ᠰᠤᠷᠭᠠᠨ ᠬᠥᠮᠦᠵᠢᠯ᠎ᠦᠨ ᠶᠠᠮᠤᠨ᠄ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠬᠤᠭᠤᠴᠠᠭᠠᠨ᠎ᠳᠤ ᠮᠡᠬᠡᠯᠡᠭ᠌ᠳᠡᠬᠦ᠌ ᠡᠴᠡ ᠰᠡᠷᠭᠡᠢᠯᠡᠬᠦ᠌ ᠬᠡᠷᠡᠭ᠌ᠲᠡᠶ
2025-06-30 10:10:04
ᠵᠣᠬᠢᠶᠠᠭ᠍ᠴᠢ᠄
ᠸᠠᠩ ᠫᠸᠩ ᠸᠧᠶ ᠭᠤᠸᠠᠨ ᠢᠦᠶ
ᠣᠩᠱᠢᠭ᠍ᠰᠠᠨ ᠣᠳᠠᠭ᠎ᠠ᠄
★★★☆☆

2025 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠠᠵᠢᠯ ᠤᠳᠠᠯ ᠥᠬᠡᠶ ᠡᠬᠢᠯᠡᠨ᠎ᠠ᠃ 27 ᠤ᠋ ᠡᠳᠦᠷ᠂ ᠰᠤᠷᠭᠠᠨ ᠬᠥᠮᠦᠵᠢᠯ᠎ᠦᠨ ᠶᠠᠮᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠥᠷᠭᠡᠨ ᠣᠯᠠᠨ ᠱᠢᠯᠭᠠᠭᠤᠯᠤᠭ᠍ᠴᠢ ᠪᠠ ᠬᠡᠷ᠎ᠦᠨ ᠠᠬᠠᠮᠠᠳ᠎ᠲᠤ᠂ ᠠᠯᠪᠠᠨ ᠤ᠋ ᠲᠠᠯ᠎ᠠ᠎ᠶ᠋ᠢᠨ ᠠᠷᠭ᠎ᠠ ᠵᠠᠮ᠎ᠢᠶᠠᠷ ᠬᠣᠯᠪᠣᠭ᠍ᠳᠠᠯ ᠪᠥᠬᠥᠶ ᠮᠡᠳᠡᠭᠡ ᠵᠠᠩᠭᠢ᠎ᠶ᠋ᠢ ᠦᠵᠡᠬᠦ ᠪᠠ ᠠᠰᠠᠭᠤᠨ ᠯᠠᠪᠯᠠᠵᠤ᠂ ᠦᠨᠡᠨ ᠪᠤᠰᠤ ᠮᠡᠳᠡᠭᠡ ᠵᠠᠩᠭᠢ᠎ᠶ᠋ᠢ ᠢᠲᠡᠭᠡᠵᠦ᠍ ᠪᠣᠯᠬᠤ ᠥᠬᠡᠶ᠂ ᠮᠡᠬᠡᠯᠡᠭ᠌ᠳᠡᠬᠦ᠌᠎ᠡᠴᠡ ᠰᠡᠷᠭᠡᠢᠯᠡᠬᠦ᠌ ᠬᠡᠷᠡᠭ᠌ᠲᠡᠶ ᠭᠡᠵᠤ ᠰᠠᠨᠠᠭᠤᠯᠪᠠ᠃

ᠣᠢᠷ᠎ᠠ᠎ᠶ᠋ᠢᠨ ᠵᠢᠯ ᠳ᠋ᠤ᠂ ᠵᠠᠷᠢᠮ ᠨᠡᠢᠭᠡᠮ᠎ᠦᠨ ᠪᠠᠢᠭᠤᠯᠤᠮᠵᠢ ᠪᠠ ᠬᠤᠪᠢ ᠬᠥᠮᠦᠨ ᠰᠦᠯᠵᠢᠶᠡᠨ ᠲᠠᠪᠴᠠᠩ᠎ᠢᠶᠠᠷ ᠳᠠᠮᠵᠢᠭᠤᠯᠤᠨ ᠱᠢᠯᠭᠠᠯᠲᠠ᠎ᠳᠤ ᠬᠣᠯᠪᠣᠭ᠍ᠳᠠᠭ᠍ᠰᠠᠨ ᠪᠠ ᠰᠣᠷᠣᠭ᠍ᠴᠢ ᠡᠯᠰᠡᠬᠦ᠌᠎ᠳᠦ ᠬᠣᠯᠪᠣᠭ᠍ᠳᠠᠭ᠍ᠰᠠᠨ ᠮᠡᠳᠡᠭᠡ ᠵᠠᠩᠭᠢ᠎ᠨᠡᠢᠲᠡᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠨᠢ ᠣᠨᠣᠪᠴᠢ ᠥᠬᠡᠶ᠂ ᠮᠡᠳᠡᠭᠡ ᠵᠠᠩᠭᠢ ᠬᠠᠩᠭᠠᠭ᠍ᠰᠠᠨ ᠨᠢ ᠦᠨᠡᠨ ᠪᠣᠳᠠᠲᠠᠶ ᠪᠢᠰᠢ ᠵᠡᠷᠭᠡ ᠠᠰᠠᠭᠤᠳᠠᠯ ᠣᠷᠣᠱᠢᠵᠤ ᠪᠠᠢᠨ᠎ᠠ᠂ ᠵᠠᠷᠢᠮ ᠨᠢ ᠴᠢᠨᠠᠭ᠍ᠰᠢᠯᠠᠭᠠᠳ ᠶᠡᠬᠡ ᠳᠡᠭᠡᠳᠦ ᠰᠤᠷᠭᠠᠭᠤᠯᠢ ᠪᠠ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ᠎ᠶ᠋ᠢᠨ ᠠᠯᠪᠠᠨ ᠰᠦᠯᠵᠢᠶ᠎ᠡ᠂ ᠱᠢᠨ᠎ᠡ ᠵᠠᠭᠤᠴᠢᠯᠠᠭᠤᠷ᠎ᠤᠨ ᠲᠠᠩᠰᠠᠨ ᠨᠣᠮᠧᠷ ᠢ᠋ ᠬᠠᠭᠤᠷᠮᠠᠭ᠍ᠯᠠᠨ ᠵᠣᠬᠢᠶᠠᠬᠤ ᠪᠤᠶᠤ ᠠᠳᠠᠯᠢᠪᠲᠤᠷ ᠨᠡᠷᠡᠢᠳᠦᠯ ᠲᠠᠢ APP ᠳᠠᠩᠰᠠᠯᠠᠭᠤᠯᠵᠤ᠂ ᠬᠤᠳᠠᠯ ᠬᠠᠭᠤᠷᠮᠠᠭ ᠮᠡᠳᠡᠭᠡ ᠵᠠᠩᠭᠢ ᠨᠠᠢᠷᠠᠭᠤᠯᠤᠨ ᠲᠠᠷᠬᠠᠭᠠᠵᠤ᠂ ᠱᠢᠯᠭᠠᠭᠤᠯᠤᠭ᠍ᠴᠢ ᠵᠢᠴᠢ ᠬᠡᠷ᠎ᠦᠨ ᠠᠬᠠᠮᠠᠳ ᠡᠴᠡ ᠵᠤᠭᠤᠰ ᠬᠤᠷᠢᠶᠠᠵᠤ ᠦᠢᠯᠡᠴᠢᠯᠡᠭᠡ ᠬᠠᠩᠭᠠᠵᠤ ᠪᠠᠢᠨ᠎ᠠ᠃

ᠰᠤᠷᠭᠠᠨ ᠬᠥᠮᠦᠵᠢᠯ᠎ᠦᠨ ᠶᠠᠮᠤᠨ᠂ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠮᠡᠳᠡᠭᠡ ᠵᠠᠩᠭᠢ᠎ᠶ᠋ᠢ ᠰᠦᠯᠵᠢᠶᠡᠨ ᠳᠡᠭᠡᠷ᠎ᠡ᠎ᠡᠴᠡ ᠯᠠᠪᠯᠠᠬᠤ᠎ᠳᠠᠭᠠᠨ《ᠠᠯᠪᠠᠨ ᠤ᠋ ᠰᠦᠯᠵᠢᠶ᠎ᠡ》 ᠵᠢᠨ ᠢᠯᠡᠳᠭᠡᠮᠵᠢ ᠲᠡᠮᠳᠡᠭ᠎ᠢ ᠣᠨᠣᠪᠴᠢᠲᠠᠶ ᠲᠠᠨᠢᠵᠤ᠂ ᠬᠠᠭᠤᠷᠮᠠᠭ ᠲᠠᠩᠰᠠᠨ ᠨᠣᠮᠧᠷ ᠪᠤᠶᠤ ᠰᠦᠯᠵᠢᠶᠡᠨ᠎ᠦ ᠮᠡᠬᠡᠯᠡᠯ᠎ᠢ ᠰᠡᠷᠭᠡᠢᠯᠡᠬᠦ᠌ ᠬᠡᠷᠡᠭ᠌ᠲᠡᠶ ᠭᠡᠵᠤ ᠰᠠᠨᠠᠭᠤᠯᠪᠠ᠃

ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠬᠤᠭᠤᠴᠠᠭᠠᠨ᠎ᠳᠤ᠂ ᠵᠠᠷᠢᠮ ᠨᠡᠢᠭᠡᠮ᠎ᠦᠨ ᠪᠠᠢᠭᠤᠯᠤᠮᠵᠢ ᠪᠠ ᠬᠤᠪᠢ ᠬᠥᠮᠦᠨ ᠡᠯ᠎ᠡ ᠲᠥᠷᠥᠯ᠎ᠦᠨ ᠮᠡᠳᠡᠭᠡ ᠵᠠᠩᠭᠢ ᠲᠠᠷᠬᠠᠭᠠᠨ᠂ ᠶᠡᠬᠡ ᠳᠡᠭᠡᠳᠤ ᠰᠤᠷᠭᠠᠭᠤᠯᠢ ᠵᠢᠨ ᠡᠷᠡᠮᠡᠯᠵᠡᠯ ᠲᠠᠭᠯᠠᠬᠤ ᠳ᠋ᠤ ᠬᠠᠨᠳᠤᠭᠤᠯᠤᠨ᠂ ᠱᠢᠯᠭᠠᠭᠤᠯᠤᠭ᠍ᠴᠢ ᠵᠢᠴᠢ ᠬᠡᠷ᠎ᠦᠨ ᠠᠬᠠᠮᠠᠳ᠎ᠢ ᠥᠳᠥᠭᠡᠵᠦ᠍ ᠥᠨᠳᠥᠷ ᠦᠨ᠎ᠡ ᠪᠡᠷ ᠡᠷᠡᠮᠡᠯᠵᠡᠯ ᠲᠠᠭᠯᠠᠬᠤ ᠦᠶ᠋ᠯᠡᠴᠢᠯᠡᠭᠡ ᠬᠤᠳᠠᠯᠳᠤᠨ ᠦᠭᠴᠤ ᠪᠠᠢᠨ᠎ᠠ;《ᠶᠠᠮᠠᠷ ᠶᠠᠮᠠᠷ ᠶᠠᠮᠠᠷ ᠤᠳᠤᠷᠢᠳᠤᠯᠭ᠎ᠠ᠎ᠶ᠋ᠢ ᠲᠠᠨᠢᠨ᠎ᠠ》᠂ 《ᠶᠠᠮᠠᠷ ᠶᠠᠮᠠᠷ ᠰᠤᠷᠤᠭᠴᠢ ᠡᠯᠰᠡᠬᠦ ᠠᠯᠪᠠᠨ ᠭᠡᠷ᠎ᠢ ᠲᠠᠨᠢᠨ᠎ᠠ》᠂ ᠴᠢᠨᠠᠭ᠍ᠰᠢᠯᠠᠪᠠᠯ ᠪᠢᠴᠢᠭ ᠮᠠᠲ᠋ᠧᠷᠢᠶᠠᠯ᠎ᠢ ᠬᠠᠭᠤᠷᠮᠠᠭ᠍ᠯᠠᠨ ᠵᠣᠬᠢᠶᠠᠬᠤ᠂ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠠᠵᠢᠯᠲᠠᠨ ᠵᠢᠡᠷ ᠤᠪᠯᠠᠬᠤ ᠵᠡᠷᠭᠡ ᠠᠷᠭ᠎ᠠ᠎ᠪᠡᠷ ᠳᠠᠮᠵᠢᠨ᠂ 《ᠠᠷᠤ ᠡᠭᠦᠳᠡ᠎ᠪᠡᠷ ᠶᠠᠪᠤᠵᠤ ᠪᠤᠯᠤᠨ᠎ᠠ》᠂ 《ᠣᠨᠴᠠᠭᠠᠶ ᠠᠷᠭ᠎ᠠ ᠪᠡᠷ ᠤᠷᠤᠵᠤ ᠪᠤᠯᠤᠨ᠎ᠠ》 ᠭᠡᠵᠦ᠍ ᠬᠤᠳᠠᠯ ᠬᠡᠯᠡᠵᠦ᠍᠂ 《ᠳᠤᠳᠤᠭᠠᠳᠤ ᠵᠢᠨ ᠤᠷᠤᠨ ᠲᠤᠭ᠎ᠠ》 ᠵᠡᠷᠭᠡ ᠬᠡᠯᠡᠯᠭᠡ ᠪᠡᠷ ᠮᠡᠬᠡᠯᠡᠯ ᠬᠢᠵᠤ ᠪᠠᠢᠨ᠎ᠠ᠃

