ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠲᠠᠪᠤᠨ ᠰᠠᠷ᠎ᠠ ᠢ᠋ᠢᠨ ᠱᠢᠨ᠎ᠡ ᠢ᠋ᠢᠨ ᠲᠠᠪᠤᠨ ᠤ᠋ ᠠᠮᠠᠷᠠᠯᠲᠠ ᠢ᠋ᠢᠨ ᠬᠤᠭᠤᠴᠠᠭᠠᠨ ᠳ᠋ᠤ ᠮᠠᠨ ᠤ᠋ ᠤᠷᠤᠨ ᠨᠡᠢᠲᠡ 104.65 ᠲᠦᠮᠡᠨ ᠠᠶᠠᠨᠴᠢᠨ (ᠤᠳᠠᠭ᠎ᠠ) ᠵᠦᠭᠡᠭᠡᠪᠦᠷᠢᠯᠡᠪᠡ᠃ ᠡᠭᠦᠨ ᠳ᠋ᠤ ᠲᠡᠮᠦᠷ ᠵᠠᠮ ᠤ᠋ᠨ ᠠᠶᠠᠨᠴᠢᠳ ᠤ᠋ᠨ ᠵᠥᠭᠡᠭᠡᠪᠦᠷᠢ ᠢ᠋ᠢᠨ ᠬᠡᠮᠵᠢᠶ᠎ᠡ 71.92 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 1.07% ᠪᠡᠷ ᠨᠡᠮᠡᠭ᠌ᠳᠡᠵᠤ᠂ ᠵᠠᠰᠠᠮᠠᠯ ᠵᠠᠮ ᠤ᠋ᠨ ᠠᠶᠠᠨᠴᠢᠳ ᠤ᠋ᠨ ᠵᠥᠭᠡᠭᠡᠪᠦᠷᠢ ᠢ᠋ᠢᠨ ᠬᠡᠮᠵᠢᠶ᠎ᠡ ᠪᠤᠯᠤᠨ ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ ᠲᠤᠰ ᠲᠤᠰ 13.80 ᠲᠦᠮᠡᠨ ᠬᠥᠮᠦᠨ ᠤᠳᠠᠭ᠎ᠠ ᠪᠠ 18.93 ᠲᠦᠮᠡᠨ ᠬᠥᠮᠦᠨ ᠤᠳᠠᠭ᠎ᠠ ᠳ᠋ᠤ ᠬᠦᠷᠴᠠᠢ᠃
ᠲᠠᠪᠤᠨ ᠰᠠᠷ᠎ᠠ ᠢ᠋ᠢᠨ ᠱᠢᠨ᠎ᠡ ᠢ᠋ᠢᠨ ᠲᠠᠪᠤᠨ ᠤ᠋ ᠠᠮᠠᠷᠠᠯᠲᠠ ᠢ᠋ᠢᠨ ᠬᠤᠭᠤᠴᠠᠭᠠᠨ ᠳ᠋ᠤ᠂ ᠪᠦᠬᠦ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠰᠠᠯᠠᠭ᠎ᠠ ᠮᠥᠴᠢᠷ ᠤ᠋ᠨ ᠬᠢᠨ ᠤᠷᠢᠳᠴᠢᠯᠠᠨ ᠲᠥᠯᠥᠪᠯᠡᠨ ᠪᠠᠢᠷᠢᠯᠠᠭᠤᠯᠵᠤ᠂ ᠠᠵᠢᠯ ᠤ᠋ᠨ ᠲᠣᠬᠢᠷᠠᠭᠤᠯᠤᠯᠲᠠ ᠪᠠᠨ ᠴᠢᠩᠭᠠᠳᠭᠠᠨ᠂ ᠵᠦᠭᠡᠭᠡᠪᠦᠷᠢ ᠢ᠋ᠢᠨ ᠦᠶ᠋ᠯᠡᠴᠢᠯᠡᠭᠡᠨ ᠤ᠋ ᠲᠦᠪᠱᠢᠨ ᠢ᠋ ᠪᠥᠬᠥ᠌ ᠬᠦᠴᠦᠨ ᠢ᠋ᠢᠡᠷ ᠢ᠋ᠢᠡᠨ ᠳᠡᠭᠡᠭ᠌ᠰᠢᠯᠡᠭᠦᠯᠪᠡ᠃ ᠲᠦᠷᠭᠡᠨ ᠤ᠋ ᠵᠠᠰᠠᠮᠠᠯ ᠵᠠᠮ ᠤ᠋ᠨ ᠦᠢᠯᠡᠴᠢᠯᠡᠭᠡᠨ ᠤ᠋ ᠲᠣᠭᠣᠷᠢᠭ ᠤ᠋ᠨ ᠡᠵᠡᠩᠨᠡᠯᠲᠡ ᠢ᠋ᠢᠨ ᠠᠮᠤᠷ ᠲᠦᠪᠱᠢᠨ ᠪᠠ ᠦᠢᠯᠡᠴᠢᠯᠡᠭᠡᠨ ᠤ᠋ ᠪᠠᠲᠤᠯᠠᠭ᠎ᠠ ᠢ᠋ᠢ ᠴᠢᠩᠭᠠᠳᠭᠠᠵᠤ᠂ ᠦᠢᠯᠡᠴᠢᠯᠡᠭᠡᠨ ᠤ᠋ ᠲᠣᠭᠣᠷᠢᠭ ᠲᠦ᠍ ᠱᠢᠯᠵᠢᠮᠡᠯ ᠴᠠᠬᠢᠯᠭᠠᠨ ᠴᠡᠨᠡᠭ᠌ᠯᠡᠬᠦ᠌ ᠲᠦᠬᠦᠭᠡᠷᠦᠮᠵᠢ ᠨᠡᠮᠡᠵᠦ᠍ ᠲᠣᠬᠢᠷᠠᠭᠤᠯᠤᠨ᠂ ᠠᠵᠢᠯᠲᠠᠨ ᠤ᠋ ᠬᠦᠴᠦᠨ ᠢ᠋ ᠨᠡᠮᠡᠭ᠌ᠳᠡᠭᠦᠯᠵᠦ᠍᠂ ᠴᠠᠬᠢᠯᠭᠠᠨ ᠴᠡᠨᠡᠭ᠌ᠯᠡᠬᠦ᠌ ᠦᠢᠯᠡᠴᠢᠯᠡᠭᠡ ᠢ᠋ᠢ ᠪᠠᠲᠤᠯᠠᠵᠠᠢ; ᠦᠶᠡᠷ ᠤ᠋ᠨ ᠬᠤᠭᠤᠴᠠᠭᠠᠨ ᠤ᠋ ᠬᠦᠨᠳᠦ ᠶᠡᠬᠡ ᠲᠦᠭ᠌ᠰᠢᠭᠦᠷᠢ ᠢ᠋ᠢᠨ ᠭᠡᠮ ᠰᠤᠭᠤᠭ ᠢ᠋ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ ᠥᠷᠨᠢᠭᠦᠯᠵᠦ᠍᠂ ᠵᠠᠰᠠᠮᠠᠯ ᠵᠠᠮ᠂ ᠲᠡᠭᠡᠭᠡᠪᠦᠷᠢ ᠪᠠ ᠪᠥᠲᠥᠭᠡᠨ ᠪᠠᠢᠭᠤᠯᠤᠯᠲᠠ ᠵᠡᠷᠭᠡ 6 ᠬᠦᠷᠢᠶᠠᠨ ᠤ᠋ 25 ᠲᠥᠷᠥᠯ ᠤ᠋ᠨ ᠲᠦᠭ᠌ᠰᠢᠭᠦᠷᠢ ᠢ᠋ᠢᠨ ᠭᠡᠮ ᠰᠤᠭᠤᠭ ᠢ᠋ ᠭᠤᠤᠯᠳᠠᠯᠭ᠎ᠠ ᠲᠠᠢ ᠵᠢᠭ᠍ᠰᠠᠭᠠᠨ ᠪᠠᠢᠴᠠᠭᠠᠵᠤ᠂ ᠣᠯᠠᠨ ᠲᠦᠮᠡᠨ ᠤ᠋ 《ᠶᠠᠪᠤᠵᠤ ᠳᠡᠢᠯᠬᠦ᠌》᠂ 《ᠰᠠᠢᠨ ᠶᠠᠪᠤᠬᠤ》 ᠶ᠋ᠢ ᠪᠠᠲᠤᠯᠠᠪᠠ; ᠪᠥᠬᠥ᠌ ᠣᠷᠣᠨ ᠳ᠋ᠤ ᠠᠶᠤᠯᠭᠦᠢ ᠦᠶ᠋ᠯᠡᠳᠪᠦᠷᠢᠯᠡᠯ ᠤ᠋ᠨ ᠪᠠᠢᠴᠠᠭᠠᠯᠲᠠ ᠢ᠋ᠢ 5537 ᠬᠥᠮᠦᠨ ᠤᠳᠠᠭ᠎ᠠ ᠥᠷᠨᠢᠭᠦᠯᠵᠦ᠍᠂ 2094 ᠠᠵᠤ ᠠᠬᠤᠢᠯᠠᠯ ᠢ᠋ ᠪᠠᠢᠴᠠᠭᠠᠨ᠂ 238 ᠭᠡᠮ ᠰᠤᠭᠤᠭ ᠢ᠋ ᠵᠢᠭ᠍ᠰᠠᠭᠠᠨ ᠪᠠᠢᠴᠠᠭᠠᠵᠤ᠂ ᠨᠢᠭᠡᠨᠲᠡ 226 ᠭᠡᠮ ᠰᠤᠭᠤᠭ ᠢ᠋ ᠴᠡᠭ᠌ᠴᠡᠯᠡᠨ ᠰᠠᠢᠵᠢᠷᠠᠭᠤᠯᠪᠠ; ᠲᠡᠭᠡᠭᠡᠪᠦᠷᠢ ᠢ᠋ᠢᠨ ᠵᠣᠬᠢᠶᠠᠨ ᠪᠠᠢᠭᠤᠯᠤᠯᠲᠠ ᠢ᠋ᠢ ᠴᠢᠩᠭᠠᠳᠭᠠᠨ᠂ ᠠᠶᠠᠨᠴᠢᠳ ᠤ᠋ᠨ ᠵᠦᠭᠡᠭᠡᠪᠦᠷᠢ ᠢ᠋ᠢᠨ ᠬᠦᠢᠰᠤ᠂ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ᠂ ᠬᠠᠯᠠᠮᠱᠢᠯ ᠬᠤᠳᠠᠯᠳᠤᠭᠠᠨ ᠤ᠋ ᠲᠣᠭᠣᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠢ᠋ᠢᠨ ᠲᠡᠭᠡᠭᠡᠪᠦᠷᠢ ᠢ᠋ᠢᠨ ᠬᠦᠴᠦᠨ ᠤ᠋ ᠲᠣᠬᠢᠷᠠᠭᠤᠯᠤᠯᠲᠠ ᠢ᠋ᠢ ᠴᠢᠩᠭᠠᠳᠬᠠᠪᠠ᠃ ᠪᠠᠰᠠ 12328᠂ 12345 ᠵᠡᠷᠭᠡ ᠬᠠᠯᠠᠮᠱᠢᠯ ᠤᠲᠠᠰᠤ ᠵᠢᠨ ᠦᠢᠯᠡᠴᠢᠯᠡᠭᠡᠨ ᠤ᠋ ᠠᠵᠢᠯ ᠢ᠋ ᠰᠠᠢᠲᠤᠷ ᠬᠢᠵᠦ᠍᠂ ᠨᠡᠢᠲᠡ 3910 ᠬᠤᠪᠢ ᠯᠠᠪᠯᠠᠭ᠎ᠠ ᠪᠤᠯᠤᠨ ᠵᠠᠭᠠᠯᠳᠤᠯᠭ᠎ᠠ ᠢ᠋ᠢ ᠭᠥᠯᠢᠶᠡᠨ ᠠᠪᠴᠤ᠌ ᠱᠢᠶ᠋ᠳᠪᠦᠷᠢᠯᠡᠨ᠂ ᠣᠯᠠᠨ ᠲᠦᠮᠡᠨ ᠤ᠋ ᠬᠠᠤᠯᠢ ᠶᠣᠰᠣᠨ ᠤ᠋ ᠡᠷᠬᠡ ᠠᠱᠢᠭ ᠢ᠋ ᠬᠠᠮᠠᠭᠠᠯᠠᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号