ᠤᠯᠤᠰ᠎ᠤᠨ ᠨᠢᠭᠡᠲᠦᠯᠲᠡᠢ ᠱᠢᠯᠭᠠᠯᠲᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠤᠭ᠍ᠰᠠᠨ ᠠᠩᠬᠠᠨ᠎ᠤ ᠵᠢᠯ
6 ᠰᠠᠷ᠎ᠠ᠎ᠶ᠋ᠢᠨ 7 ᠤ᠋ ᠡᠳᠦᠷ᠂ ᠵᠢᠯ᠎ᠳᠦ ᠨᠢᠭᠡ ᠤᠳᠠᠭ᠎ᠠ ᠶᠠᠪᠤᠭ᠍ᠳᠠᠳᠠᠭ ᠤᠯᠤᠰ᠎ᠤᠨ ᠨᠢᠭᠡᠳᠦᠯᠲᠡᠢ ᠱᠢᠯᠭᠠᠯᠲᠠ ᠪᠣᠯᠵᠣᠭ᠎ᠠ ᠶᠣᠰᠣᠭᠠᠷ ᠬᠦᠷᠴᠦ᠍ ᠢᠷᠡᠪᠡ᠃ ᠡᠨᠡ ᠵᠢᠯ ᠪᠣᠯ ᠮᠠᠨ᠎ᠤ ᠣᠷᠣᠨ ᠡᠴᠡ ᠤᠯᠤᠰ ᠤ᠋ᠨ᠌ ᠨᠢᠭᠡᠳᠦᠯᠲᠡᠶ ᠱᠢᠯᠭᠠᠯᠲᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠤᠭ᠍ᠰᠠᠨ ᠠᠩᠬᠠᠨ᠎ᠤ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠡᠴᠡ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ᠃
ᠡᠨᠡ ᠵᠢᠯ᠂ ᠮᠠᠨ᠎ᠤ ᠣᠷᠣᠨ᠎ᠤ ᠤᠯᠤᠰ᠎ᠤᠨ ᠨᠢᠭᠡᠳᠦᠯᠲᠡᠶ ᠱᠢᠯᠭᠠᠯᠲᠠ᠎ᠳᠤ ᠨᠡᠷ᠎ᠡ ᠮᠡᠳᠡᠭᠦᠯᠦᠭᠰᠡᠨ ᠰᠤᠷᠤᠭᠴᠢ 20.9 ᠲᠦᠮᠡᠨ ᠬᠥᠮᠦᠨ ᠪᠠᠢᠵᠤ᠂ ᠡᠮᠦᠨᠡᠬᠢ ᠬᠤᠭᠤᠴᠠᠭᠠᠨ᠎ᠳᠤ ᠨᠢᠭᠡᠨᠲᠡ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠲᠤᠰᠠᠭᠠᠷ ᠡᠯᠰᠡᠭ᠌ᠳᠡᠭᠰᠡᠨ ᠪᠠ ᠲᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭᠠᠭᠤᠯᠢ᠎ᠳᠤ 