ᠮᠠᠨ ᠤ᠋ ᠤᠷᠤᠨ 2025 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ᠎ᠢ ᠳᠤᠭᠳᠠᠪᠠ
2025-06-09 10:38:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭᠳᠠᠯ ᠪᠦᠬᠦᠢ ᠱᠠᠭᠠᠷᠳᠠᠯᠭ᠎ᠠ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠢᠯᠭᠠᠯᠲᠠ᠎ᠪᠠᠷ ᠰᠣᠷᠣᠭ᠍ᠴᠢ ᠡᠯᠰᠡᠬᠦ ᠪᠠ ᠰᠤᠷᠭᠠᠭᠤᠯᠢ ᠳ᠋ᠤ ᠡᠯᠰᠡᠬᠦ ᠠᠵᠢᠯ᠎ᠤᠨ ᠬᠡᠷᠡᠭᠵᠢᠭᠦᠯᠬᠦ ᠲᠥᠰᠥᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠠᠵᠢᠯ᠎ᠤᠨ ᠲᠣᠭᠲᠠᠭᠠᠯ》 ᠢ᠋ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ ᠪᠠ ᠲᠠᠩᠰᠠ ᠡᠪᠬᠡᠮᠡᠯ ᠥᠭᠴᠦ ᠡᠯᠰᠡᠬᠦ ᠵᠡᠷᠭᠡ ᠠᠵᠢᠯ᠎ᠢ ᠪᠠᠢᠷᠢᠯᠠᠭᠤᠯᠪᠠ᠃


ᠰᠦᠯᠵᠢᠶᠡᠨ ᠳᠡᠬᠡᠷ᠎ᠡ ᠡᠷᠡᠮᠡᠯᠵᠡᠯ ᠲᠠᠭᠯᠠᠬᠤ ᠴᠠᠭ ᠤ᠋ᠨ ᠲᠣᠬᠢᠷᠠᠭᠤᠯᠤᠯᠲᠠ

1. ᠰᠠᠨᠠᠮᠵᠢ᠎ᠶᠢᠨ ᠡᠷᠡᠮᠡᠯᠵᠡᠯ ᠲᠠᠭᠯᠠᠨ ᠮᠡᠳᠡᠭᠦᠯᠬᠦ ᠲᠣᠬᠢᠷᠠᠭᠤᠯᠤᠯᠲᠠ᠄

6 ᠰᠠᠷ᠎ᠠ᠎ᠶᠢᠨ 26᠎ᠤ᠋ ᠡᠳᠦᠷ᠎ᠦᠨ 9 ᠄ 00 ︱ 17 ᠄ 00 ᠴᠠᠭ᠎ᠲᠤ᠂ ᠰᠢᠯᠭᠠᠭᠤᠯᠤᠭ᠍ᠴᠢ ᠵᠡᠷᠭᠡᠴᠡᠭᠡ ᠡᠷᠡᠮᠡᠯᠵᠡᠯ᠎ᠦᠨ ᠵᠠᠭᠪᠤᠷ᠎ᠢᠶᠠᠷ ᠤᠷᠢᠳᠴᠢᠯᠠᠨ ᠡᠯᠰᠡᠬᠦ ᠪᠦᠯᠦᠭ᠎ᠤᠨ ᠰᠠᠨᠠᠮᠵᠢ ᠵᠢᠨ ᠡᠷᠡᠮᠡᠯᠵᠡᠯ ᠲᠠᠭᠯᠠᠵᠤ ᠮᠡᠳᠡᠭᠦᠯᠦᠨ᠎ᠡ᠃ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠠ ᠳᠡᠭᠡᠳᠦ ᠵᠡᠷᠭᠡ᠎ᠶᠢᠨ ᠠᠵᠢᠯ ᠮᠡᠷᠭᠡᠵᠢᠯ(ᠲᠤᠰᠬᠠᠢ ᠮᠡᠷᠬᠡᠵᠢᠯ) ᠤ᠋ᠨ ᠤᠷᠢᠳᠴᠢᠯᠠᠨ ᠡᠯᠰᠡᠬᠦ ᠪᠦᠯᠦᠭ᠎ᠢ ᠬᠠᠮᠲᠤ ᠳ᠋ᠤᠨᠢ ᠲᠠᠭᠯᠠᠨ ᠮᠡᠳᠡᠭᠦᠯᠦᠨ᠎ᠡ᠃ ᠳᠣᠲᠣᠭᠠᠳᠤ᠎ᠶᠢ ᠬᠠᠮᠠᠭᠠᠯᠠᠬᠤ ᠲᠥᠷᠥᠯ᠎ᠦᠨ ᠰᠢᠨᠵᠢᠶᠠᠩ᠎ᠤᠨ ᠴᠠᠭᠳᠠᠭᠠᠨ᠎ᠤ ᠳᠡᠭᠡᠳᠦ ᠰᠤᠷᠭᠠᠭᠤᠯᠢ᠎ᠳᠤ ᠰᠢᠯᠭᠠᠭᠤᠯᠤᠨ ᠮᠡᠳᠡᠬᠦᠯᠬᠦ ᠪᠠᠷ ᠪᠠᠢᠭ᠎ᠠ ᠰᠢᠯᠭᠠᠭᠤᠯᠤᠭ᠍ᠴᠢ 《ᠰᠢᠨᠵᠢᠶᠠᠩ᠎ᠤᠨ ᠴᠠᠭᠳᠠᠭᠠᠨ᠎ᠤ ᠳᠡᠭᠡᠳᠦ ᠰᠤᠷᠭᠠᠭᠤᠯᠢ᠎ᠳᠤ ᠰᠢᠯᠭᠠᠭᠤᠯᠬᠤ ᠳᠤᠷᠠᠲᠠᠢ ᠡᠰᠡᠬᠦ》 ᠭᠡᠬᠦ ᠰᠣᠩᠭᠣᠯᠲᠠ᠎ᠶᠢ ᠲᠠᠭᠯᠠᠬᠤ ᠬᠡᠷᠡᠭᠲᠡᠢ ᠃

2. ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ ᠪᠠ ᠵᠢᠩᠬᠢᠨᠢ ᠠᠩᠭᠢ᠎ᠶᠢᠨ ᠪᠦᠯᠦᠭ᠎ᠦᠨ ᠡᠯ᠎ᠡ ᠲᠥᠷᠥᠯ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠠᠩᠭᠢ) ᠤ᠋ᠨ ᠤᠷᠢᠳᠴᠢᠯᠠᠨ ᠡᠯᠰᠡᠬᠦ ᠡᠩ᠎ᠦᠨ ᠲᠥᠷᠥᠯ ᠪᠠ ᠡᠩ᠎ᠦᠨ ᠲᠥᠷᠥᠯ (ᠲᠤᠰᠬᠠᠢ ᠲᠥᠷᠥᠯ) ᠤ᠋ᠨ ᠡᠷᠡᠮᠡᠯᠵᠡᠯ ᠲᠠᠭᠯᠠᠨ ᠮᠡᠳᠡᠭᠦᠯᠬᠦ ᠲᠣᠬᠢᠷᠠᠭᠤᠯᠤᠯᠲᠠ᠄

6 ᠰᠠᠷ᠎ᠠ᠎ᠶᠢᠨ 30᠎ᠤ᠋ ᠡᠳᠦᠷ᠎ᠦᠨ 9 ᠄ 00 ᠴᠠᠭ᠎ᠠᠴᠠ ᠡᠬᠢᠯᠡᠵᠦ᠂ 7 ᠰᠠᠷ᠎ᠠ᠎ᠶᠢᠨ 4᠎ᠤ᠋ ᠡᠳᠦᠷ᠎ᠦᠨ 17᠄ 00 ᠪᠣᠯᠲᠠᠯ᠎ᠠ᠂ ᠰᠢᠯᠭᠠᠭᠤᠯᠤᠭ᠍ᠴᠢ ᠠᠩᠬ᠎ᠠ ᠤᠳᠠᠭ᠎ᠠ ᠡᠩ᠎ᠦᠨ ᠲᠥᠷᠥᠯ᠎ᠦᠨ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ (A ᠬᠡᠰᠡᠭ ᠂ B ᠬᠡᠰᠡᠭ᠂ C ᠬᠡᠰᠡᠭ) ᠂ ᠵᠢᠩᠬᠢᠨᠢ ᠠᠩᠭᠢ᠎ᠶᠢᠨ ᠪᠦᠯᠦᠭ ᠪᠠ ᠳᠡᠭᠡᠳᠦ ᠵᠡᠷᠭᠡ᠎ᠶᠢᠨ ᠠᠵᠢᠯ ᠮᠡᠷᠭᠡᠵᠢᠯ(ᠲᠤᠰᠬᠠᠢ ᠮᠡᠷᠭᠡᠵᠢᠯ) ᠤ᠋ᠨ ᠤᠷᠢᠳᠴᠢᠯᠠᠨ ᠡᠯᠰᠡᠬᠦ ᠪᠦᠯᠦᠭ ᠂ ᠤᠷᠠᠯᠢᠭ᠋᠎ᠤᠨ ᠲᠥᠷᠥᠯ᠎ᠦᠨ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ (A ᠬᠡᠰᠡᠭ ᠂ B ᠬᠡᠰᠡᠭ) ᠪᠠ ᠪᠡᠶ᠎ᠡ᠎ᠶᠢᠨ ᠲᠠᠮᠢᠷ᠎ᠤᠨ ᠲᠥᠷᠥᠯ᠎ᠦᠨ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ᠎ᠤᠨ B ᠬᠡᠰᠡᠭ᠎ᠦᠨ ᠡᠷᠡᠮᠡᠯᠵᠡᠯ ᠲᠠᠭᠯᠠᠬᠤ ᠵᠢᠴᠢ ᠠᠵᠢᠯ ᠲᠦᠷᠦᠯ᠎ᠤᠨ ᠳᠤᠰᠬᠠᠢ ᠮᠡᠷᠬᠡᠵᠢᠯ ᠵᠢᠡᠷ ᠵᠤᠯᠭᠠᠭᠤᠯᠤᠨ ᠡᠯᠰᠡᠬᠦ ᠪᠦᠯᠦᠭ᠎ᠤᠨ ᠵᠢᠩᠬᠢᠨᠢ ᠠᠩᠭᠢ᠎ᠶᠢᠨ ᠪᠦᠯᠦᠭ᠎ᠦᠨ ᠡᠷᠡᠮᠡᠯᠵᠡᠯ ᠲᠠᠭᠯᠠᠵᠤ ᠮᠡᠳᠡᠭᠦᠯᠦᠨ᠎ᠡ ᠃

3. ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠤᠷᠠᠯᠢᠭ᠋᠎ᠤᠨ ᠲᠥᠷᠥᠯ ᠪᠠ ᠪᠡᠶ᠎ᠡ᠎ᠶᠢᠨ ᠲᠠᠮᠢᠷ᠎ᠤᠨ ᠲᠥᠷᠥᠯ᠎ᠤ᠋ᠨ ᠤᠷᠢᠳᠴᠢᠯᠠᠨ ᠡᠯᠰᠡᠬᠦ ᠪᠦᠯᠦᠭ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ(ᠲᠤᠰᠬᠠᠢ ᠮᠡᠷᠭᠡᠵᠢᠯ)ᠤ᠋ᠨ ᠪᠦᠯᠦᠭ᠎ᠦᠨ ᠡᠯ᠎ᠡ ᠲᠥᠷᠥᠯ᠎ᠦᠨ ᠡᠷᠡᠮᠡᠯᠵᠡᠯ ᠲᠠᠭᠯᠠᠨ ᠮᠡᠳᠡᠭᠦᠯᠬᠦ ᠲᠣᠬᠢᠷᠠᠭᠤᠯᠤᠯᠲᠠ᠄

7 ᠰᠠᠷ᠎ᠠ᠎ᠶᠢᠨ 31᠎ᠤ᠋ ᠡᠳᠦᠷ᠎ᠦᠨ 9 ᠄ 00 ᠴᠠᠭ᠎ᠠᠴᠠ ᠡᠬᠢᠯᠡᠵᠦ᠂ 8 ᠰᠠᠷ᠎ᠠ᠎ᠶᠢᠨ 3᠎ᠤ᠋ ᠡᠳᠦᠷ᠎ᠦᠨ 17 ᠄ 00 ᠪᠣᠯᠲᠠᠯ᠎ᠠ᠂ ᠰᠢᠯᠭᠠᠭᠤᠯᠤᠭ᠍ᠴᠢ ᠠᠩᠬ᠎ᠠ ᠤᠳᠠᠭ᠎ᠠ ᠤᠷᠠᠯᠢᠭ᠋᠎ᠤᠨ ᠲᠥᠷᠥᠯ᠂ ᠪᠡᠶ᠎ᠡ᠎ᠶᠢᠨ ᠲᠠᠮᠢᠷ᠎ᠤᠨ ᠲᠥᠷᠥᠯ᠎ᠦᠨ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠤᠷᠢᠳᠴᠢᠯᠠᠨ ᠡᠯᠰᠡᠬᠦ ᠪᠦᠯᠦᠭ᠂ ᠡᠩ᠎ᠦᠨ ᠲᠥᠷᠥᠯ᠎ᠦᠨ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠪᠦᠯᠦᠭ ᠵᠢᠴᠢ ᠠᠵᠢᠯ ᠲᠦᠷᠦᠯ᠎ᠤᠨ ᠳᠤᠰᠬᠠᠢ ᠮᠡᠷᠬᠡᠵᠢᠯ ᠵᠢᠡᠷ ᠵᠤᠯᠭᠠᠭᠤᠯᠤᠨ ᠡᠯᠰᠡᠬᠦ ᠲᠥᠷᠥᠯ᠎ᠦᠨ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠡᠷᠡᠮᠡᠯᠵᠡᠯ᠎ᠢ ᠲᠠᠭᠯᠠᠵᠤ ᠮᠡᠳᠡᠭᠦᠯᠦᠨ᠎ᠡ᠃ ᠳᠡᠭᠡᠷᠡᠬᠢ ᠪᠦᠯᠦᠭ ᠤᠳᠠᠭ᠎ᠠ᠎ᠶᠢᠨ ᠡᠩ᠎ᠦᠨ ᠲᠥᠷᠥᠯ (ᠲᠤᠰᠬᠠᠢ ᠲᠥᠷᠥᠯ)᠂ ᠤᠷᠠᠯᠢᠭ᠋᠎ᠤᠨ ᠲᠥᠷᠥᠯ (ᠲᠤᠰᠬᠠᠢ ᠲᠥᠷᠥᠯ)᠂ ᠪᠡᠶ᠎ᠡ᠎ᠶᠢᠨ ᠲᠠᠮᠢᠷ᠎ᠤᠨ ᠲᠥᠷᠥᠯ (ᠲᠤᠰᠬᠠᠢ ᠲᠥᠷᠥᠯ) ᠤ᠋ᠨ ᠰᠣᠷᠣᠭ᠍ᠴᠢ ᠡᠯᠰᠡᠬᠦ ᠲᠥᠯᠥᠪᠯᠡᠭᠡ᠎ᠶᠢ ᠬᠠᠮᠲᠤ ᠳ᠋ᠤᠨᠢ ᠲᠠᠭᠯᠠᠨ ᠮᠡᠳᠡᠭᠦᠯᠦᠨ᠎ᠡ᠃


ᠲᠠᠩᠰᠠ ᠡᠪᠬᠡᠮᠡᠯ ᠥᠭᠴᠦ ᠡᠯᠰᠡᠬᠦ ᠲᠣᠬᠢᠷᠠᠭᠤᠯᠤᠯᠲᠠ

1. ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ᠎ᠦᠨ A ᠬᠡᠰᠡᠭ (ᠡᠩ᠎ᠦᠨ ᠲᠥᠷᠥᠯ ᠂ ᠤᠷᠠᠯᠢᠭ᠋᠎ᠤᠨ ᠲᠥᠷᠥᠯ᠎ᠢ ᠪᠠᠭᠲᠠᠭᠠᠨ᠎ᠠ)

7 ᠰᠠᠷ᠎ᠠ᠎ᠶᠢᠨ 5᠎ᠤ᠋ ᠡᠳᠦᠷ᠎ᠦᠨ 9᠄ 00 ᠴᠠᠭ᠎ᠲᠤ᠂ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ᠎ᠤᠨ A ᠬᠡᠰᠡᠭ᠎ᠦᠨ ᠡᠩ᠎ᠦᠨ ᠲᠥᠷᠥᠯ᠂ ᠤᠷᠠᠯᠢᠭ᠋᠎ᠤᠨ ᠲᠥᠷᠥᠯ᠎ᠦᠨ ᠡᠷᠡᠮᠡᠯᠵᠡᠯ ᠲᠠᠭᠯᠠᠨ ᠮᠡᠳᠡᠬᠦᠯᠵᠦ ᠲᠠᠩᠰᠠ ᠡᠪᠬᠡᠮᠡᠯ ᠵᠢᠡᠨ ᠦᠭᠬᠦᠨ᠎ᠡ᠃

7 ᠰᠠᠷ᠎ᠠ᠎ᠶᠢᠨ 5᠎ᠤ᠋ ᠡᠳᠦᠷ᠎ᠦᠨ 17᠄ 00 ᠴᠠᠭ᠎ᠠᠴᠠ ᠡᠮᠦᠨ᠎ᠡ ᠂ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ A ᠬᠡᠰᠡᠭ᠎ᠦᠨ ᠡᠩ᠎ᠦᠨ ᠲᠥᠷᠥᠯ᠎ᠦᠨ ᠶᠡᠷᠦᠩᠬᠡᠢᠯᠡᠭᠰᠡᠨ ᠦᠨᠡᠯᠡᠯᠲᠡ᠎ᠶᠢᠨ ᠰᠣᠷᠣᠭ᠍ᠴᠢ ᠡᠯᠰᠡᠬᠦ  ᠶᠡᠬᠡ ᠳᠡᠭᠡᠳᠦ ᠰᠤᠷᠭᠠᠭᠤᠯᠢ (ᠲᠤᠰᠬᠠᠢ ᠮᠡᠷᠭᠡᠵᠢᠯ) ᠵᠢᠨ ᠰᠣᠷᠣᠭ᠍ᠴᠢ ᠡᠯᠰᠡᠬᠦ ᠠᠵᠢᠯ ᠳᠠᠭᠤᠰᠤᠨ᠎ᠠ᠃

7 ᠰᠠᠷ᠎ᠠ᠎ᠶᠢᠨ 10᠎ᠤ᠋ ᠡᠳᠦᠷ᠎ᠦᠨ 17᠄ 00 ᠴᠠᠭ᠎ᠠᠴᠠ ᠡᠮᠦᠨ᠎ᠡ᠂ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ᠎ᠤᠨ A ᠬᠡᠰᠡᠭ᠎ᠦᠨ ᠡᠩ᠎ᠦᠨ ᠲᠥᠷᠥᠯ᠎ᠦᠨ ᠥᠨᠳᠥᠷ ᠬᠢᠷᠢ ᠲᠦᠪᠰᠢᠨ ᠪᠦᠬᠦᠢ ᠪᠡᠶ᠎ᠠ ᠵᠢᠨ ᠲᠠᠮᠢᠷ᠎ᠤᠨ ᠠᠩᠭᠢ᠎ᠶᠢᠨ ᠰᠣᠷᠣᠭ᠍ᠴᠢ ᠡᠯᠰᠡᠬᠦ ᠠᠵᠢᠯ ᠵᠠᠷᠴᠢᠮ ᠳᠡᠭᠡᠷ᠎ᠡ᠎ᠪᠡᠨ ᠳᠠᠭᠤᠰᠤᠨ᠎ᠠ᠃

7 ᠰᠠᠷ᠎ᠠ᠎ᠶᠢᠨ 10᠎ᠤ᠋ ᠡᠳᠦᠷ᠎ᠦᠨ 17᠄ 00 ᠴᠠᠭ᠎ᠠᠴᠠ ᠡᠮᠦᠨ᠎ᠡ ᠂ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ᠎ᠦᠨ A ᠬᠡᠰᠡᠭ᠎ᠦᠨ ᠤᠷᠠᠯᠢᠭ᠋᠎ᠤᠨ ᠲᠥᠷᠥᠯ᠎ᠦᠨ ᠰᠣᠷᠣᠭ᠍ᠴᠢ ᠡᠯᠰᠡᠬᠦ ᠠᠵᠢᠯ ᠳᠠᠭᠤᠰᠤᠨ᠎ᠠ ᠃

2. ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ᠎ᠦᠨ B ᠬᠡᠰᠡᠭ (ᠡᠩ᠎ᠦᠨ ᠲᠥᠷᠥᠯ᠂ ᠤᠷᠠᠯᠢᠭ᠋᠎ᠤᠨ ᠲᠥᠷᠥᠯ᠂ ᠪᠡᠶ᠎ᠡ᠎ᠶᠢᠨ ᠲᠠᠮᠢᠷ᠎ᠤᠨ ᠲᠥᠷᠥᠯ᠎ᠢ ᠪᠠᠭᠲᠠᠭᠠᠨ᠎ᠠ)

7 ᠰᠠᠷ᠎ᠠ᠎ᠶᠢᠨ 6 ᠎ᠤ᠋ ᠦᠳᠡ᠎ᠶᠢᠨ ᠡᠮᠦᠨ᠎ᠡ᠂ ᠵᠢᠩᠬᠢᠨᠢ ᠠᠩᠭᠢ᠎ᠶᠢᠨ ᠤᠷᠢᠳᠴᠢᠯᠠᠨ  ᠡᠯᠰᠡᠬᠦ B ᠬᠡᠰᠡᠭ᠎ᠦᠨ ᠡᠩ᠎ᠦᠨ ᠲᠥᠷᠥᠯ᠎ᠦᠨ ᠲᠥᠯᠥᠪᠯᠡᠭᠡ[ᠴᠡᠷᠢᠭ᠎ᠦᠨ ᠶᠠᠪᠤᠳᠠᠯ᠂ ᠳᠣᠲᠣᠭᠠᠳᠤ᠎ᠶᠢ ᠬᠠᠮᠠᠭᠠᠯᠠᠬᠤ᠂ ᠬᠠᠤᠯᠢ ᠴᠠᠭᠠᠵᠠ ᠵᠠᠰᠠᠭ ᠵᠠᠬᠢᠷᠭᠠᠨ᠎ᠴᠠᠭᠳᠠᠭ᠎ᠠ᠎ᠶᠢᠨ ᠲᠥᠷᠥᠯ ᠂ ᠳᠤᠮᠳᠠᠳᠤ ᠤᠯᠤᠰ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠳᠡᠭᠡᠳᠦ ᠰᠤᠷᠭᠠᠭᠤᠯᠢ᠂ ᠪᠡᠭᠡᠵᠢᠩ᠎ᠦᠨ ᠡᠯᠧᠺᠲᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠳᠡᠭᠡᠳᠦ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ (ᠲᠤᠰᠬᠠᠢ ᠮᠡᠷᠭᠡᠵᠢᠯ) ᠪᠤᠯᠤᠨ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ B ᠬᠡᠰᠡᠭ᠎ᠦᠨ ᠪᠤᠰᠤᠳ ᠵᠢᠩᠬᠢᠨᠢ ᠠᠩᠭᠢ᠎ᠶᠢᠨ ᠰᠣᠷᠣᠭ᠍ᠴᠢ ᠡᠯᠰᠡᠬᠦ ᠲᠥᠯᠥᠪᠯᠡᠭᠡ ᠪᠠᠭᠲᠠᠨ᠎ᠠ] ᠵᠢᠨ ᠡᠷᠡᠮᠡᠯᠵᠡᠯ᠎ᠲᠠᠭᠯᠠᠨ ᠮᠡᠳᠡᠬᠦᠯᠵᠦ ᠳᠠᠭᠤᠷᠢᠶᠠᠮᠠᠯ ᠳᠠᠩᠰᠠ ᠡᠪᠬᠡᠮᠡᠯ ᠵᠢᠡᠨ ᠦᠬᠬᠦᠨ᠎ᠡ᠃ 7 ᠰᠠᠷ᠎ᠠ᠎ᠶᠢᠨ 6 ᠎ᠤ᠋ ᠦᠳᠡ᠎ᠶᠢᠨ ᠬᠤᠢᠨ᠎ᠠ ᠵᠢᠩᠬᠢᠨᠢ ᠳᠠᠩᠰᠠ ᠡᠪᠬᠡᠮᠡᠯ ᠵᠢᠡᠨ ᠦᠭᠬᠦᠨ᠎ᠡ᠃

7 ᠰᠠᠷ᠎ᠠ᠎ᠶᠢᠨ 8᠎ᠤ᠋ ᠡᠳᠦᠷ᠎ᠦᠨ ᠦᠳᠡ᠎ᠶᠢᠨ ᠡᠮᠦᠨ᠎ᠡ ᠨᠢᠭᠡᠳᠦᠭᠡᠷ ᠡᠷᠡᠮᠡᠯᠵᠡᠯ᠎ᠦᠨ ᠰᠣᠷᠣᠭ᠍ᠴᠢ ᠡᠯᠰᠡᠬᠦ ᠠᠵᠢᠯ᠎ᠳᠠᠭᠤᠰᠤᠨ᠎ᠠ᠃

