ᠬᠥᠬᠡᠬᠣᠲᠠ 175.93 ᠲᠦᠮᠡᠨ ᠬᠥᠮᠦᠨ ᠤᠳᠠᠭ᠎ᠠ ᠶ᠋ᠢᠨ ᠵᠢᠭᠤᠯᠴᠢᠯᠠᠭᠴᠢ ᠵᠢ ᠭᠥᠯᠢᠶᠡᠨ ᠠᠪᠴᠠᠢ
2025-06-04 10:01:50
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠳᠠᠪᠤᠨ ᠰᠠᠷ᠎ᠠ ᠶ᠋ᠢᠨ ᠰᠢᠨ᠎ᠠ ᠵᠢᠨ ᠳᠠᠪᠤᠨ ᠤ᠋ ᠠᠮᠠᠷᠠᠯᠳᠠ ᠳ᠋ᠤ ᠬᠦᠬᠡᠬᠤᠳᠠ ᠶ᠋ᠢᠨ ᠰᠤᠶᠤᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤᠨᠴᠠ ᠶ᠋ᠢᠨ ᠬᠦᠭᠵᠢᠶᠡᠨ ᠲᠠᠢ ᠪᠠᠢᠵᠦ᠂ ᠠᠮᠠᠷᠠᠯᠲᠠ ᠶ᠋ᠢᠨ 3 ᠡᠳᠦᠷ ᠲᠦ᠍ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭᠴᠢ ᠵᠢ 175.93 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 11.64% ᠪᠡᠷ ᠨᠡᠮᠡᠭ᠌ᠳᠡᠨ᠂ ᠵᠢᠭᠤᠯᠴᠢᠯᠠᠯ ᠤ᠋ᠨ ᠶᠡᠷᠤᠩᠬᠡᠢ ᠵᠠᠷᠤᠳᠠᠯ ᠨᠢ 11.99 ᠳ᠋ᠦ᠋ᠩᠱᠢᠭᠤᠷ ᠲᠥᠭᠥᠷᠢᠭ ᠢ᠋ ᠳᠠᠪᠠᠵᠦ ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.77% ᠪᠡᠷ ᠨᠡᠮᠡᠭ᠌ᠳᠡᠪᠠ᠃

5 ᠰᠠᠷ᠎ᠠ ᠶ᠋ᠢᠨ 31᠎ᠡᠴᠡ 6 ᠰᠠᠷ᠎ᠠ ᠶ᠋ᠢᠨ 1 ᠤ᠋ ᠡᠳᠦᠷ ᠪᠣᠯᠲᠠᠯ᠎ᠠ᠂ ᠬᠥᠬᠡᠬᠣᠲᠠ ᠶ᠋ᠢᠨ ᠤᠷᠠᠨ ᠵᠢᠷᠤᠭ ᠤ᠋ᠨ ᠣᠷᠳᠣᠨ (ᠤᠷᠠᠨ ᠪᠢᠴᠢᠯᠭᠡ ᠤᠷᠠᠨ ᠵᠢᠷᠤᠭ ᠤ᠋ᠨ ᠬᠦᠷᠢᠶᠡᠯᠡᠩ) ᠳ᠋ᠤ ᠱᠢᠷᠢᠰ ᠰᠣᠶᠣᠯ ᠤ᠋ᠨ ᠠᠵᠢᠯᠯᠠᠭ᠎ᠠ ᠡᠷᠭᠢᠯᠡᠨ᠂ ᠬᠣᠲᠠ ᠶ᠋ᠢᠨ ᠠᠷᠠᠳ ᠲᠦ᠍ ᠪᠠᠶᠠᠯᠢᠭ ᠰᠠᠢᠬᠠᠨ ᠰᠣᠶᠣᠯ ᠤᠷᠠᠯᠢᠭ ᠤ᠋ᠨ ᠰᠤᠳᠤᠨ ᠦᠵᠡᠰᠬᠦᠯᠡᠩ ᠦᠵᠡᠬᠦᠯᠬᠡ ᠰᠤᠨᠢᠷᠬᠠᠭᠤᠯᠵᠦ᠂ 4000 ᠭᠠᠷᠤᠶ ᠬᠥᠮᠦᠨ ᠰᠢᠷᠢᠰ ᠠᠵᠢᠯᠯᠠᠭ᠎ᠠ ᠳ᠋ᠤ ᠤᠷᠤᠯᠴᠠᠭᠰᠠᠨ ᠪᠠᠢᠨ᠎ᠠ᠃ ᠴᠢᠩ ᠱᠦᠶ ᠾᠧ ᠱᠢᠶᠠᠨ ᠤ᠋ 《ᠠᠶᠠᠯᠭᠤᠳᠤ ᠵᠢᠭᠤᠯᠴᠢᠯᠠᠯ ᠥᠪᠥᠷ ᠮᠣᠩᠭᠣᠯ·ᠤᠷᠤᠯᠳᠤᠭᠠᠨ ᠢ᠋ ᠲᠠᠭᠠᠨ ᠵᠢᠭᠤᠯᠴᠢᠯᠠᠬᠤ》 2025 ᠥᠪᠥᠷ ᠮᠣᠩᠭᠣᠯ ᠤ᠋ᠨ ᠬᠡᠪᠳᠡᠬᠡ ᠦᠬᠡᠷ ᠤ᠋ᠨ ᠲᠤᠬᠤᠢ ᠬᠠᠲᠤᠨ ᠭᠤᠤᠯ ᠤ᠋ᠨ ᠶᠡᠬᠡ ᠬᠠᠪᠴᠢᠯ ᠤ᠋ᠨ ᠬᠡᠭᠡᠷᠡᠯᠡᠬᠦ᠌ ᠤᠷᠤᠯᠳᠤᠭᠠᠨ ᠳ᠋ᠤ ᠪᠥᠬᠥ᠌ ᠤᠯᠤᠰ ᠤ᠋ᠨ ᠡᠯ᠎ᠡ ᠭᠠᠵᠠᠷ ᠤ᠋ᠨ 4000 ᠭᠠᠷᠤᠶ ᠲᠠᠮᠢᠷᠴᠢᠨ ᠤᠷᠤᠯᠴᠠᠬᠤ ᠵᠢᠨ ᠬᠠᠮᠳᠤ ᠬᠠᠲᠤᠨ ᠭᠤᠤᠯ ᠪᠣᠯᠤᠨ ᠣᠷᠳᠣ ᠴᠠᠭᠠᠨ ᠬᠡᠷᠡᠮ ᠤ᠋ᠨ ᠠᠭᠤᠯᠵᠠᠷ ᠤ᠋ᠨ ᠰᠦᠷᠯᠢᠭ ᠭᠠᠢᠬᠠᠮᠱᠢᠭ᠍ᠲᠤ ᠦᠵᠡᠮᠵᠢ ᠵᠢ ᠰᠣᠨᠢᠷᠬᠠᠪᠠ᠃ ᠪᠤᠭᠤᠮᠳᠠ ᠶ᠋ᠢᠨ ᠬᠠᠭᠤᠴᠢᠨ ᠵᠡᠭᠡᠯᠢ ᠳ᠋ᠤ ᠯᠣᠣ ᠠᠷᠰᠯᠠᠨ ᠪᠦᠵᠢᠭᠯᠡᠬᠦᠯᠦᠨ ᠤᠷᠤᠯᠳᠤᠵᠦ᠂ ᠪᠤᠳᠠᠰ ᠤ᠋ᠨ ᠪᠤᠰᠤ ᠰᠣᠶᠣᠯ ᠤ᠋ᠨ ᠥᠪ ᠤ᠋ᠨ ᠰᠥᠨᠢ ᠶ᠋ᠢᠨ ᠵᠠᠬ᠎ᠠ᠂ ᠳᠠᠭᠤᠤ ᠬᠥᠭ᠌ᠵᠢᠮ ᠤ᠋ᠨ ᠦᠳᠡᠰᠢᠯᠡᠬᠡ ᠵᠡᠷᠭᠡ ᠡᠯ᠎ᠡ ᠵᠦᠢᠯ ᠤ᠋ᠨ ᠰᠢᠷᠢᠰ ᠠᠵᠢᠯᠯᠠᠭ᠎ᠠ ᠨᠢ ᠵᠢᠭᠤᠯᠴᠢᠯᠠᠭ᠍ᠴᠢᠳ ᠢ᠋ ᠪᠠᠶᠠᠰᠬᠠᠪᠠ᠃ ᠬᠦᠮᠦᠨ ᠪᠦᠬᠦᠳᠡ ᠶ᠋ᠢᠨ ᠬᠦᠰᠡᠨ ᠬᠦᠯᠢᠶᠡᠭᠰᠡᠨ 2025 ᠣᠨ ᠤ᠋ ᠠᠩᠬᠠᠳᠤᠭᠠᠷ ᠬᠤᠭᠤᠴᠠᠭᠠᠨ ᠤ᠋ ᠶᠡᠬᠡ ᠲᠦᠷᠭᠡᠨ ᠭᠣᠣᠯ ᠤ᠋ᠨ ᠲᠠᠪᠤᠨ ᠰᠠᠷ᠎ᠠ ᠶ᠋ᠢᠨ ᠱᠢᠨ᠎ᠡ ᠶ᠋ᠢᠨ ᠲᠠᠪᠤᠨ ᠤ᠋ ᠯᠤᠸ᠋ᠲᠤ ᠣᠩᠭᠣᠴᠠ ᠵᠢᠨ ᠤᠷᠤᠯᠳᠤᠭᠠᠨ ᠨᠢᠵᠢᠬᠢᠷ ᠶᠠᠪᠤᠭᠳᠠᠵᠦ᠂ ᠲᠦᠮᠡ ᠱᠢᠬᠠᠮ ᠬᠣᠲᠠ ᠶ᠋ᠢᠨ ᠠᠷᠠᠳ ᠪᠤᠯᠤᠨ ᠵᠢᠭᠤᠯᠴᠢᠯᠠᠭᠰᠠᠳ ᠶᠡᠬᠡ ᠲᠦᠷᠭᠡᠨ ᠭᠣᠣᠯ ᠤ᠋ᠨ ᠬᠥᠪᠡᠭᠡᠨ ᠳ᠋ᠤ ᠴᠤᠭ᠍ᠯᠠᠷᠠᠨ ᠲᠠᠪᠤᠨ ᠰᠠᠷ᠎ᠠ ᠶ᠋ᠢᠨ ᠱᠢᠨ᠎ᠡ ᠶ᠋ᠢᠨ ᠲᠠᠪᠤᠨ ᠤ᠋ ᠪᠠᠶᠠᠷ ᠢ᠋ ᠬᠠᠮᠲᠤ ᠪᠠᠷ ᠪᠡᠯᠭᠡᠯᠡᠪᠠ᠃ ᠡᠬᠦᠨ ᠡᠴᠡ ᠭᠠᠳᠠᠨ᠎ᠠ 2025 ᠥᠪᠥᠷ ᠮᠣᠩᠭᠣᠯ ᠤ᠋ᠨ ᠬᠥᠬᠡᠬᠣᠲᠠ ᠶ᠋ᠢᠨ ᠬᠤᠷᠳᠤᠨ ᠮᠣᠷᠢᠨ ᠤ᠋ ᠤᠷᠤᠯᠳᠤᠭᠠᠨ᠂ 2025CFAᠣᠯᠠᠨ ᠤᠯᠤᠰ ᠤ᠋ᠨ ᠬᠥᠯ ᠪᠥᠮᠪᠥᠭᠡ ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠵᠡᠷᠭᠡ ᠤᠯᠠᠨ ᠰᠠᠢᠬᠠᠨ ᠠᠵᠢᠯᠯᠠᠭ᠎ᠠ ᠨᠢ ᠬᠦᠬᠡᠬᠤᠳᠠ ᠶ᠋ᠢᠨ ᠨᠠᠷ᠎ᠠ ᠠᠯᠳᠠᠷ ᠢ᠋ ᠳᠠᠭᠤᠷᠢᠰᠤᠭᠤᠯᠵᠦ᠂ ᠬᠦᠬᠡᠬᠤᠳᠠ ᠶ᠋ᠢᠨ ᠰᠤᠶᠤᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠢ᠋ ᠬᠦᠭᠵᠢᠬᠡᠨ᠂ ᠬᠤᠳᠠ ᠶ᠋ᠢᠨ ᠠᠷᠠᠳ ᠬᠢᠭᠡᠳ ᠵᠢᠭᠤᠯᠴᠢᠯᠠᠭᠰᠠᠳ ᠲᠦ᠍ ᠪᠠᠶᠠᠷ ᠪᠠᠬᠠᠳᠤᠯ ᠤᠯᠭᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号