᠨ᠎ᠳᠤ 8 ᠵᠢᠵᠢᠭ ᠦᠶ᠋ᠯᠡᠳᠭᠡᠯ᠎ᠦᠨ ᠭᠠᠵᠠᠷ᠎ᠢ ᠵᠠᠯᠭᠠᠭ᠎ᠠ᠎ᠪᠠᠷ ᠪᠠᠢᠴᠠᠭᠠᠨ ᠱᠢᠶ᠋ᠳᠪᠦᠷᠢᠯᠡᠵᠦ᠍ ᠢᠯᠡᠴᠢᠯᠡᠵᠦ᠍᠂ ᠱᠢᠨ᠎ᠡ᠎ᠶ᠋ᠢ ᠡᠭᠦᠳᠦᠭᠰᠡᠨ ᠬᠢᠨᠠᠯᠲᠠ ᠬᠠᠮᠢᠶᠠᠷᠤᠯᠲᠠ ᠪᠡᠷ ᠢᠳᠡᠭᠡᠨ᠎ᠦ ᠠᠮᠤᠷ ᠲᠦᠪᠱᠢᠨ᠎ᠢ ᠨᠡᠢᠭᠡᠮ᠎ᠢᠶᠡᠷ᠎ᠢᠶᠡᠨ ᠬᠠᠮᠲᠤ᠎ᠪᠠᠷ ᠵᠠᠰᠠᠬᠤ᠎ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号