ᠦᠢᠷ᠎ᠠ ᠳ᠋ᠤ᠂ ᠳᠤᠮᠳᠠᠳᠤ ᠤᠯᠤᠰ᠎ᠤᠨ ᠦᠨᠳᠦᠰᠦᠲᠡᠨ᠎ᠦ ᠡᠮ ᠡᠮᠨᠡᠯᠭᠡ᠎ᠶᠢᠨ ᠨᠡᠢᠭᠡᠮᠯᠢᠭ᠎ᠦᠨ ᠮᠣᠩᠭᠣᠯ ᠡᠮᠨᠡᠯᠭᠡ ᠵᠢᠨ ᠬᠤᠪᠢᠰᠤᠩᠭᠤᠢ᠎ᠪᠠᠷ ᠵᠠᠰᠠᠬᠤ 《ᠨᠢᠭᠡ ᠬᠥᠮᠥᠨ᠎ᠳᠦ ᠨᠢᠭᠡ ᠵᠤᠷ》 ᠤ᠋ᠨ ᠨᠠᠷᠢᠯᠢᠭ᠋ ᠣᠨᠣᠴᠠᠲᠠᠢ ᠡᠮᠴᠢᠯᠡᠭᠡᠨ᠎ᠤ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠲᠦᠩᠯᠢᠶᠣᠣ ᠬᠣᠲᠠ᠎ᠳᠤ ᠬᠤᠷᠠᠯᠳᠤᠪᠠ᠃ ᠬᠤᠷᠠᠯ ᠨᠢ 《ᠮᠣᠩᠭᠣᠯ ᠡᠮᠨᠡᠯᠭᠡ᠎ᠶᠢᠨ ᠣᠶᠤᠨ ᠤᠬᠠᠭᠠᠨ ᠢ ᠨᠢᠭ᠍ᠲᠠᠷᠠᠭᠤᠯᠵᠤ᠂ ᠨᠢᠭᠡ ᠬᠥᠮᠥᠨ ᠳ᠋ᠤ ᠨᠢᠭᠡ ᠵᠤᠷ ᠢ ᠨᠠᠷᠢᠯᠢᠬ ᠣᠨᠣᠴᠠᠲᠠᠢ ᠬᠡᠷᠡᠭᠯᠡᠬᠥ》 ᠪᠡᠷ ᠭᠣᠣᠯ ᠰᠡᠳᠦᠪ ᠪᠣᠯᠭᠠᠵᠤ᠂ ᠨᠠᠷᠢᠯᠢᠭ᠋ ᠣᠨᠣᠴᠠᠲᠠᠢ ᠡᠮᠴᠢᠯᠡᠭᠡᠨ᠎ᠦ ᠡᠷᠳᠡᠮ ᠰᠢᠨᠵᠢᠯᠡᠭᠡᠨ᠎ᠦ ᠲᠠᠪᠴᠠᠩ᠎ᠢ ᠪᠠᠢᠭᠤᠯᠤᠨ᠂ ᠵᠠᠰᠠᠬ᠎ᠤᠨ ᠤᠷᠳᠤᠨ᠂ ᠶᠡᠬᠡ ᠳᠡᠭᠡᠳᠥ ᠰᠤᠷᠭᠠᠭᠤᠯᠢ᠂ ᠡᠷᠳᠡᠮ ᠰᠢᠨᠵᠢᠯᠡᠭᠡᠨ᠎ᠤ ᠨᠢᠭᠡᠴᠢ᠂ ᠠᠵᠤ ᠠᠬᠤᠢᠯᠠᠯ ᠵᠡᠷᠭᠡ ᠡᠯ᠎ᠡ ᠲᠠᠯ᠎ᠠ᠎ᠶᠢᠨ ᠲᠤᠰᠬᠠᠢ ᠮᠡᠷᠭᠡᠵᠢᠯᠲᠡᠨ᠎ᠦ ᠣᠶᠤᠨ ᠤᠬᠠᠭᠠᠨ᠎ᠢ ᠬᠤᠷᠠᠮᠳᠤᠭᠤᠯᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠳᠤ ᠦᠨᠳᠦᠰᠦᠲᠡᠨ᠎ᠦ ᠡᠮ ᠡᠮᠨᠡᠯᠭᠡ᠎ᠶᠢᠨ ᠬᠦᠴᠦᠨ ᠴᠢᠳᠠᠯ ᠢ ᠬᠠᠮᠲᠤ᠎ᠪᠠᠷ ᠨᠡᠮᠡᠷᠢᠯᠡᠬᠥ ᠪᠡᠷ ᠵᠤᠷᠢᠭᠰᠠᠨ ᠪᠠᠢᠨ᠎ᠠ᠃
ᠬᠤᠷᠠᠯ᠎ᠤᠨ ᠬᠤᠭᠤᠴᠠᠭᠠᠨ᠎ᠳᠤ ᠳᠤᠮᠳᠠᠳᠤ ᠤᠯᠤᠰ᠎ᠤᠨ ᠦᠨᠳᠦᠰᠦᠲᠡᠨ᠎ᠦ ᠡᠮ ᠡᠮᠨᠡᠯᠭᠡ᠎ᠶᠢᠨ ᠨᠡᠢᠭᠡᠮᠯᠢᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠥᠪᠥᠷ ᠮᠣᠩᠭᠣᠯ᠎ᠤᠨ ᠬᠢᠲᠠᠳ ᠮᠣᠩᠭᠣᠯ ᠡᠮ᠎ᠦᠨ ᠰᠤᠳᠤᠯᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠵᠡᠷᠭᠡ ᠨᠢᠭᠡᠴᠢ᠎ᠶᠢᠨ ᠲᠤᠰᠬᠠᠢ ᠮᠡᠷᠭᠡᠵᠢᠯᠲᠡᠨ᠂ ᠫᠷᠤᠹᠧᠰᠰᠤᠷ ᠭᠣᠣᠯ ᠵᠣᠷᠢᠯᠲᠠᠳᠥ ᠮᠡᠳᠡᠭᠦᠯᠦᠯᠲᠡ ᠬᠢᠪᠡ᠃ ᠤᠯᠤᠰ᠎ᠤᠨ ᠳᠣᠲᠣᠭᠠᠳᠤ᠎ᠶᠢᠨ ᠮᠣᠩᠭᠣᠯ ᠡᠮ ᠡᠮᠨᠡᠯᠭᠡ᠎ᠶᠢᠨ ᠬᠥᠷᠢᠶᠡᠨ ᠳ᠋ᠡᠬᠢ ᠲᠤᠰᠬᠠᠢ ᠮᠡᠷᠭᠡᠵᠢᠯᠲᠡᠨ᠂ ᠡᠷᠳᠡᠮᠲᠡᠨ ᠵᠢᠴᠢ ᠡᠮᠦᠨ᠎ᠡ ᠹᠷᠣᠨᠲ᠎ᠤᠨ ᠡᠮᠴᠢ ᠨᠠᠷ ᠮᠣᠩᠭᠣᠯ ᠡᠮᠨᠡᠯᠭᠡ᠎ᠶᠢᠨ ᠥᠪᠡᠷᠮᠢᠴᠡ ᠡᠮᠴᠢᠯᠡᠭᠡᠨ᠎ᠦ ᠦᠢᠯᠡᠳᠦᠯᠭᠡ ᠪᠠ ᠬᠥᠭᠵᠢᠯᠲᠡ᠎ᠶᠢ ᠬᠠᠮᠲᠤ᠎ᠪᠠᠷ ᠰᠤᠳᠤᠯᠤᠨ ᠶᠠᠷᠢᠯᠴᠠᠵᠤ᠂ ᠮᠣᠩᠭᠣᠯ ᠡᠮ ᠡᠮᠨᠡᠯᠭᠡ᠎ᠶᠢᠨ ᠣᠳᠣᠬᠢᠴᠢᠯᠠᠯᠲᠠ᠎ᠶᠢᠨ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠢᠨ᠎ᠠ᠃
ᠲᠣᠰ ᠬᠤᠷᠠᠯ᠎ᠢ ᠡᠷᠭᠢᠯᠡᠭᠰᠡᠨ ᠨᠢ ᠮᠣᠩᠭᠣᠯ ᠡᠮ ᠡᠮᠨᠡᠯᠭᠡ᠎ᠶᠢᠨ ᠬᠠᠮᠵᠢᠯᠴᠠᠬᠤ ᠲᠠᠪᠴᠠᠩ᠎ᠢ ᠪᠠᠢᠭᠤᠯᠵᠤ᠂ ᠲᠤᠷᠰᠢᠯᠭ᠎ᠠ ᠰᠣᠯᠢᠯᠴᠠᠬᠤ᠂ ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠭᠤᠯᠤᠨ᠂ ᠮᠣᠩᠭᠣᠯ ᠡᠮ ᠡᠮᠨᠡᠯᠭᠡ᠎ᠶᠢᠨ ᠣᠨᠴᠠᠯᠢᠭ᠍ᠲᠤ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ᠎ᠶᠢ ᠡᠭᠦᠳᠬᠦ ᠵᠢᠴᠢ 《ᠨᠢᠭᠡ ᠬᠥᠮᠥᠨ ᠳ᠋ᠤ ᠨᠢᠭᠡ ᠵᠤᠷ》 ᠤ᠋ᠨ ᠥᠪᠡᠷᠮᠢᠴᠡ ᠦᠢᠯᠡᠴᠢᠯᠡᠭᠡ᠎ᠶᠢ ᠲᠦᠯᠬᠢᠨ ᠠᠬᠢᠭᠤᠯᠵᠤ᠂ ᠡᠮᠴᠢᠯᠡᠭᠡᠨ᠎ᠦ ᠦᠢᠯᠡᠴᠢᠯᠡᠭᠡᠨ᠎ᠦ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠪᠡᠳᠴᠢᠲᠡᠨ᠎ᠦ ᠡᠷᠡᠭᠦᠯ ᠮᠡᠨᠳᠦ᠎ᠶᠢ ᠬᠠᠮᠠᠭᠠᠯᠠᠵᠤ᠂ ᠦᠨᠳᠦᠰᠦᠲᠡᠨ᠎ᠦ ᠡᠮ ᠡᠮᠨᠡᠯᠭᠡ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠴᠢᠬᠤᠯᠠ ᠥᠢᠯᠡᠳᠥᠯ ᠥᠵᠡᠭᠥᠯᠬᠥ ᠪᠤᠯᠤᠨ᠎ᠠ᠃