ᠦᠪᠦᠷ ᠮᠤᠩᠭᠤᠯ ᠳ᠋ᠡᠬᠢ ᠬᠠᠮᠤᠭ᠎ᠤᠨ ᠤᠯᠠᠨ ᠪᠤᠳᠢ ᠳᠠᠢ ᠳᠠᠩᠰᠠ ᠡᠪᠬᠡᠮᠡᠯ —— 《ᠬᠠᠩᠬᠢᠨ ᠬᠤᠰᠢᠭᠤᠨ᠎ᠤ ᠵᠠᠰᠠᠭ ᠶᠠᠮᠤᠨ ᠤ᠋ ᠳᠠᠩᠰᠠ ᠡᠪᠬᠡᠮᠡᠯ》 ᠤ᠋ᠨ ᠤᠷᠴᠢᠭᠤᠯᠭ᠎ᠠ ᠵᠢᠨ ᠠᠵᠢᠯ ᠶᠠᠪᠤᠭᠳᠠᠵᠤ ᠪᠠᠢᠨ᠎ᠠ
2025-06-07 11:05:44
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

《ᠬᠠᠩᠬᠢᠨ ᠬᠤᠰᠢᠭᠤᠨ᠎ᠤ ᠵᠠᠰᠠᠭ ᠶᠠᠮᠤᠨ ᠤ᠋ ᠳᠠᠩᠰᠠ ᠡᠪᠬᠡᠮᠡᠯ》 ᠤ᠋ᠨ ᠬᠢᠳᠡᠳ ᠬᠡᠯᠡᠨ ᠳ᠋ᠡᠬᠢ ᠤᠷᠴᠢᠭᠤᠯᠭ᠎ᠠ ᠵᠢᠨ ᠠᠵᠢᠯ ᠢ᠋ ᠠᠬᠢᠭᠤᠯᠬᠤ ᠬᠤᠷᠠᠯ ᠤᠢᠷ᠎ᠠ᠎ᠳᠤ ᠬᠦᠬᠡᠬᠤᠳᠠ ᠳ᠋ᠤ ᠶᠠᠪᠤᠭᠳᠠᠪᠠ᠃

 ᠬᠤᠷᠠᠯ ᠲᠡᠭᠡᠷ᠎ᠡ᠂ ᠤᠷᠴᠢᠭᠤᠯᠭ᠎ᠠ ᠵᠢᠨ ᠠᠵᠢᠯ᠎ᠢ ᠡᠬᠢᠯᠡᠬᠦᠯᠦᠭᠰᠡᠨ ᠡᠴᠡ ᠨᠠᠭᠠᠰᠢᠬᠢ 8 ᠰᠠᠷ᠎ᠠ ᠭᠠᠷᠤᠢ ᠵᠢᠨ ᠠᠵᠢᠯ ᠵᠢᠡᠨ ᠳ᠋ᠦᠩᠨᠡᠵᠦ᠂ ᠨᠢᠬᠡᠨᠳᠡ ᠤᠷᠴᠢᠭᠤᠯᠤᠭᠠᠳ ᠪᠠᠢᠭ᠎ᠠ 4 ᠪᠤᠳᠢ ᠳᠡᠪᠳᠡᠷ ᠲᠡᠬᠢ ᠬᠦᠷᠦᠯᠴᠡᠬᠦ ᠦᠬᠡᠢ ᠵᠦᠢᠯ᠎ᠢ ᠬᠡᠷᠬᠢᠨ ᠵᠠᠰᠠᠵᠤ ᠰᠠᠢᠵᠢᠷᠠᠭᠤᠯᠬᠤ ᠳᠤᠬᠠᠢ ᠳᠤᠰᠬᠠᠢ ᠮᠡᠷᠬᠡᠵᠢᠯᠳᠡᠨ ᠡᠴᠡ ᠰᠠᠨᠠᠯ ᠵᠦᠪᠯᠡᠯᠬᠡ ᠦᠭᠬᠦ ᠵᠢᠨ ᠳᠠᠭᠠᠤ ᠲᠡᠦᠬᠡᠨ ᠳᠠᠩᠰᠠ ᠪᠢᠴᠢᠭ᠎ᠢ ᠤᠷᠴᠢᠭᠤᠯᠬᠤ ᠳᠤᠬᠠᠢ ᠨᠠᠷᠢᠯᠢᠭ ᠰᠠᠢᠬᠠᠨ ᠮᠡᠷᠬᠡᠵᠢᠯ᠎ᠤᠨ ᠵᠢᠯᠤᠭᠤᠳᠤᠯᠭ᠎ᠠ ᠬᠢᠭᠰᠡᠨ ᠪᠠᠢᠨ᠎ᠠ᠃

《ᠬᠠᠩᠬᠢᠨ ᠬᠤᠰᠢᠭᠤᠨ᠎ᠤ ᠵᠠᠰᠠᠭ ᠶᠠᠮᠤᠨ ᠤ᠋ ᠳᠠᠩᠰᠠ ᠡᠪᠬᠡᠮᠡᠯ》 ᠪᠤᠯ ᠤᠳᠤ ᠬᠡᠪᠯᠡᠭᠳᠡᠬᠡᠳ ᠪᠠᠢᠭ᠎ᠠ ᠦᠪᠦᠷ ᠮᠤᠩᠭᠤᠯ ᠳ᠋ᠡᠬᠢ ᠬᠠᠮᠤᠭ᠎ᠤᠨ ᠤᠯᠠᠨ ᠪᠤᠳᠢ ᠳᠠᠢ ᠲᠡᠦᠬᠡᠨ ᠳᠠᠩᠰᠠ ᠡᠪᠬᠡᠮᠡᠯ ᠪᠤᠯᠤᠨ᠎ᠠ᠃ ᠳᠤᠰ ᠳᠠᠩᠰᠠ ᠡᠪᠬᠡᠮᠡᠯ ᠤᠷᠳᠤᠰ ᠬᠤᠳᠠ ᠵᠢᠨ ᠬᠠᠩᠬᠢᠨ ᠬᠤᠰᠢᠭᠤᠨ᠎ᠤ 250 ᠰᠢᠬᠠᠮ ᠵᠢᠯ᠎ᠤᠨ ᠨᠡᠢᠬᠡᠮ᠎ᠠᠵᠤ ᠠᠬᠤᠢ ᠵᠢᠨ ᠪᠠᠢᠳᠠᠯ᠎ᠢ ᠳᠤᠰᠬᠠᠵᠤ᠂ ᠨᠡᠢᠬᠡᠮ᠎ᠤᠨ ᠵᠠᠩ ᠦᠢᠯᠡ᠂ ᠱᠠᠰᠢᠨ ᠰᠤᠷᠳᠠᠬᠤᠨ᠂ ᠠᠵᠤ ᠠᠬᠤᠢ᠂ ᠰᠤᠶᠤᠯ᠂ ᠴᠡᠷᠢᠭ᠎ᠤᠨ ᠶᠠᠪᠤᠳᠠᠯ ᠵᠡᠷᠬᠡ ᠤᠯᠠᠨ ᠠᠭᠤᠯᠭ᠎ᠠ ᠵᠢ ᠬᠠᠮᠤᠷᠤᠭᠰᠠᠨ ᠵᠢᠡᠷ ᠠᠭᠤᠯᠭ᠎ᠠ ᠨᠢ ᠮᠠᠰᠢ ᠡᠯᠪᠡᠭ ᠪᠠᠶᠠᠯᠢᠭ ᠪᠠᠢᠳᠠᠭ᠃ 《ᠡᠨᠡ ᠬᠦ᠌ ᠳᠠᠩᠰᠠ ᠡᠪᠬᠡᠮᠡᠯ᠎ᠤᠨ ᠪᠢᠴᠢᠭ ᠲᠤ᠌ ᠳᠤᠬᠠᠢ ᠵᠢᠨ ᠴᠠᠭ ᠦᠶ᠎ᠠ ᠳ᠋ᠤ ᠨᠠᠭᠠᠰᠢ ᠴᠠᠭᠠᠰᠢ ᠢᠯᠡᠬᠡᠭᠰᠡᠨ ᠠᠯᠪᠠᠨ ᠪᠢᠴᠢᠭ᠂ ᠬᠤᠪᠢ ᠬᠦᠮᠦᠨ᠎ᠤ ᠵᠠᠬᠢᠳᠠᠯ᠂ ᠰᠦᠮ᠎ᠡ ᠬᠡᠢᠳ᠎ᠤᠨ ᠳᠤᠬᠠᠢ ᠪᠠᠷᠢᠮᠳᠠ ᠪᠢᠴᠢᠭ ᠵᠡᠷᠬᠡ ᠳᠡᠦᠬᠡᠨ ᠮᠠᠲ᠋ᠧᠷᠢᠶᠠᠯ ᠪᠠᠭᠳᠠᠵᠤ᠂ ᠪᠢᠴᠢᠯᠬᠡ ᠵᠢᠨ ᠬᠡᠯᠪᠡᠷᠢ ᠠᠭᠤᠯᠭ᠎ᠠ ᠨᠢ ᠤᠳᠤ ᠵᠢᠨ ᠠᠯᠪᠠᠨ ᠪᠢᠴᠢᠭ ᠳᠠᠢ ᠨᠡᠯᠢᠶᠡᠳ ᠵᠦᠷᠢᠶ᠎ᠠ ᠳᠠᠢ᠃ ᠳᠤᠰ ᠳᠠᠩᠰᠠ ᠡᠪᠬᠡᠮᠡᠯ᠎ᠪᠤᠯ ᠦᠨᠳᠦᠰᠦᠳᠡᠨ ᠤ᠋ ᠬᠠᠷᠢᠯᠴᠠᠭ᠎ᠠ ᠶᠠᠪᠤᠯᠴᠠᠭ᠎ᠠ ᠠᠭᠤᠰᠤᠯᠴᠠᠯ ᠢ᠋ ᠬᠠᠷᠠᠭᠤᠯᠤᠭᠰᠨ ᠨᠢᠬᠡᠨ ᠪᠤᠳᠠᠳᠤ  ᠦᠯᠢᠭᠡᠷ ᠵᠢᠱ᠌ᠢᠶ᠎ᠠ ᠪᠤᠯᠤᠨ᠎ᠠ᠃ ᠳᠡᠦᠬᠡ ᠵᠢᠨ ᠰᠤᠳᠤᠯᠭᠠᠨ᠎ᠤ ᠦᠨ᠎ᠠ ᠦᠷᠳᠡᠭ ᠳᠠᠢ ᠪᠦᠭᠡᠳ ᠨᠡᠢᠬᠡᠮ᠎ᠤᠨ ᠰᠤᠳᠤᠯᠭᠠᠨ᠎ᠤ ᠦᠨ᠎ᠠ ᠦᠷᠳᠡᠭ ᠵᠢᠡᠷ ᠴᠤ᠌ ᠦᠨᠳᠦᠷ᠃ ᠡᠨᠡ ᠬᠦ᠌ ᠬᠤᠪᠤᠷ ᠴᠤᠬᠠᠭ ᠳᠡᠦᠬᠡᠨ ᠮᠠᠲ᠋ᠧᠷᠢᠶᠠᠯ᠎ᠢ ᠬᠢᠳᠠᠳ ᠬᠡᠯᠡᠨ ᠳ᠋ᠤ ᠤᠷᠴᠢᠭᠤᠯᠵᠤ ᠪᠠᠢᠭ᠎ᠠ ᠨᠢ ᠨᠡᠩ ᠤᠯᠠᠨ ᠬᠦᠮᠦᠨ ᠤ᠋ ᠠᠰᠢᠭᠯᠠᠵᠤ ᠬᠡᠷᠡᠭᠯᠡᠬᠦ ᠳ᠋ᠤ ᠲᠦᠬᠦᠮ ᠦᠵᠡᠬᠦᠯᠬᠦ ᠵᠢᠨ ᠲᠦᠯᠦᠬᠡ ᠶᠤᠮ》 ᠬᠡᠵᠦ ᠤᠷᠴᠢᠭᠤᠯᠭ᠎ᠠ ᠵᠢᠨ ᠺᠤᠮᠢᠰ᠎ᠤᠨ ᠳᠤᠰᠬᠠᠢ ᠮᠡᠷᠬᠡᠵᠢᠯᠳᠡᠨ᠂ ᠦᠪᠦᠷ ᠮᠤᠩᠭᠤᠯ᠎ᠤᠨ ᠶᠡᠬᠡ ᠰᠤᠷᠭᠠᠭᠤᠯᠢ ᠵᠢᠨ ᠫᠷᠤᠹᠧᠰᠰᠤᠷ ᠰᠤᠳᠦᠪᠢᠯᠢᠭ ᠰᠤᠷᠪᠤᠯᠵᠢᠯᠠᠭ᠎ᠠ ᠬᠦᠯᠢᠶᠡᠬᠦ ᠳ᠋ᠡᠬᠡᠨ ᠶᠠᠷᠢᠯ᠎ᠠ᠃ ᠳᠤᠰ ᠳᠠᠩᠰᠠ ᠡᠪᠬᠡᠮᠡᠯ᠎ᠢ ᠴᠢᠩ ᠤᠯᠤᠰ᠎ᠤᠨ ᠦᠶ᠎ᠠ ᠵᠢᠨ ᠬᠢᠳᠠᠳ ᠠᠯᠪᠠᠨ ᠪᠢᠴᠢᠭ᠎ᠤᠨ ᠦᠨᠳᠦᠰᠦᠨ ᠲᠦᠷᠢᠮ᠂ ᠬᠡᠪ ᠨᠠᠮᠪᠠ ᠵᠢ ᠦᠨᠳᠦᠰᠦᠯᠡᠵᠦ ᠤᠷᠴᠢᠭᠤᠯᠬᠤ ᠵᠠᠷᠴᠢᠮ᠎ᠢ ᠪᠠᠷᠢᠮᠳᠠᠯᠠᠵᠤ᠂ ᠪᠢᠴᠢᠭ᠎ᠤᠨ ᠬᠡᠯᠡ ᠪᠡᠷ ᠨᠡᠯᠢᠶᠡᠳ ᠦᠨᠳᠦᠷ ᠲᠦᠪᠰᠢᠨ ᠳ᠋ᠤ ᠤᠷᠴᠢᠭᠤᠯᠬᠤ ᠪᠡᠷ ᠴᠢᠷᠮᠠᠢᠵᠤ ᠪᠠᠢᠭ᠎ᠠ ᠶᠤᠮ᠃

ᠳᠠᠨᠢᠯᠴᠠᠭᠤᠯᠤᠭᠰᠠᠨ ᠵᠢᠡᠷ᠂ 《ᠬᠠᠩᠬᠢᠨ ᠬᠤᠰᠢᠭᠤᠨ᠎ᠤ ᠵᠠᠰᠠᠭ ᠶᠠᠮᠤᠨ ᠤ᠋ ᠳᠠᠩᠰᠠ ᠡᠪᠬᠡᠮᠡᠯ》 ᠎ᠢ᠋ ᠡᠮᠬᠢᠳᠬᠡᠵᠦ ᠨᠠᠢᠷᠠᠭᠤᠯᠬᠤ ᠠᠵᠢᠯ ᠢ᠋ 2013 ᠤᠨ ᠡᠴᠡ ᠡᠬᠢᠯᠡᠬᠦᠯᠵᠦ᠂ ᠠᠷᠪᠠ ᠭᠠᠷᠤᠢ ᠵᠢᠯ᠎ᠤᠨ ᠴᠢᠷᠮᠠᠢᠯᠠᠭ᠎ᠠ ᠪᠡᠷ 2024 ᠤᠨ ᠳ᠋ᠤ ᠡᠮᠬᠢᠳᠬᠡᠨ ᠳᠠᠭᠤᠰᠬᠠᠵᠤ ᠨᠡᠢᠳᠡ 90 ᠪᠤᠳᠢ ᠳᠡᠪᠳᠡᠷ᠎ᠢ᠋ ᠬᠡᠪᠯᠡᠬᠦᠯᠦᠭᠰᠡᠨ ᠪᠠᠢᠨ᠎ᠠ᠃ ᠳᠤᠰ ᠳᠠᠩᠰᠠ ᠡᠪᠬᠡᠮᠡᠯ ᠪᠤᠯ 1695 ᠤᠨ ᠡᠴᠡ 1951 ᠤᠨ ᠪᠤᠯᠳᠠᠯᠠᠬᠢ᠂ 250 ᠰᠢᠬᠠᠮ ᠵᠢᠯ᠎ᠤᠨ ᠤᠷᠳᠤ ᠤᠳᠠᠭᠠᠨ ᠳᠡᠦᠬᠡ ᠵᠢ ᠰᠤᠨᠳᠠᠯᠠᠭᠰᠠᠨ ᠳᠡᠦᠬᠡᠨ ᠮᠠᠲ᠋ᠧᠷᠢᠶᠠᠯ ᠪᠢᠴᠢᠭ ᠪᠤᠯᠤᠨ᠎ᠠ᠃ ᠡᠬᠦᠨ ᠳ᠋ᠤ ᠴᠢᠩ ᠤᠯᠤᠰ᠎ᠤᠨ ᠦᠶ᠎ᠠ ᠵᠢᠨ ᠳᠠᠩᠰᠠ 42 ᠪᠤᠳᠢ᠂ ᠢᠷᠬᠡᠨ ᠤᠯᠤᠰ᠎ᠤᠨ ᠦᠶ᠎ᠠ ᠵᠢᠨ ᠳᠠᠩᠰᠠ 40 ᠪᠤᠳᠢ ᠪᠠᠢᠬᠤ ᠪᠦᠬᠡᠳ ᠬᠢᠳᠠᠳ ᠮᠤᠩᠭᠤᠯ᠎ᠭᠠᠷᠴᠠᠭ᠎ᠢ ᠬᠠᠷᠭᠤᠭᠤᠯᠤᠭᠰᠠᠨ 8 ᠪᠤᠳᠢ ᠵᠢ ᠪᠠᠭᠳᠠᠭᠠᠪᠠᠯ ᠨᠡᠢᠳᠡ 90 ᠪᠤᠳᠢ ᠪᠤᠯᠬᠤ ᠶᠤᠮ᠃  ᠦᠪᠦᠷ ᠮᠤᠩᠭᠤᠯ᠎ᠤᠨ ᠦᠨᠳᠦᠰᠦᠳᠡᠨ ᠤ᠋ ᠰᠤᠶᠤᠯ᠎ᠤᠨ ᠪᠠᠢᠭᠤᠯᠤᠯᠳᠠ ᠵᠢᠨ ᠢᠨᠵᠧᠨ᠋ᠧᠷᠢᠩ᠂ ᠦᠪᠦᠷ ᠮᠤᠩᠭᠤᠯ᠎ᠤᠨ ᠨᠡᠢᠬᠡᠮ᠎ᠤᠨ ᠰᠢᠨᠵᠢᠯᠡᠬᠦ ᠤᠬᠠᠭᠠᠨ ᠤ᠋ ᠳᠤᠮᠤ ᠳᠦᠰᠦᠯ ᠳ᠋ᠤ ᠪᠠᠭᠳᠠᠨ᠎ᠠ᠃

《ᠵᠦᠪᠬᠡᠨ ᠮᠤᠩᠭᠤᠯ ᠬᠡᠯᠡᠨ᠎ᠳᠡᠬᠡᠷᠡᠬᠢ ᠳᠠᠩᠰᠠ ᠡᠪᠬᠡᠮᠡᠯ ᠨᠢ ᠠᠰᠢᠭᠯᠠᠵᠤ ᠬᠡᠷᠡᠭᠯᠡᠬᠦ ᠳᠠᠯ᠎ᠠ ᠪᠡᠷ ᠬᠢᠵᠠᠭᠠᠷᠳᠠᠮᠠᠯ ᠲᠠᠯ᠎ᠠ ᠳᠠᠢ ᠪᠤᠯᠬᠤᠷ ᠬᠠᠩᠬᠢᠨ ᠬᠤᠰᠢᠭᠤᠨ᠎ᠤ ᠨᠠᠮ ᠵᠠᠰᠠᠭ᠎ᠤᠨ ᠳᠡᠮᠵᠢᠯᠬᠡ ᠪᠡᠷ 2024 ᠤᠨ ᠤ᠋ 7 ᠰᠠᠷ᠎ᠠ ᠡᠴᠡ ᠬᠢᠳᠠᠳ ᠬᠡᠯᠡᠨ ᠳ᠋ᠤ ᠤᠷᠴᠢᠭᠤᠯᠬᠤ ᠲᠦᠷᠦᠯ ᠵᠦᠢᠯ᠎ᠢ ᠡᠬᠢᠯᠡᠬᠦᠯᠦᠭᠰᠡᠨ ᠪᠠᠢᠨ᠎ᠠ᠃ ᠳᠤᠰ ᠤᠷᠴᠢᠭᠤᠯᠭ᠎ᠠ ᠵᠢᠨ ᠠᠵᠢᠯ ᠳ᠋ᠤ ᠳᠡᠦᠬᠡ ᠵᠢᠨ ᠮᠡᠳᠡᠯᠬᠡ ᠳᠠᠢ᠂ ᠤᠷᠤᠨ ᠨᠤᠳᠤᠭ᠎ᠤᠨ ᠰᠤᠶᠤᠯ ᠳᠡᠦᠬᠡ ᠵᠢ ᠤᠢᠯᠠᠭᠠᠬᠤ ᠪᠦᠭᠡᠳ ᠬᠢᠳᠠᠳ ᠮᠤᠩᠭᠤᠯ ᠬᠡᠯᠡᠨ᠎ᠤ ᠬᠡᠪ ᠪᠤᠯᠪᠠᠰᠤᠷᠠᠯ ᠦᠨᠳᠦᠷ ᠬᠦᠮᠦᠰ᠎ᠱᠠᠭᠠᠷᠳᠠᠭᠳᠠᠨ᠎ᠠ᠃ 90 ᠪᠤᠳᠢ ᠨᠤᠮ᠎ᠢ ᠳᠠᠪᠤ ᠡᠴᠡ ᠳᠤᠯᠤᠭᠠᠨ ᠵᠢᠯ᠎ᠤᠨ ᠳᠤᠳᠤᠷ᠎ᠠ ᠤᠷᠴᠢᠭᠤᠯᠵᠤ ᠳᠠᠭᠤᠰᠬᠠᠬᠤ ᠪᠡᠷ ᠲᠦᠯᠦᠪᠯᠡᠵᠦ ᠪᠠᠢᠨ᠎ᠠ᠂ ᠠᠵᠢᠯ ᠬᠦᠨᠳᠤ ᠬᠡᠴᠡᠬᠦᠦ᠂ ᠡᠨᠡ ᠡᠳᠦᠷ ᠤ᠋ᠨ ᠬᠤᠷᠠᠯ ᠵᠢᠡᠷ ᠲᠠᠮᠵᠢᠨ ᠪᠢᠳᠠ ᠤᠷᠴᠢᠭᠤᠯᠭ᠎ᠠ ᠳ᠋ᠤ ᠤᠷᠤᠯᠴᠠᠭᠰᠠᠳ᠎ᠢ ᠲᠠᠪᠳᠠᠨ ᠪᠤᠯᠪᠠᠰᠤᠷᠠᠭᠤᠯᠬᠤ ᠵᠢᠨ ᠵᠡᠷᠬᠡ ᠪᠡᠷ ᠳᠠᠷᠠᠭᠠᠴᠢ ᠵᠢᠨ ᠠᠵᠢᠯ ᠵᠢᠡᠨ ᠬᠡᠷᠬᠢᠨ ᠤᠷᠤᠭᠰᠢᠳᠠᠢ ᠬᠢᠬᠦ ᠳᠤᠬᠠᠢ ᠪᠠᠢᠷᠢᠯᠠᠭᠤᠯᠤᠯᠳᠠ ᠬᠢᠪᠡ》 ᠬᠡᠵᠦ ᠲᠦᠷᠦᠯ ᠵᠦᠢᠯ᠎ᠤᠨ ᠬᠠᠷᠢᠭᠤᠴᠠᠯᠭᠠᠳᠠᠨ᠂ ᠦᠪᠡᠷᠳᠡᠬᠡᠨ ᠵᠠᠰᠬᠠᠤ ᠤᠷᠤᠨ᠎ᠤ ᠴᠦᠬᠡᠨ ᠳᠤᠭᠠᠳᠤ ᠦᠨᠳᠦᠰᠦᠳᠡᠨ᠎ᠤ ᠰᠤᠳᠤᠷ ᠪᠢᠴᠢᠭ᠎ᠢ ᠴᠤᠭᠯᠠᠭᠤᠯᠤᠨ ᠡᠮᠬᠢᠳᠬᠡᠵᠦ ᠰᠤᠳᠤᠯᠬᠤ ᠳᠠᠰᠤᠭ᠎ᠤᠨ ᠤᠤᠯ᠎ᠤᠨ ᠡᠷᠬᠢᠯᠡᠭᠴᠢ ᠰᠤᠶᠤᠯᠳᠤ ᠳᠠᠨᠢᠯᠴᠠᠭᠤᠯᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号