ᠶᠢᠰᠦᠳᠦᠭᠡᠷ ᠬᠤᠭᠤᠴᠠᠭᠠᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠤ ᠦᠢᠯᠡᠰ ᠤ᠋ᠨ ᠦᠵᠡᠰᠭᠦᠯᠡᠩ ᠪᠠ ᠠᠷᠠᠯᠵᠢᠶᠠᠨ ᠤ᠋ ᠴᠤᠭ᠍ᠯᠠᠭᠠᠨ 7 ᠰᠠᠷ᠎ᠠ ᠶ᠋ᠢᠨ 17 ᠳ᠋ᠦ ᠡᠬᠢᠯᠡᠨ᠎ᠠ
2025-06-30 15:52:18
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠶᠢᠰᠦᠳᠦᠭᠡᠷ ᠬᠤᠭᠤᠴᠠᠭᠠᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠠᠵᠤ ᠦᠶ᠋ᠯᠡᠰ ᠤ᠋ᠨ ᠦᠵᠡᠰᠭᠦᠯᠡᠩ᠎ᠪᠠ ᠠᠷᠠᠯᠵᠢᠶᠠᠨ ᠤ᠋ ᠴᠤᠭ᠍ᠯᠠᠭᠠᠨ 2025 ᠣᠨ ᠤ᠋ 7 ᠰᠠᠷ᠎ᠠ ᠶ᠋ᠢᠨ 17 — 21 ᠤ᠋ ᠡᠳᠦᠷ ᠪᠣᠯᠲᠠᠯ᠎ᠠ ᠥᠪᠥᠷ ᠮᠣᠩᠭᠣᠯ ᠤ᠋ᠨ ᠣᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠶᠠᠪᠤᠭ᠍ᠳᠠᠬᠤ ᠪᠡᠷ ᠪᠤᠯᠵᠦ᠂ ᠤᠳᠤᠬᠠᠨ ᠳ᠋ᠤ ᠡᠯ᠎ᠠ ᠳᠠᠯ᠎ᠠ ᠶ᠋ᠢᠨ ᠪᠡᠯᠡᠳᠬᠡᠯ ᠠᠵᠢᠯ ᠢ᠋ ᠡᠷᠴᠢᠮᠳᠠᠢ ᠬᠢᠵᠦ ᠪᠠᠢᠨ᠎ᠠ᠃

ᠲᠣᠰ ᠬᠤᠭᠤᠴᠠᠭᠠᠨ ᠤ᠋ ᠦᠵᠡᠰᠭᠦᠯᠡᠩ ᠴᠤᠭ᠍ᠯᠠᠭᠠᠨ ᠨᠢ 《ᠡᠬᠦᠳᠦᠯᠳᠡ ᠰᠢᠨᠡᠴᠢᠯᠡᠯᠳᠡ ᠶ᠋ᠢᠨ ᠤᠮᠠᠷᠠᠲᠤ ᠬᠢᠯᠢ ᠤᠶᠤᠨᠴᠢ ᠮᠡᠷᠭᠡᠵᠢᠯ ᠤ᠋ᠨ ᠦᠵᠡᠰᠭᠦᠯᠡᠩ ᠴᠤᠭᠯᠠᠭᠠᠨ》 ᠢ᠋ᠶ᠋ᠡᠷ ᠭᠤᠤᠯ ᠰᠡᠳᠦᠪ ᠪᠣᠯᠭᠠᠵᠤ᠂ ᠤᠮᠠᠷᠠᠲᠤ ᠬᠢᠯᠢ ᠶ᠋ᠢᠨ ᠰᠣᠶᠣᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ᠂ ᠰᠣᠶᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ᠂ ᠤᠶᠤᠨᠲᠤ ᠵᠢᠭᠤᠯᠴᠢᠯᠠᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ᠂ ᠰᠣᠶᠣᠯ ᠤ᠋ᠨ ᠦᠵᠡᠰᠭᠦᠯᠡᠩ ᠰᠣᠶᠣᠯ ᠤ᠋ᠨ ᠡᠭᠦᠳᠦᠯᠲᠡ ᠶ᠋ᠢᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠵᠡᠷᠭᠡ 9 ᠦᠵᠡᠭᠦᠯᠭᠡ ᠶ᠋ᠢᠨ ᠲᠣᠭᠣᠷᠢᠭ᠎ᠲᠣᠬᠢᠷᠠᠭᠤᠯᠵᠤ᠂ ᠪᠥᠬᠥ᠌ ᠣᠷᠣᠨ ᠤ᠋ ᠰᠣᠶᠣᠯ ᠤ᠋ᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ ᠦᠷ᠎ᠡ ᠪᠦᠲᠦᠭᠡᠯ ᠢ᠋ ᠲᠥᠪᠯᠡᠷᠡᠭᠦᠯᠦᠨ ᠦᠵᠡᠭᠦᠯᠵᠦ᠍᠂ ᠣᠷᠣᠨ ᠪᠦᠰᠡ ᠶ᠋ᠢᠨ ᠰᠣᠯᠢᠯᠴᠠᠭ᠎ᠠ ᠪᠠ ᠠᠵᠤ ᠦᠶ᠋ᠯᠡᠰ ᠤ᠋ᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠦ᠍ᠨ᠂ ᠤᠮᠠᠷᠠᠲᠤ ᠬᠢᠯᠢ ᠶ᠋ᠢᠨ ᠰᠣᠶᠣᠯ ᠤ᠋ᠨ ᠲᠥᠷᠥᠯ ᠲᠡᠮᠳᠡᠭ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠠᠯᠳᠠᠷᠰᠢᠭᠤᠯᠵᠦ᠂ ᠰᠣᠶᠣᠯ ᠤ᠋ᠨ ᠠᠵᠤ ᠦᠶ᠋ᠯᠡᠰ ᠤ᠋ᠨ ᠰᠤᠯᠢᠯᠴᠠᠭ᠎ᠠ ᠲᠤᠯᠢᠯᠳᠠᠯ ᠳᠡᠯᠭᠡᠷᠡᠬᠦᠯᠦᠯᠳᠡ ᠵᠢ ᠠᠬᠢᠭᠤᠯᠬᠤ ᠪᠤᠯᠤᠨ᠎ᠠ᠃

ᠲᠤᠰ ᠬᠤᠭᠤᠴᠠᠭᠠᠨ ᠤ᠋ ᠦᠵᠡᠰᠭᠦᠯᠡᠩ ᠴᠤᠭ᠍ᠯᠠᠭᠠᠨ ᠳ᠋ᠦ ᠤᠯᠠᠨ ᠡᠬᠦᠳᠦᠯᠳᠡ ᠰᠢᠨᠡᠴᠢᠯᠡᠯᠳᠡ ᠲᠠᠢ ᠪᠠᠢᠵᠤ᠂ ᠠᠩᠬ᠎ᠠ ᠤᠳᠠᠭ᠎ᠠ 《ᠠᠵᠢᠨᠠᠢ ᠬᠦᠯᠦᠭ᠎ᠤᠨ ᠳᠡᠬᠦᠯᠢᠯᠳᠡ ᠤᠶᠤᠨᠳᠦ ᠮᠡᠷᠭᠡᠵᠢᠯ ᠤ᠋ᠨ ᠳᠡᠯᠡᠬᠡᠢᠵᠢᠯᠳᠡ》 ᠬᠡᠮᠡᠬᠦ ᠤᠶᠤᠨᠲᠤ ᠵᠢᠭᠤᠯᠴᠢᠯᠠᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠭᠠᠷᠭᠠᠵᠤ᠂ ᠦᠪᠡᠷᠳᠡᠭᠡᠨ ᠵᠠᠰᠠᠬᠤ ᠤᠷᠤᠨ ᠡᠴᠡ ᠰᠤᠶᠤᠯ ᠵᠢᠭᠤᠯᠴᠢᠯᠠᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ᠋ ᠠᠰᠢᠬᠯᠠᠨ ᠤᠶᠤᠨᠳᠦ ᠵᠢᠭᠤᠯᠴᠢᠯᠠᠯ ᠢ᠋ ᠬᠦᠭᠵᠢᠬᠦᠯᠬᠦ᠎ᠵᠢ ᠵᠤᠷᠢᠵᠦ ᠪᠠᠢᠨ᠎ᠠ; ᠤᠮᠠᠷᠠᠲᠤ ᠬᠢᠯᠢ ᠶ᠋ᠢᠨ ᠰᠣᠶᠣᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠢ᠋ ᠤᠯᠠᠮ ᠳᠡᠬᠦᠯᠳᠡᠷᠵᠢᠬᠦᠯᠦᠨ ᠳᠡᠰ ᠳᠡᠪᠰᠢᠬᠦᠯᠵᠦ᠂ ᠰᠢᠰᠲ᠋ᠧᠮ ᠲᠠᠢ᠂ ᠲᠦᠪᠯᠡᠷᠡᠩᠬᠦᠢ᠂ ᠰᠢᠨᠡᠴᠢᠯᠡᠯᠳᠡ ᠲᠠᠢ ᠪᠡᠷ ᠤᠮᠠᠷᠠᠳᠦ ᠬᠢᠯᠢ ᠶ᠋ᠢᠨ ᠰᠤᠶᠤᠯ ᠢ᠋ ᠲᠠᠯᠬᠡᠨ ᠦᠵᠡᠬᠦᠯᠦᠨ᠎ᠠ; 《ᠲᠤᠭᠠᠴᠢᠯᠠᠯᠳᠠ ᠪᠡᠷ ᠲᠦᠮᠡᠨ ᠪᠤᠳᠠᠰ ᠢ᠋ ᠬᠤᠯᠪᠤᠵᠦ ᠤᠶᠤᠨᠴᠢᠯᠠᠯᠳᠠ ᠪᠡᠷ ᠢᠷᠡᠭᠡᠳᠦᠢ᠎ᠵᠢ ᠴᠤᠭᠴᠠᠯᠠᠬᠤ》 ᠰᠣᠶᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠢ᠋ ᠤᠨᠴᠠᠯᠠᠨ ᠭᠠᠷᠭᠠᠵᠦ᠂ ᠰᠤᠶᠤᠯ ᠵᠢᠭᠤᠯᠴᠢᠯᠠᠯ ᠤ᠋ᠨ ᠠᠵᠤ ᠦᠢᠯᠡᠰ ᠤ᠋ᠨ ᠰᠢᠨ᠎ᠠ ᠬᠦᠴᠦᠨ ᠰᠢᠨ᠎ᠠ ᠬᠠᠨᠳᠤᠰᠢ ᠵᠢ ᠬᠦᠴᠦᠯᠡᠨ ᠴᠤᠭᠴᠠᠯᠠᠨ᠎ᠠ; ᠨᠡᠬᠡᠬᠡᠯᠳᠡ ᠬᠢᠬᠦ ᠪᠠᠨ ᠦᠷᠭᠡᠳᠬᠡᠵᠦ᠂ 《ᠨᠢᠭᠡ ᠪᠦᠰᠡ ᠨᠢᠭᠡ ᠵᠠᠮ》 ᠳᠠᠭᠠᠤ ᠶ᠋ᠢᠨ 20 ᠭᠠᠷᠤᠢ ᠤᠯᠤᠰ ᠭᠠᠵᠠᠷ ᠤᠷᠤᠨ ᠤ᠋ ᠪᠦᠳᠦᠭᠡᠭᠳᠡᠬᠦᠨ ᠢ᠋ ᠳᠡᠯᠭᠡᠨ ᠦᠵᠡᠬᠦᠯᠵᠦ᠂ ᠬᠠᠮᠳᠤᠷᠠᠯᠴᠠᠭ᠎ᠠ ᠰᠤᠯᠢᠯᠴᠠᠭ᠎ᠠ ᠪᠠᠨ ᠠᠬᠢᠭᠤᠯᠤᠨ᠎ᠠ; ᠵᠠᠬ᠎ᠠ ᠳᠡᠯᠭᠡᠭᠦᠷᠴᠢᠯᠡᠭᠰᠡᠨ ᠡᠵᠡᠩᠨᠡᠯᠳᠡ ᠵᠢ ᠠᠬᠢᠭᠤᠯᠵᠤ᠂ ᠰᠡᠯᠡᠬᠦᠴᠡᠯ ᠠᠮᠢᠳᠤᠷᠠᠯ ᠤ᠋ᠨ ᠲᠤᠭᠤᠷᠢᠭ ᠪᠤᠯᠤᠨ ᠴᠠᠭ ᠤ᠋ᠨ ᠤᠷᠤᠰᠬᠠᠯᠳᠦ ᠲᠤᠭᠤᠷᠢᠭ ᠭᠠᠷᠭᠠᠨ ᠰᠢᠨ᠎ᠠ ᠬᠡᠷᠡᠭᠯᠡᠭᠡ᠎ᠵᠢ ᠬᠦᠭᠵᠢᠬᠡᠬᠦ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号