ᠤᠯᠤᠰ ᠤ᠋ᠨ ᠨᠢᠬᠡᠳᠦᠯᠳᠡᠢ ᠰᠢᠯᠭᠠᠯᠲᠠ᠎ᠶᠢᠨ ᠬᠤᠭᠤᠴᠠᠭᠠᠨ᠎ᠤ ᠵᠠᠮ ᠬᠠᠷᠢᠯᠴᠠᠭᠠᠨ᠎ᠤ ᠠᠮᠤᠷ ᠲᠦᠪᠰᠢᠨ᠎ᠢ ᠬᠠᠮᠠᠭᠠᠯᠠᠬᠤ ᠠᠵᠢᠯ᠎ᠢ ᠦᠨᠡᠨ ᠬᠦ᠌ ᠰᠠᠢᠲᠤᠷ ᠬᠢᠵᠦ᠂ ᠥᠷᠭᠡᠨ ᠣᠯᠠᠨ ᠰᠢᠯᠭᠠᠭᠤᠯᠤᠭ᠍ᠴᠢ᠎ᠳᠤ ᠵᠠᠮ ᠬᠠᠷᠢᠯᠴᠠᠭᠠᠨ᠎ᠤ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠬᠤ᠎ᠶᠢᠨ ᠲᠦᠯᠦᠭᠡ᠂ ᠬᠥᠬᠡᠬᠣᠲᠠ᠎ᠶᠢᠨ ᠵᠠᠮ ᠬᠠᠷᠢᠯᠴᠠᠭᠠᠨ᠎ᠤ ᠴᠠᠭᠳᠠᠭ᠎ᠠ ᠬᠠᠷᠢᠶ᠎ᠠ ᠣᠷᠣᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠠᠮᠤᠷ ᠲᠦᠪᠰᠢᠨ᠎ᠦ ᠪᠠᠢᠳᠠᠯ᠎ᠢ ᠰᠤᠳᠤᠯᠤᠨ ᠮᠠᠭᠠᠳᠯᠠᠬᠤ᠎ᠪᠠᠨ ᠴᠢᠩᠭᠠᠳᠬᠠᠵᠤ᠂ ᠦᠢᠯᠡᠴᠢᠯᠡᠭᠡᠨ᠎ᠦ ᠠᠵᠢᠯ᠎ᠢᠶᠠᠨ ᠰᠢᠨᠵᠢᠯᠡᠬᠦ ᠤᠬᠠᠭᠠᠨᠴᠢ᠎ᠪᠠᠷ ᠪᠠᠢᠷᠢᠯᠠᠭᠤᠯᠤᠨ᠂ 《ᠳᠥᠷᠪᠡᠨ ᠲᠣᠣᠷ》 ᠢ᠋ ᠨᠢᠭ᠍ᠲᠠ ᠰᠦᠯᠵᠢᠵᠦ᠂ ᠤᠯᠤᠰ ᠤ᠋ᠨ ᠨᠢᠬᠡᠳᠦᠯᠳᠡᠢ ᠰᠢᠯᠭᠠᠯᠲᠠ᠎ᠶᠢᠨ ᠬᠤᠭᠤᠴᠠᠭᠠᠨ᠎ᠳᠠᠬᠢ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ᠎ᠢ ᠤᠷᠢᠳᠴᠢᠯᠠᠨ ᠰᠠᠢᠲᠤᠷ ᠬᠢᠪᠡ᠃