3 ᠵᠢᠯ ᠰᠤᠷᠤᠯᠴᠠᠭᠰᠠᠨ᠎ᠤ ᠲᠠᠷᠠᠭ᠎ᠠ ᠲᠡᠭᠡᠳᠤ ᠵᠡᠷᠭᠡ ᠵᠢᠨ ᠠᠵᠢᠯ ᠮᠡᠷᠭᠡᠵᠢᠯ᠎ᠤᠨ ᠰᠤᠷᠭᠠᠭᠤᠯᠢ᠎ᠳᠤ ᠲᠠᠬᠢᠨ 2 ᠵᠢᠯ ᠰᠤᠷᠤᠯᠴᠠᠬᠤ ᠪᠡᠷ ᠱᠠᠲᠤ ᠰᠢᠯᠵᠢᠬᠦ ᠵᠢᠴᠢ ᠪᠤᠰᠤᠳ ᠲᠤᠰᠠᠭᠠᠷ ᠰᠣᠷᠣᠭ᠍ᠴᠢ ᠡᠯᠰᠡᠭ᠌ᠰᠡᠨ 5.2 ᠲᠦᠮᠡᠨ ᠬᠥᠮᠦᠨ᠎ᠡᠴᠡ ᠭᠠᠳᠠᠨ᠎ᠠ᠂ ᠤᠯᠤᠰ᠎ᠤᠨ ᠨᠢᠭᠡᠳᠦᠯᠲᠡᠶ ᠱᠢᠯᠭᠠᠯᠲᠠ᠎ᠳᠤ ᠪᠤᠳᠠᠳᠠᠢ ᠤᠷᠤᠯᠴᠠᠬᠤ ᠬᠦᠮᠦᠨ ᠪᠠᠷᠤᠭ 15.7 ᠲᠦᠮᠡ ᠬᠥᠮᠦᠨ ᠪᠠᠢᠨ᠎ᠠ᠃ ᠪᠥᠬᠥ᠌ ᠣᠷᠣᠨ᠎ᠤ 12 ᠠᠢᠮᠠᠭ ᠬᠣᠲᠠ᠎ᠳᠤ ᠨᠡᠢᠲᠡ 104 ᠱᠢᠯᠭᠠᠯᠲᠠ᠎ᠶ᠋ᠢᠨ ᠲᠣᠭᠣᠷᠢᠭ᠂ 187 ᠱᠢᠯᠭᠠᠯᠲᠠ᠎ᠶ᠋ᠢᠨ ᠴᠡᠭ᠂ 5625 ᠱᠢᠯᠭᠠᠯᠲᠠ᠎ᠶ᠋ᠢᠨ ᠲᠠᠯᠠᠪᠠᠶ ᠪᠠ 565 ᠪᠡᠯᠡᠳᠭᠡᠯ ᠱᠢᠯᠭᠠᠯᠲᠠ᠎ᠶ᠋ᠢᠨ ᠲᠠᠯᠠᠪᠠᠶ ᠲᠤᠬᠢᠷᠠᠭᠤᠯᠵᠤ᠂ ᠱᠢᠯᠭᠠᠯᠲᠠ᠎ᠶ᠋ᠢ ᠴᠥᠮ ᠪᠠᠷᠢᠮᠵᠢᠶᠠᠵᠢᠭᠤᠯᠤᠭ᠍ᠰᠠᠨ ᠱᠢᠯᠭᠠᠯᠲᠠ᠎ᠶ᠋ᠢᠨ ᠲᠠᠯᠠᠪᠠᠶ᠎ᠳᠤ ᠶᠠᠪᠤᠭ᠍ᠳᠠᠭᠤᠯᠤᠨ᠎ᠠ᠃
ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠡᠬᠢᠯᠡᠭᠦᠯᠦᠭ᠌ᠰᠡᠨ ᠪᠥᠬᠥ᠌ ᠤᠯᠤᠰ᠎ᠤᠨ ᠲᠠᠪᠤᠳᠤᠭᠠᠷ ᠪᠦᠯᠦᠭ᠎ᠦᠨ ᠨᠠᠶ᠋ᠮᠠᠨ ᠮᠤᠵᠢ ᠣᠷᠣᠨ᠎ᠤ ᠨᠢᠭᠡ ᠪᠣᠯᠤᠭ᠍ᠰᠠᠨ᠎ᠤ ᠬᠤᠪᠢ᠎ᠳᠤ᠂ ᠡᠨᠡ ᠵᠢᠯ ᠥᠪᠥᠷ ᠮᠣᠩᠭᠣᠯ᠎ᠤᠨ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠱᠢᠯᠭᠠᠯᠲᠠ᠎ᠳᠤ 《3 + 1 + 2》 ᠤ᠋ᠨ ᠵᠠᠭ᠍ᠪᠤᠷ᠎ᠢ ᠬᠡᠷᠡᠭ᠌ᠵᠢᠭᠦᠯᠵᠦ᠍᠂ ᠤᠯᠤᠰ ᠤ᠋ᠨ ᠨᠢᠭᠡᠳᠦᠯᠲᠡᠶ ᠱᠢᠯᠭᠠᠯᠲᠠ᠎ᠶ᠋ᠢᠨ ᠬᠢᠴᠢᠶᠡᠯ ᠲᠥᠷᠥᠯ ᠪᠠ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠲᠦᠪᠱᠢᠨ᠎ᠦ ᠰᠣᠩᠭᠣᠯᠲᠠ᠎ᠶ᠋ᠢᠨ ᠴᠢᠨᠠᠷᠲᠠᠶ ᠱᠢᠯᠭᠠᠯᠲᠠ᠎ᠶ᠋ᠢᠨ ᠬᠢᠴᠢᠶᠡᠯ ᠲᠥᠷᠥᠯ᠎ᠢᠶᠡᠷ ᠪᠦᠷᠢᠯᠳᠦᠪᠡ᠃ ᠡᠭᠦᠨ᠎ᠳᠦ᠂《3》 ᠭᠡᠳᠡᠭ ᠨᠢ ᠪᠥᠬᠥ᠌ ᠤᠯᠤᠰ᠎ᠤᠨ ᠨᠢᠭᠡᠳᠦᠯᠲᠡᠶ ᠱᠢᠯᠭᠠᠬᠤ ᠬᠢᠴᠢᠶᠡᠯ ᠲᠥᠷᠥᠯ᠎ᠦᠨ ᠬᠡᠯᠡ ᠪᠢᠴᠢᠭ᠂ ᠲᠣᠭᠠᠨ᠎ᠤ ᠤᠬᠠᠭᠠᠨ᠂ ᠭᠠᠳᠠᠭᠠᠳᠤ ᠬᠡᠯᠡ᠎ᠶ᠋ᠢ ᠵᠢᠭᠠᠵᠤ ᠪᠠᠢᠨ᠎ᠠ᠂ ᠨᠡᠢᠭᠡᠮ᠎ᠦᠨ ᠱᠢᠨᠵᠢᠯᠡᠬᠦ᠌ ᠤᠬᠠᠭᠠᠨ ᠪᠠ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ ᠭᠡᠵᠦ᠍ ᠬᠤᠪᠢᠶᠠᠬᠤ ᠥᠬᠡᠶ᠂ ᠪᠣᠶ ᠪᠥᠬᠥᠶ ᠱᠢᠯᠭᠠᠭᠤᠯᠤᠭ᠍ᠴᠢ ᠵᠠᠪᠠᠯ ᠱᠢᠯᠭᠠᠬᠤ ᠬᠡᠷᠡᠭ᠌ᠲᠡᠶ; 《1》 ᠪᠠ 《2》 ᠪᠣᠯ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠯᠭ᠎ᠠ᠎ᠶ᠋ᠢᠨ ᠲᠦᠪᠱᠢᠨ᠎ᠦ ᠰᠣᠩᠭᠣᠯᠲᠠ᠎ᠶ᠋ᠢᠨ ᠴᠢᠨᠠᠷᠲᠠᠶ ᠱᠢᠯᠭᠠᠯᠲᠠ᠎ᠶ᠋ᠢᠨ ᠬᠢᠴᠢᠶᠡᠯ ᠲᠥᠷᠥᠯ ᠪᠠᠢᠵᠦ᠂ 《1》 ᠭᠡᠳᠡᠭ ᠨᠢ ᠲᠡᠷᠢᠭᠦᠨ ᠰᠣᠩᠭᠣᠯᠲᠠ᠎ᠶ᠋ᠢᠨ ᠬᠢᠴᠢᠶᠡᠯ ᠲᠥᠷᠥᠯ ᠮᠥᠨ᠂ ᠲᠠᠷᠤᠢ ᠹᠢᠽᠢᠺ᠂ ᠲᠡᠦᠬᠡ᠎ᠶ᠋ᠢᠨ ᠬᠢᠴᠢᠶᠡᠯ ᠲᠥᠷᠥᠯ ᠳᠣᠲᠣᠷ᠎ᠠ᠎ᠡᠴᠡ 1 ᠬᠢᠴᠢᠶᠡᠯ ᠲᠥᠷᠥᠯ᠎ᠢ ᠰᠣᠩᠭᠣᠨ᠎ᠠ; 《2》 ᠭᠡᠳᠡᠭ ᠨᠢ ᠳᠠᠭᠢᠨ ᠰᠣᠩᠭᠣᠯᠳᠠ᠎ᠶᠢᠨ ᠬᠢᠴᠢᠶᠡᠯ ᠪᠣᠯᠤᠨ᠎ᠠ᠂ ᠱᠢᠯᠭᠠᠭᠤᠯᠤᠭ᠍ᠴᠢ ᠦᠵᠡᠯ ᠰᠠᠨᠠᠭ᠎ᠠ ᠤᠯᠤᠰ ᠲᠥᠷᠥ᠍᠂ ᠭᠠᠵᠠᠷ ᠵᠦᠶ᠂ ᠬᠢᠮᠢ᠂ ᠠᠮᠢᠳᠤ ᠪᠣᠳᠠᠰ᠎ᠤᠨ ᠤᠬᠠᠭᠠᠨ ᠵᠡᠷᠭᠡ ᠬᠢᠴᠢᠶᠡᠯ ᠲᠦᠷᠦᠯ ᠳᠣᠲᠣᠷ᠎ᠠ ᠡᠴᠡ 2 ᠬᠢᠴᠢᠶᠡᠯ ᠲᠦᠷᠦᠯ᠎ᠢ ᠰᠣᠩᠭᠣᠵᠤ ᠪᠣᠯᠤᠨ᠎ᠠ᠃ ᠡᠨᠡ ᠬᠦ᠌ ᠬᠡᠪ ᠵᠠᠭ᠍ᠪᠤᠷ᠎ᠲᠤ ᠰᠣᠷᠣᠭ᠍ᠴᠢ ᠥᠪᠡᠷ᠎ᠦᠨ ᠳᠤᠷ᠎ᠠ ᠪᠠᠬ᠎ᠠ᠂ ᠳᠤᠷ᠎ᠠ ᠰᠣᠨᠢᠷᠬᠠᠯ᠂ ᠣᠨᠴᠠ ᠴᠢᠳᠠᠪᠤᠷᠢ᠎ᠪᠠᠨ ᠦᠨᠳᠦᠰᠦᠯᠡᠨ᠂ 12 ᠵᠦᠶ᠋ᠯ᠎ᠦᠨ ᠬᠠᠮ ᠬᠡᠰᠡᠭᠯᠡᠯ ᠳᠣᠲᠣᠷ᠎ᠠ ᠡᠴᠡ ᠨᠢᠭᠡ᠎ᠶ᠋ᠢ ᠨᠢ ᠡᠵᠡᠨ ᠮᠡᠳᠡᠵᠦ᠍ ᠰᠣᠩᠭᠣᠵᠤ ᠪᠣᠯᠤᠨ᠎ᠠ᠃ ᠪᠡᠶ᠎ᠡ᠎ᠶ᠋ᠢᠨ ᠲᠠᠮᠢᠷ᠎ᠤᠨ ᠲᠥᠷᠥᠯ᠂ ᠤᠷᠠᠯᠢᠭ᠎ᠤᠨ ᠲᠥᠷᠥᠯ ᠵᠡᠷᠭᠡ ᠲᠤᠰᠭᠠᠶ ᠮᠡᠷᠭᠡᠵᠢᠯ᠎ᠳᠦ ᠨᠡᠷ᠎ᠡ ᠮᠡᠳᠡᠭᠦᠯᠦᠭ᠌ᠰᠡᠨ ᠱᠢᠯᠭᠠᠭᠤᠯᠤᠭ᠍ᠴᠢ ᠬᠣᠯᠪᠣᠭ᠍ᠳᠠᠯ ᠪᠥᠬᠥᠶ ᠱᠠᠭᠠᠷᠳᠠᠯᠭ᠎ᠠ ᠶᠣᠰᠣᠭᠠᠷ ᠵᠣᠬᠢᠬᠤ ᠲᠤᠰᠭᠠᠶ ᠮᠡᠷᠭᠡᠵᠢᠯ᠎ᠦᠨ ᠱᠢᠯᠭᠠᠯᠲᠠ᠎ᠳᠤ ᠣᠷᠣᠯᠴᠠᠨ᠎ᠠ᠃ ᠤᠯᠤᠰ᠎ᠤᠨ ᠨᠢᠭᠡᠳᠦᠯᠳᠡᠢ ᠱᠢᠯᠭᠠᠯᠲᠠ᠎ᠶᠢᠨ ᠪᠤᠳᠠᠳᠠᠢ ᠴᠠᠭ ᠨᠢ᠂ 6 ᠰᠠᠷ᠎ᠠ᠎ᠶ᠋ᠢᠨ 7 ᠤ᠋ ᠡᠳᠦᠷ᠎ᠦᠨ 9᠄ 00 —11᠄ 30 ᠬᠡᠯᠡ ᠪᠢᠴᠢᠭ᠂ 15᠄ 00 —17᠄ 00 ᠲᠣᠭᠠᠨ᠎ᠤ ᠤᠬᠠᠭᠠᠨ; 6 ᠰᠠᠷ᠎ᠠ᠎ᠶ᠋ᠢᠨ 8 ᠤ᠋ ᠡᠳᠦᠷ᠎ᠦᠨ 9᠄ 00 —10᠄ 15 ᠹᠢᠽᠢᠺ / ᠲᠡᠦᠬᠡ᠂ 15᠄ 00 —17᠄ 00 ᠭᠠᠳᠠᠭᠠᠳᠤ ᠬᠡᠯᠡ (ᠰᠣᠨᠣᠰᠬᠤ ᠴᠢᠳᠠᠪᠤᠷᠢ ᠵᠢᠨ ᠰᠢᠯᠭᠠᠯᠳᠠ ᠪᠠᠭ᠍ᠲᠠᠨ᠎ᠠ); 6 ᠰᠠᠷ᠎ᠠ᠎ᠶ᠋ᠢᠨ 9 ᠤ᠋ ᠡᠳᠦᠷ᠎ᠦᠨ 8᠄ 30 — 9᠄ 45 ᠬᠢᠮᠢ᠂ 11᠄ 00 —12᠄ 15 ᠭᠠᠵᠠᠷ ᠵᠦᠢ᠂ 14᠄ 30 —15᠄ 45 ᠦᠵᠡᠯ ᠰᠠᠨᠠᠭ᠎ᠠ ᠤᠯᠤᠰ ᠲᠥᠷᠥ᠍᠂ 17᠄ 00 —18᠄ 15 ᠠᠮᠢᠳᠤ ᠪᠣᠳᠠᠰ᠎ᠤᠨ ᠤᠬᠠᠭᠠᠨ᠃ ᠮᠣᠩᠭᠣᠯ ᠬᠡᠯᠡ ᠨᠡᠮᠡᠵᠦ᠍ ᠱᠢᠯᠭᠠᠬᠤ ᠱᠢᠯᠭᠠᠯᠲᠠ᠎ᠶ᠋ᠢᠨ ᠴᠠᠭ ᠨᠢ 6 ᠰᠠᠷ᠎ᠠ᠎ᠶ᠋ᠢᠨ 10 ᠤ᠋ ᠡᠳᠦᠷ᠎ᠦᠨ 9 ᠄ 00 —11᠄ 30 ᠪᠣᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ᠎ᠶ᠋ᠢᠨ ᠭᠠᠵᠠᠷ᠎ᠤᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠤᠯᠤᠰ᠎ᠤᠨ ᠨᠢᠭᠡᠳᠦᠯᠳᠡᠢ ᠱᠢᠯᠭᠠᠯᠲᠠ᠎ᠶ᠋ᠢᠨ ᠥᠭᠡᠷᠡᠴᠢᠯᠡᠯᠲᠡ᠎ᠨᠢ ᠱᠢᠯᠭᠠᠬᠤ ᠬᠢᠴᠢᠶᠡᠯ ᠲᠥᠷᠥᠯ᠂ ᠬᠢᠷᠢ ᠪᠦᠲᠦᠮᠵᠢ᠎ᠶᠢ ᠨᠡᠢᠳᠡᠯᠡᠬᠦ᠂ ᠡᠷᠡᠮᠡᠯᠵᠡᠯ ᠲᠠᠭ᠍ᠯᠠᠬᠤ ᠪᠠ ᠡᠯᠰᠡᠬᠦ᠌ ᠵᠡᠷᠭᠡ ᠲᠠᠯ᠎ᠠ᠎ᠪᠠᠷ ᠬᠤᠪᠢᠷᠠᠯᠲᠠ ᠭᠠᠷᠪᠠ᠂ 2025 ᠣᠨ᠎ᠤ ᠰᠢᠨ᠎ᠡ ᠤᠯᠤᠰ᠎ᠤᠨ ᠨᠢᠭᠡᠳᠦᠯᠳᠡᠢ ᠱᠢᠯᠭᠠᠯᠲᠠ᠎ᠶ᠋ᠢᠨ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠤᠬᠰᠠᠨ ᠪᠠᠢᠳᠠᠯ᠎ᠳᠤ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ ᠡᠴᠡ ᠱᠢᠯᠭᠠᠬᠤ ᠪᠠ ᠰᠣᠷᠣᠭ᠍ᠴᠢ ᠡᠯᠰᠡᠬᠦ᠌ ᠠᠵᠢᠯ᠎ᠤᠨ ᠲᠥᠰᠦᠯ᠂ ᠱᠢᠯᠭᠠᠯᠲᠠ᠎ᠶ᠋ᠢᠨ ᠶᠠᠪᠤᠳᠠᠯ᠎ᠤᠨ ᠬᠠᠮᠢᠶᠠᠷᠤᠯᠲᠠ᠂ ᠡᠷᠡᠮᠡᠯᠵᠡᠯ ᠲᠠᠭ᠍ᠯᠠᠬᠤ ᠪᠠ ᠲᠠᠩᠰᠠ ᠡᠪᠬᠡᠮᠡᠯ᠎ᠢᠶᠡᠨ ᠲᠤᠰᠢᠶᠠᠬᠤ ᠡᠯᠰᠡᠬᠦ᠌ ᠵᠡᠷᠭᠡ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠲᠡᠭᠦᠯᠳᠡᠷᠵᠢᠭᠦᠯᠵᠦ᠍᠂ ᠠᠵᠢᠯ᠎ᠤᠨ ᠭᠤᠬᠴᠤᠭ᠎ᠠ ᠵᠢ ᠪᠥᠬᠥ᠌ ᠶᠠᠪᠤᠴᠠ ᠳ᠋ᠤ ᠨᠠᠷᠢᠯᠢᠬ᠍ᠵᠢᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠤᠰ᠎ᠤᠨ ᠨᠢᠭᠡᠳᠦᠯᠳᠡᠢ ᠱᠢᠯᠭᠠᠯᠲᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠰᠠᠨ ᠪᠠᠢᠨ᠎ᠠ ᠬᠡᠵᠦ ᠳᠠᠨᠢᠯᠴᠠᠭᠤᠯᠪᠠ᠃