7 ᠰᠠᠷ᠎ᠠ᠎ᠶᠢᠨ 11᠎ᠤ᠋ ᠡᠳᠦᠷ᠂ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ B ᠬᠡᠰᠡᠭ᠎ᠦᠨ ᠤᠷᠠᠯᠢᠭ᠋᠎ᠤᠨ ᠲᠥᠷᠥᠯ᠂ ᠪᠡᠶ᠎ᠡ᠎ᠶᠢᠨ ᠲᠠᠮᠢᠷ᠎ᠤᠨ ᠲᠥᠷᠥᠯ᠎ᠦᠨ ᠡᠷᠡᠮᠡᠯᠵᠡᠯ ᠲᠠᠭᠯᠠᠨ ᠮᠡᠳᠡᠬᠦᠯᠵᠦ ᠳᠠᠭᠤᠷᠢᠶᠠᠮᠠᠯ ᠳᠠᠩᠰᠠ ᠡᠪᠬᠡᠮᠡᠯ ᠵᠢᠡᠨ ᠦᠭᠬᠦᠨ᠎ᠡ᠃ 7 ᠰᠠᠷ᠎ᠠ᠎ᠶᠢᠨ 12᠎ᠤ᠋ᠨ ᠡᠳᠦᠷ᠂ ᠲᠣᠰ ᠲᠥᠷᠥᠯ᠎ᠦᠨ ᠰᠢᠯᠭᠠᠭᠤᠯᠤᠭ᠍ᠴᠢ᠎ᠶᠢᠨ ᠲᠠᠩᠰᠠ ᠡᠪᠬᠡᠮᠡᠯ᠎ᠢ ᠶᠡᠬᠡ ᠳᠡᠭᠡᠳᠦ ᠰᠤᠷᠭᠠᠭᠤᠯᠢ᠎ᠶᠢᠨ ᠲᠣᠭᠲᠠᠭᠠᠭᠰᠠᠨ ᠲᠠᠩᠰᠠ ᠡᠪᠬᠡᠮᠡᠯ ᠥᠭᠬᠦ ᠬᠠᠷᠢᠴᠠᠯ᠎ᠢᠶᠠᠷ ᠵᠢᠩᠬᠢᠨᠢ᠎ᠪᠡᠷ ᠲᠠᠩᠰᠠ ᠡᠪᠬᠡᠮᠡᠯ ᠥᠭᠭᠦᠨ᠎ᠡ᠂ ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ ᠰᠢᠯᠭᠠᠭᠤᠯᠤᠭ᠍ᠴᠢ᠎ᠶᠢᠨ ᠨᠢᠭᠡᠳᠦᠭᠡᠷ ᠡᠷᠡᠮᠡᠯᠵᠡᠯ᠎ᠦᠨ ᠮᠡᠳᠡᠭᠡ ᠵᠠᠩᠭᠢ᠎ᠶᠢ ᠪᠠᠭᠤᠯᠭᠠᠨ ᠠᠪᠬᠤ᠎ᠶᠢᠨ ᠬᠠᠮᠲᠤ 7 ᠰᠠᠷ᠎ᠠ᠎ᠶᠢᠨ 13᠎ᠤ᠋ ᠡᠳᠦᠷ ᠨᠢᠭᠡᠳᠦᠭᠡᠷ ᠡᠷᠡᠮᠡᠯᠵᠡᠯ᠎ᠦᠨ ᠰᠣᠷᠣᠭ᠍ᠴᠢ ᠡᠯᠰᠡᠬᠦ ᠠᠵᠢᠯ᠎ᠳᠠᠭᠤᠰᠤᠨ᠎ᠠ᠃ 7 ᠰᠠᠷ᠎ᠠ᠎ᠶᠢᠨ 15᠎ᠤ᠋ ᠡᠳᠦᠷ᠎ᠦᠨ ᠣᠷᠴᠢᠮ᠎ᠢᠶᠠᠷ ᠂ ᠲᠣᠰ ᠲᠥᠷᠥᠯ᠎ᠦᠨ ᠲᠥᠯᠥᠪᠯᠡᠭᠡ᠎ᠪᠡᠷ ᠰᠤᠷᠤᠭᠴᠢ ᠡᠯᠰᠡᠬᠦ ᠠᠵᠢᠯ ᠳᠠᠭᠤᠰᠤᠨ᠎ᠠ᠃

3. ᠡᠩ᠎ᠦᠨ ᠲᠥᠷᠥᠯ᠎ᠦᠨ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠤᠷᠢᠳᠴᠢᠯᠠᠨ ᠡᠯᠰᠡᠬᠦ  ᠪᠦᠯᠦᠭ