ᠤᠷᠢᠳᠴᠢᠯᠠᠨ ᠰᠤᠳᠤᠯᠤᠨ ᠰᠢᠨᠵᠢᠯᠡᠵᠦ᠂ 《ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ ᠲᠤᠤᠷ》᠎ᠢ᠋ ᠨᠢᠬᠳᠠ ᠰᠦᠯᠵᠢᠪᠡ᠃ ᠲᠤᠰᠬᠠᠢ ᠰᠡᠳᠦᠪᠲᠦ ᠠᠵᠢᠯ᠎ᠤᠨ ᠬᠤᠷᠠᠯ᠎ᠢ ᠤᠷᠢᠳᠴᠢᠯᠠᠨ ᠬᠤᠷᠠᠯᠳᠤᠭᠤᠯᠵᠤ᠂ ᠤᠯᠤᠰ ᠤ᠋ᠨ ᠨᠢᠭᠡᠳᠦᠯᠲᠡᠢ ᠰᠢᠯᠭᠠᠯᠲᠠ᠎ᠶᠢᠨ ᠬᠤᠭᠤᠴᠠᠭᠠᠨ᠎ᠳᠠᠬᠢ ᠠᠵᠢᠯᠲᠠᠨ᠂ ᠮᠠᠰᠢᠨ ᠲᠡᠷᠬᠡ ᠂ ᠵᠠᠮ ᠬᠠᠷᠢᠯᠴᠠᠭᠠᠨ᠎ᠤ ᠪᠠᠢᠳᠠᠯ᠂ ᠲᠦᠭᠵᠢᠷᠡᠯ᠎ᠦᠨ ᠵᠠᠮ ᠵᠡᠷᠭᠡ ᠡᠯ᠎ᠡ ᠵᠦᠢᠯ᠎ᠦᠨ ᠬᠦᠴᠦᠨ ᠵᠦᠢᠯ᠎ᠳᠦ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠥᠩᠭᠡᠷᠡᠭᠰᠡᠨ ᠵᠢᠯ᠎ᠦᠨ ᠤᠯᠤᠰ ᠤ᠋ᠨ ᠨᠢᠭᠡᠳᠦᠯᠲᠡᠢ ᠰᠢᠯᠭᠠᠯᠲᠠ᠎ᠶᠢᠨ ᠵᠠᠮ ᠬᠠᠷᠢᠯᠴᠠᠭᠠᠨ᠎ᠤ ᠠᠮᠤᠷ ᠲᠦᠪᠰᠢᠨ᠎ᠢ ᠬᠠᠮᠠᠭᠠᠯᠠᠬᠤ ᠲᠤᠷᠰᠢᠯᠭ᠎ᠠ᠎ᠶᠢ ᠦᠨᠳᠦᠰᠦᠯᠡᠨ᠂ ᠨᠠᠷᠢᠨ ᠲᠣᠳᠣᠷᠬᠠᠢ ᠠᠵᠢᠯ᠎ᠤᠨ ᠲᠥᠰᠥᠯ ᠪᠠ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ ᠲᠣᠭᠲᠠᠭᠠᠵᠤ᠂ 2025 ᠣᠨ᠎ᠤ ᠤᠯᠤᠰ ᠤ᠋ᠨ ᠨᠢᠭᠡᠳᠦᠯᠲᠡᠢ ᠰᠢᠯᠭᠠᠯᠲᠠ ᠵᠢᠨ ᠠᠮᠤᠷ ᠲᠦᠪᠰᠢᠨ᠎ᠢ ᠬᠠᠮᠠᠭᠠᠯᠠᠬᠤ ᠰᠡᠳᠬᠢᠯ᠎ᠢ ᠳᠤᠯᠠᠭᠠᠴᠠᠭᠤᠯᠬᠤ ᠠᠷᠪᠠᠨ ᠵᠦᠢᠯ᠎ᠦᠨ ᠠᠷᠭ᠎ᠠ ᠬᠡᠮᠵᠢᠶ᠎ᠡ᠎ᠶᠢ ᠲᠣᠭᠲᠠᠭᠠᠵᠤ᠂ ᠤᠯᠤᠰ ᠤ᠋ᠨ ᠨᠢᠭᠡᠳᠦᠯᠲᠡᠢ ᠰᠢᠯᠭᠠᠯᠲᠠ᠎ᠶᠢᠨ ᠠᠮᠤᠷ ᠲᠦᠪᠰᠢᠨ᠎ᠢ ᠬᠠᠮᠠᠭᠠᠯᠠᠬᠤ ᠠᠵᠢᠯ᠎ᠢ ᠡᠷᠲᠡ ᠪᠠᠢᠷᠢᠯᠠᠭᠤᠯᠤᠨ᠂ ᠡᠷᠲᠡ ᠨᠠᠢᠳᠠᠪᠤᠷᠢᠵᠢᠭᠤᠯᠬᠤ᠎ᠶᠢ ᠪᠡᠶᠡᠯᠡᠭᠦᠯᠪᠡ; ᠬᠡᠮ ᠰᠤᠭᠤᠬ᠎ᠢ ᠵᠢᠬᠰᠠᠭᠠᠨ ᠪᠠᠢᠴᠠᠭᠠᠬᠤ ᠵᠢ ᠴᠢᠩᠭ᠎ᠠ ᠠᠳᠬᠤᠵᠤ᠂ 《ᠬᠠᠮᠠᠭᠠᠯᠠᠯᠳᠠ ᠵᠢᠨ ᠲᠤᠤᠷ》 ᠢ᠋ ᠨᠢᠬᠳᠠ ᠰᠦᠯᠵᠢᠪᠡ᠃ ᠴᠠᠭᠳᠠᠭᠠᠨ᠎ᠤ ᠬᠦᠴᠦᠨ᠎ᠢ ᠵᠣᠬᠢᠶᠠᠨ ᠪᠠᠢᠭᠤᠯᠵᠤ᠂ ᠰᠢᠯᠭᠠᠯᠲᠠ᠎ᠶᠢᠨ ᠭᠠᠵᠠᠷ᠎ᠤᠨ ᠣᠢᠷ᠎ᠠ ᠬᠠᠪᠢ᠎ᠶᠢᠨ ᠠᠮᠠᠷᠬᠠᠨ ᠲᠦᠭᠵᠢᠷᠡᠬᠦ ᠵᠠᠮ᠎ᠤᠨ ᠬᠡᠰᠡᠭ᠎ᠲᠦ ᠵᠠᠮ ᠬᠠᠷᠢᠯᠴᠠᠭᠠᠨ᠎ᠤ ᠵᠢᠯᠣᠭᠣᠳᠤᠯᠭ᠎ᠠ᠎ᠶᠢ ᠴᠢᠩᠭᠠᠳᠬᠠᠪᠠ; ᠵᠠᠮ ᠢ ᠬᠠᠮᠢᠶᠠᠷᠤᠨ ᠡᠵᠡᠮᠳᠡᠬᠦ ᠵᠢ ᠴᠢᠩᠭᠠᠳᠬᠠᠵᠤ᠂ 《ᠴᠡᠭᠴᠡᠯᠡᠨ ᠵᠠᠰᠠᠬᠤ ᠲᠤᠤᠷ》᠎ᠢ᠋ ᠨᠢᠬᠳᠠ ᠰᠦᠯᠵᠢᠪᠡ᠃ ᠰᠢᠯᠭᠠᠯᠲᠠ᠎ᠶᠢᠨ ᠭᠠᠵᠠᠷ᠎ᠤᠨ ᠣᠢᠷ᠎ᠠ ᠬᠠᠪᠢ᠎ᠶᠢᠨ ᠵᠠᠮ ᠲᠡᠭᠡᠷ᠎ᠡ ᠳᠤᠷ᠎ᠠ ᠲᠠᠪᠠ᠎ᠪᠠᠷ᠎ᠢᠶᠠᠨ ᠮᠠᠰᠢᠨ ᠲᠡᠷᠬᠡ ᠵᠤᠬᠰᠤᠭᠠᠬᠤ ᠠᠵᠢᠯᠯᠠᠭ᠎ᠠ᠎ᠶᠢ ᠴᠡᠭᠴᠡᠯᠡᠵᠦ ᠂ ᠵᠠᠮ ᠬᠠᠷᠢᠯᠴᠠᠭᠠᠨ᠎ᠤ ᠰᠠᠭᠠᠳ ᠦᠭᠡᠢ ᠨᠡᠪᠳᠡᠷᠡᠬᠦ ᠵᠢ ᠪᠠᠳᠤᠯᠠᠪᠠ; ᠤᠬᠠᠭᠤᠯᠤᠨ ᠬᠦᠳᠦᠯᠦᠨ ᠵᠢᠯᠤᠭᠤᠳᠬᠤ ᠵᠢ ᠴᠢᠩᠭᠠᠳᠬᠠᠵᠤ᠂ ᠶᠠᠷᠢᠶ᠎ᠠ ᠬᠡᠯᠡᠯᠴᠡᠬᠡᠨ ᠤ᠋ 《ᠤᠷᠴᠢᠨ ᠠᠬᠤᠢ ᠵᠢᠨ ᠲᠤᠤᠷ》᠎ᠢ᠋ ᠨᠢᠬᠳᠠ ᠰᠦᠯᠵᠢᠪᠡ᠃ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠪᠤᠷᠢ ᠠᠩᠭᠢ ᠤᠯᠠᠨ ᠵᠠᠭᠤᠴᠢᠯᠠᠭᠤᠷ᠎ᠢ ᠤᠷᠢᠵᠤ᠂ 2025 ᠣᠨ᠎ᠤ ᠤᠯᠤᠰ ᠤ᠋ᠨ ᠨᠢᠬᠡᠳᠦᠯᠳᠡᠢ ᠰᠢᠯᠭᠠᠯᠳᠠ ᠵᠢᠨ ᠠᠮᠤᠷ ᠲᠦᠪᠰᠢᠨ ᠢ ᠬᠠᠮᠠᠭᠠᠯᠠᠬᠤ ᠪᠠᠢᠳᠠᠯ ᠢ ᠮᠡᠳᠡᠭᠳᠡᠬᠦ ᠬᠤᠷᠠᠯ ᠢ ᠬᠤᠷᠠᠯᠳᠤᠭᠤᠯᠵᠦ᠂ ᠰᠢᠯᠭᠠᠭᠤᠯᠤᠬᠴᠢ ᠵᠢ ᠬᠠᠮᠠᠭᠠᠯᠠᠬᠤ 《ᠠᠷᠪᠠᠨ ᠵᠦᠢᠯ ᠤ᠋ᠨ ᠠᠷᠭ᠎ᠠ ᠬᠡᠮᠵᠢᠶ᠎ᠡ》 ᠪᠠ 《ᠤᠯᠤᠰ ᠤ᠋ᠨ ᠨᠢᠬᠡᠳᠦᠯᠳᠡᠢ ᠰᠢᠯᠭᠠᠯᠳᠠ ᠵᠢᠨ ᠰᠢᠯᠭᠠᠭᠤᠯᠤᠬᠴᠢ ᠪᠠ ᠬᠡᠷ ᠤ᠋ᠨ ᠠᠬᠠᠮᠠᠳ ᠲᠦ᠍ ᠢᠯᠡᠬᠡᠬᠦ ᠨᠢᠬᠡᠨ ᠬᠤᠪᠢ ᠵᠠᠬᠢᠳᠠᠯ》᠎ᠢ᠋ ᠤᠷᠢᠳᠴᠢᠯᠠᠨ ᠨᠡᠢᠳᠡᠯᠡᠵᠦ᠂ ᠵᠢᠯᠤᠭᠤᠴᠢᠳ ᠤ᠋ᠨ ᠪᠤᠯᠪᠠᠰᠤᠨ ᠵᠢᠡᠷ ᠮᠠᠰᠢᠨ ᠲᠡᠷᠬᠡ ᠵᠢᠯᠤᠭᠤᠳᠬᠤ ᠵᠢ ᠤᠷᠢᠶᠠᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号