ᠰᠤᠷᠭᠠᠨ ᠬᠥᠮᠦᠵᠢᠯ᠎ᠦᠨ ᠶᠠᠮᠤᠨ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ 《ᠤᠯᠤᠰ ᠤ᠋ᠨ ᠨᠢᠭᠡᠳᠦᠯᠲᠡᠶ ᠱᠢᠯᠭᠠᠯᠲᠠ ᠳ᠋ᠤ ᠡᠷᠡᠮᠡᠯᠵᠡᠯ ᠲᠠᠭᠯᠠᠬᠤ ᠲᠥᠯᠥᠪᠵᠢᠭᠦᠯᠦᠭ᠌ᠴᠢ》ᠭᠡᠬᠦ᠌ ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ᠎ᠢ ᠶᠡᠷᠦ᠍᠎ᠡᠴᠡ ᠭᠠᠷᠭᠠᠵᠤ ᠥᠩᠭᠡᠷᠡᠭ᠌ᠰᠡᠨ ᠥᠬᠡᠶ᠂《ᠡᠷᠡᠮᠡᠯᠵᠡᠯ ᠲᠠᠭᠯᠠᠬᠤ ᠲᠥᠯᠥᠪᠵᠢᠭᠦᠯᠦᠭ᠌ᠴᠢ》 ᠭᠡᠳᠡᠭ᠎ᠦᠨ ᠣᠯᠠᠩᠬᠢ ᠨᠢ ᠲᠦᠷ ᠴᠠᠭ ᠤ᠋ᠨ ᠨᠡᠢᠭᠡᠮ᠎ᠦᠨ ᠬᠦᠮᠦᠰ ᠪᠣᠯᠤᠨ᠎ᠠ᠃ ᠶᠡᠬᠡ ᠳᠡᠭᠡᠳᠦ ᠰᠤᠷᠭᠠᠭᠤᠯᠢ ᠰᠣᠷᠣᠭ᠍ᠴᠢ ᠡᠯᠰᠡᠬᠦ᠌᠎ᠳᠦ ᠰᠣᠷᠣᠭ᠍ᠴᠢ ᠡᠯᠰᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ ᠪᠠ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠲᠦᠷᠢᠮ ᠵᠡᠷᠭᠡ᠎ᠶ᠋ᠢ ᠴᠢᠩᠭ᠎ᠠ ᠵᠢᠷᠤᠮᠯᠠᠨ ᠺᠣᠮᠫᠢᠦ᠋ᠲ᠋ᠧᠷ᠎ᠢᠶᠡᠷ ᠰᠦᠯᠵᠢᠶᠡᠨ ᠳᠡᠭᠡᠷ᠎ᠡ ᠰᠣᠷᠣᠭ᠍ᠴᠢ ᠡᠯᠰᠡᠵᠤ᠂ ᠲᠦᠪ ᠴᠢᠩᠭ᠎ᠠ ᠠᠵᠢᠯ᠎ᠤᠨ ᠶᠠᠪᠤᠴᠠ ᠪᠠ ᠬᠢᠨᠠᠯᠲᠠ ᠲᠠᠯᠪᠢᠬᠤ ᠲᠣᠭ᠍ᠲᠠᠴᠠ᠎ᠲᠠᠶ ᠪᠠᠢᠵᠤ᠂ 《ᠳᠣᠲᠣᠭᠠᠳᠤ᠎ᠶ᠋ᠢᠨ ᠤᠷᠤᠨ ᠲᠣᠭ᠎ᠠ》 ᠵᠡᠷᠭᠡ ᠪᠠᠢᠳᠠᠯ ᠣᠷᠣᠱᠢᠬᠤ ᠥᠬᠡᠶ ᠭᠡᠵᠤ ᠰᠠᠨᠠᠭᠤᠯᠪᠠ᠃