7 ᠰᠠᠷ᠎ᠠ᠎ᠶᠢᠨ 10᠎ᠤ᠋ ᠦᠳᠡ᠎ᠶᠢᠨ ᠬᠣᠢᠨ᠎ᠠ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ  ᠡᠩ᠎ᠦᠨ ᠲᠥᠷᠥᠯ᠎ᠦᠨ ᠲᠥᠯᠥᠪᠯᠡᠭᠡ [ᠴᠡᠷᠢᠭ᠎ᠦᠨ ᠶᠠᠪᠤᠳᠠᠯ(ᠴᠡᠷᠢᠭ᠎ᠤᠨ ᠲᠦᠷᠦᠬᠦᠴᠢ ᠵᠢ ᠬᠠᠨᠳᠤᠯᠭ᠎ᠠ᠎ᠲᠠᠢ᠎ᠪᠠᠷ ᠬᠥᠮᠥᠵᠢᠭᠦᠯᠬᠦ)᠂ ᠳᠣᠲᠣᠭᠠᠳᠤ᠎ᠶᠢ ᠬᠠᠮᠠᠭᠠᠯᠠᠬᠤ᠂ ᠬᠠᠤᠯᠢ ᠴᠠᠭᠠᠵᠠ ᠵᠠᠰᠠᠭ ᠵᠠᠬᠢᠷᠭᠠᠨ ᠴᠠᠭᠳᠠᠭ᠎ᠠ᠎ᠶᠢᠨ ᠲᠥᠷᠥᠯ] ᠵᠢᠨ ᠤᠷᠢᠳᠴᠢᠯᠠᠨ ᠡᠯᠰᠡᠬᠦ ᠪᠦᠯᠦᠭ᠎ᠤᠨ ᠡᠷᠡᠮᠡᠯᠵᠡᠯ᠎ᠳᠠᠭᠤᠷᠢᠶᠠᠮᠠᠯ ᠲᠠᠩᠰᠠ ᠡᠪᠬᠡᠮᠡᠯ ᠥᠭᠬᠦᠨ᠎ᠠ᠃ 7 ᠰᠠᠷ᠎ᠠ᠎ᠶᠢᠨ 11᠎ᠤ᠋ ᠡᠳᠦᠷ᠂ ᠲᠣᠰ ᠲᠥᠷᠥᠯ᠎ᠦᠨ ᠰᠢᠯᠭᠠᠭᠤᠯᠤᠭ᠍ᠴᠢ᠎ᠶᠢᠨ ᠲᠠᠩᠰᠠ ᠡᠪᠬᠡᠮᠡᠯ᠎ᠢ ᠶᠡᠬᠡ ᠳᠡᠭᠡᠳᠦ ᠰᠤᠷᠭᠠᠭᠤᠯᠢ᠎ᠶᠢᠨ ᠲᠣᠭᠲᠠᠭᠠᠭᠰᠠᠨ ᠲᠠᠩᠰᠠ ᠡᠪᠬᠡᠮᠡᠯ ᠥᠭᠬᠦ ᠬᠠᠷᠢᠴᠠᠯ᠎ᠢᠶᠠᠷ ᠵᠢᠩᠬᠢᠨᠢ᠎ᠪᠡᠷ ᠲᠠᠩᠰᠠ ᠡᠪᠬᠡᠮᠡᠯ ᠥᠭᠭᠦᠨ᠎ᠡ᠃ 7 ᠰᠠᠷ᠎ᠠ᠎ᠶᠢᠨ 13᠎ᠤ᠋ ᠡᠳᠦᠷ᠎ᠦᠨ ᠣᠷᠴᠢᠮ᠎ᠢᠶᠠᠷ ᠂ ᠲᠣᠰ ᠲᠥᠷᠥᠯ᠎ᠦᠨ ᠲᠥᠯᠥᠪᠯᠡᠭᠡ᠎ᠪᠡᠷ ᠰᠤᠷᠤᠭᠴᠢ ᠡᠯᠰᠡᠬᠦ ᠠᠵᠢᠯ ᠳᠠᠭᠤᠰᠤᠨ᠎ᠠ᠃

4. ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ ᠪᠦᠯᠦᠭ᠎ᠤᠨ C ᠬᠡᠰᠡᠭ᠎ᠦᠨ ᠡᠩ᠎ᠦᠨ ᠲᠥᠷᠥᠯ

7 ᠰᠠᠷ᠎ᠠ᠎ᠶᠢᠨ 14᠎ᠤ᠋ ᠦᠳᠡ᠎ᠶᠢᠨ ᠡᠮᠦᠨ᠎ᠡ᠂ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ C ᠬᠡᠰᠡᠭ᠎ᠦᠨ ᠡᠩ᠎ᠦᠨ ᠲᠥᠷᠥᠯ᠎ᠦᠨ ᠡᠷᠡᠮᠡᠯᠵᠡᠯ᠎ᠳᠠᠭᠯᠠᠬᠤ ᠳᠠᠭᠤᠷᠢᠶᠠᠮᠠᠯ ᠲᠠᠩᠰᠠ ᠡᠪᠬᠡᠮᠡᠯ ᠵᠢᠡᠨ ᠦᠭᠬᠦᠨ᠎ᠡ᠃ 7 ᠰᠠᠷ᠎ᠠ᠎ᠶᠢᠨ 14᠎ᠤ᠋ ᠦᠳᠡ᠎ᠶᠢᠨ ᠬᠣᠢᠨ᠎ᠠ᠂ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ C ᠬᠡᠰᠡᠭ᠎ᠦᠨ ᠡᠩ᠎ᠦᠨ ᠲᠥᠷᠥᠯ᠎ᠦᠨ ᠡᠷᠡᠮᠡᠯᠵᠡᠯ᠎ᠢ ᠲᠠᠭᠯᠠᠨ᠂ ᠵᠢᠩᠬᠢᠨᠢ᠎ᠪᠡᠷ ᠲᠠᠩᠰᠠ ᠡᠪᠬᠡᠮᠡᠯ ᠵᠢᠡᠨ ᠥᠭᠭᠦᠨ᠎ᠡ᠃ ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ ᠰᠢᠯᠭᠠᠭᠤᠯᠤᠭ᠍ᠴᠢ᠎ᠶᠢᠨ ᠨᠢᠭᠡᠳᠦᠭᠡᠷ ᠡᠷᠡᠮᠡᠯᠵᠡᠯ᠎ᠦᠨ ᠮᠡᠳᠡᠭᠡ ᠵᠠᠩᠭᠢ᠎ᠶᠢ ᠪᠠᠭᠤᠯᠭᠠᠨ ᠠᠪᠬᠤ᠎ᠶᠢᠨ ᠬᠠᠮᠲᠤ 7 ᠰᠠᠷ᠎ᠠ᠎ᠶᠢᠨ 15᠎ᠤ᠋ ᠡᠳᠦᠷ ᠨᠢᠭᠡᠳᠦᠭᠡᠷ ᠡᠷᠡᠮᠡᠯᠵᠡᠯ᠎ᠦᠨ ᠰᠣᠷᠣᠭ᠍ᠴᠢ ᠵᠢ ᠡᠯᠰᠡᠨ᠎ᠡ ; 7 ᠰᠠᠷ᠎ᠠ᠎ᠶᠢᠨ 17᠎ᠤ᠋ ᠡᠳᠦᠷ᠎ᠦᠨ ᠣᠷᠴᠢᠮ᠎ᠢᠶᠠᠷ ᠲᠣᠰ ᠲᠥᠷᠥᠯ᠎ᠦᠨ ᠲᠥᠯᠥᠪᠯᠡᠭᠡ᠎ᠪᠡᠷ ᠰᠤᠷᠤᠭᠴᠢ ᠡᠯᠰᠡᠬᠦ ᠠᠵᠢᠯ ᠳᠠᠭᠤᠰᠤᠨ᠎ᠠ᠃