2025 ᠣᠨ᠎ᠳᠤ ᠡᠷᠡᠮᠡᠯᠵᠡᠯ ᠲᠠᠭ᠍ᠯᠠᠬᠤ ᠬᠤᠭᠤᠴᠠᠭᠠᠨ᠎ᠳᠤ᠂ ᠰᠤᠷᠭᠠᠨ ᠬᠥᠮᠦᠵᠢᠯ᠎ᠦᠨ ᠶᠠᠮᠤᠨ᠎ᠤ 《ᠨᠡᠷᠡᠨ ᠭᠡᠷᠡᠯᠲᠦ ᠡᠷᠡᠮᠡᠯᠵᠡᠯ》ᠤ᠋ᠨ ᠮᠡᠳᠡᠭᠡ ᠵᠠᠩᠭᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ ᠵᠢᠴᠢ ᠪᠥᠬᠥ᠌ ᠤᠯᠤᠰ᠎ᠤᠨ 31 ᠮᠤᠵᠢ (ᠣᠷᠣᠨ᠂ ᠬᠣᠲᠠ)᠎ᠶ᠋ᠢᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ ᠴᠥᠮ ᠰᠦᠶ᠋ᠳᠭᠡᠯ ᠬᠤᠷᠢᠶᠠᠬᠤ ᠥᠬᠡᠶ ᠡᠷᠡᠮᠡᠯᠵᠡᠯ ᠲᠠᠭ᠍ᠯᠠᠬᠤ ᠯᠠᠪᠯᠠᠯᠲᠠ᠎ᠶ᠋ᠢᠨ ᠦᠶ᠋ᠯᠡᠴᠢᠯᠡᠭᠡ ᠬᠠᠩᠭᠠᠵᠤ᠂ ᠡᠷᠡᠮᠡᠯᠵᠡᠯ ᠲᠠᠭ᠍ᠯᠠᠬᠤ ᠯᠠᠪᠯᠠᠯᠲᠠ᠎ᠶ᠋ᠢᠨ ᠮᠠᠲ᠋ᠧᠷᠢᠶᠠᠯ᠎ᠢ ᠨᠡᠢᠲᠡᠯᠡᠨ᠎ᠡ᠂ ᠱᠢᠯᠭᠠᠭᠤᠯᠤᠭ᠍ᠴᠢ ᠠᠯᠪᠠᠨ ᠰᠦᠯᠵᠢᠶ᠎ᠡ᠎ᠪᠡᠷ ᠳᠠᠮᠵᠢᠨ ᠯᠠᠪᠯᠠᠬᠤ ᠦᠵᠡᠬᠦ ᠴᠢᠬᠤᠯᠠᠲᠠᠶ ᠮᠡᠳᠡᠭᠡ ᠵᠠᠩᠭᠢ ᠪᠠᠨ ᠯᠠᠪᠯᠠᠨ ᠦᠵᠡᠵᠤ ᠪᠣᠯᠤᠨ᠎ᠠ᠂ ᠪᠠᠰᠠ ᠤᠳᠠᠰᠤ ᠪᠤᠶᠤ ᠰᠦᠯᠵᠢᠶ᠎ᠠ ᠪᠡᠷ ᠲᠤᠬᠠᠶ᠎ᠶ᠋ᠢᠨ ᠭᠠᠵᠠᠷ᠎ᠤᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ ᠪᠠ ᠳᠤᠮᠳᠠᠳᠤ ᠰᠤᠷᠭᠠᠭᠤᠯᠢ ᠡᠴᠡ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠪᠠ ᠮᠡᠳᠡᠭᠡ ᠵᠠᠩᠭᠢ᠎ᠶ᠋ᠢ ᠣᠢᠯᠠᠭᠠᠵᠤ ᠪᠣᠯᠤᠨ᠎ᠠ᠃

ᠡᠭᠦᠨ᠎ᠡᠴᠡ ᠭᠠᠳᠠᠨ᠎ᠠ᠂ ᠰᠤᠷᠭᠠᠨ ᠬᠥᠮᠦᠵᠢᠯ᠎ᠦᠨ ᠶᠠᠮᠤᠨ ᠪᠠᠰᠠ᠂  ᠡᠩ᠎ᠦᠨ ᠳᠡᠭᠡᠳᠦ ᠵᠡᠷᠭᠡ᠎ᠶ᠋ᠢᠨ ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ ᠪᠣᠯᠤᠨ ᠪᠤᠰᠤᠳ ᠰᠤᠷᠭᠠᠨ ᠬᠥᠮᠦᠵᠢᠯ᠎ᠦᠨ ᠬᠡᠯᠪᠡᠷᠢ᠎ᠶ᠋ᠢ ᠢᠯᠭᠠᠵᠤ ᠲᠠᠨᠢᠬᠤ ᠬᠡᠷᠡᠭᠳᠠᠢ᠂ ᠬᠡᠰᠡᠭ ᠰᠤᠷᠭᠠᠭᠤᠯᠢ ᠡᠷᠭᠢᠯᠡᠬᠦ᠌ ᠪᠠᠢᠭᠤᠯᠤᠮᠵᠢ ᠡᠩ᠎ᠦᠨ ᠳᠡᠭᠡᠳᠦ ᠵᠡᠷᠭᠡ᠎ᠶ᠋ᠢᠨ ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ᠎ᠢᠶᠡᠷ ᠤᠪᠯᠠᠵᠤ᠂ ᠥᠪᠡᠷ᠎ᠢᠶᠡᠨ ᠰᠤᠷᠤᠭᠰᠠᠳ᠎ᠤᠨ ᠱᠢᠯᠭᠠᠯᠳᠠ ᠵᠢᠨ ᠲᠡᠳᠬᠦᠮᠵᠢ᠎ᠶ᠋ᠢᠨ ᠠᠩᠭᠢ᠂ ᠰᠦᠯᠵᠢᠶᠡᠨ᠎ᠦ ᠰᠤᠷᠭᠠᠨ ᠬᠥᠮᠦᠵᠢᠯ᠎ᠦᠨ ᠠᠩᠭᠢ᠂ ᠣᠯᠠᠨ ᠤᠯᠤᠰ᠎ᠤᠨ ᠬᠠᠮᠲᠤᠷᠠᠭᠰᠠᠨ ᠰᠤᠷᠭᠠᠭᠤᠯᠢ ᠡᠷᠬᠢᠯᠡᠬᠦ ᠵᠡᠷᠭᠡ ᠮᠡᠳᠡᠭ᠌ᠳᠡᠯ᠎ᠦᠨ ᠪᠢᠴᠢᠭ᠎ᠢᠶᠡᠷ ᠮᠡᠬᠡᠯᠡᠬᠦ᠌᠎ᠡᠴᠡ ᠵᠠᠢᠯᠠᠰᠭᠢᠬᠦ᠌ ᠬᠡᠷᠡᠭ᠌ᠲᠡᠶ; ᠪᠡᠶ᠎ᠡ᠎ᠶ᠋ᠢᠨ ᠦᠨᠡᠮᠯᠡᠯ᠎ᠦᠨ ᠨᠣᠮᠧᠷ᠂ ᠱᠢᠯᠭᠠᠭᠤᠯᠤᠭ᠍ᠰᠠᠳ᠎ᠤᠨ ᠨᠣᠮᠧᠷ ᠵᠡᠷᠭᠡ ᠬᠤᠪᠢ ᠬᠥᠮᠦᠨ᠎ᠦ ᠮᠡᠳᠡᠭᠡ ᠵᠠᠩᠭᠢ ᠪᠣᠯᠤᠨ ᠡᠷᠡᠮᠡᠯᠵᠡᠯ᠎ᠲᠠᠭᠯᠠᠬᠤ ᠱᠢᠰᠲ᠋ᠧᠮ᠎ᠦᠨ ᠨᠢᠭᠤᠴᠠ ᠨᠣᠮᠧᠷ ᠵᠡᠷᠭᠡ ᠪᠠᠨ ᠰᠠᠢᠲᠤᠷ ᠬᠠᠮᠠᠭᠠᠯᠠᠵᠤ᠂ ᠲᠠᠭᠯᠠᠭᠰᠠᠨ ᠡᠷᠡᠮᠡᠯᠵᠡᠯ ᠢ᠋ ᠴᠢᠨᠢ ᠬᠤᠪᠢᠷᠠᠭᠤᠯᠬᠤ ᠡᠴᠡ ᠰᠡᠷᠭᠡᠢᠯᠡᠬᠦ᠌ ᠬᠡᠷᠡᠭ᠌ᠲᠡᠶ ᠭᠡᠵᠤ ᠱᠢᠯᠭᠠᠭᠤᠯᠤᠭ᠍ᠴᠢ ᠪᠣᠯᠤᠨ ᠬᠡᠷ᠎ᠦᠨ ᠠᠬᠠᠮᠠᠳ ᠲᠤ᠌ ᠰᠠᠨᠠᠭᠤᠯᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 6 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号