5. ᠵᠢᠩᠬᠢᠨᠢ ᠠᠩᠭᠢ᠎ᠶᠢᠨ ᠪᠦᠯᠦᠭ

7 ᠰᠠᠷ᠎ᠠ᠎ᠶᠢᠨ 17 ᠤ᠋ ᠡᠳᠦᠷ᠎ᠦᠨ ᠣᠷᠴᠢᠮ᠎ᠢᠶᠠᠷ᠂ ᠵᠢᠩᠬᠢᠨᠢ ᠠᠩᠭᠢ᠎ᠶᠢᠨ ᠪᠦᠯᠦᠭ᠎ᠦᠨ ᠡᠷᠡᠮᠡᠯᠵᠡᠯ ᠲᠠᠭᠯᠠᠭᠰᠠᠨ ᠪᠥᠭᠡᠳ ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠳᠤᠭᠤᠢᠯᠠᠩ᠎ᠤᠨ ᠲᠠᠩᠰᠠ ᠡᠪᠬᠡᠮᠡᠯ ᠥᠭᠬᠦ ᠱᠠᠭᠠᠷᠳᠠᠯᠭ᠎ᠠ᠎ᠳᠤ ᠨᠡᠢᠴᠡᠭᠰᠡᠨ ᠰᠢᠯᠭᠠᠭᠤᠯᠤᠭ᠍ᠴᠢ᠎ᠳᠠᠭᠤᠷᠢᠶᠠᠮᠠᠯ ᠲᠠᠩᠰᠠ ᠡᠪᠬᠡᠮᠡᠯ ᠥᠭᠬᠦᠨ᠎ᠡ᠃ 7 ᠰᠠᠷ᠎ᠠ᠎ᠶᠢᠨ 20᠎ᠤ᠋ ᠡᠳᠦᠷ᠎ᠦᠨ ᠣᠷᠴᠢᠮ᠎ᠢᠶᠠᠷ ᠂ ᠶᠡᠬᠡ ᠳᠡᠭᠡᠳᠦ ᠰᠤᠷᠭᠠᠭᠤᠯᠢ᠎ᠶᠢᠨ ᠲᠣᠭᠲᠠᠭᠠᠭᠰᠠᠨ ᠲᠠᠩᠰᠠ ᠡᠪᠬᠡᠮᠡᠯ ᠥᠭᠬᠦ ᠬᠠᠷᠢᠴᠠᠯ᠎ᠢᠶᠠᠷ ᠵᠢᠩᠬᠢᠨᠢ᠎ᠪᠡᠷ ᠲᠠᠩᠰᠠ ᠡᠪᠬᠡᠮᠡᠯ ᠥᠭᠭᠦᠨ᠎ᠡ᠃  7 ᠰᠠᠷ᠎ᠠ᠎ᠶᠢᠨ 30᠎ᠤ᠋ ᠡᠳᠦᠷ᠎ᠦᠨ ᠣᠷᠴᠢᠮ᠎ᠢᠶᠠᠷ᠂ ᠵᠢᠩᠬᠢᠨᠢ ᠠᠩᠭᠢ᠎ᠶᠢᠨ ᠪᠦᠯᠦᠭ᠎ᠤᠨ ᠰᠤᠷᠤᠭᠴᠢ ᠡᠯᠰᠡᠬᠦ ᠠᠵᠢᠯ ᠳᠠᠭᠤᠰᠤᠨ᠎ᠠ ᠃

6.  ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤᠷᠢᠳᠴᠢᠯᠠᠨ ᠡᠯᠰᠡᠬᠦ  ᠤᠷᠠᠯᠢᠭ ᠪᠠ ᠪᠡᠶ᠎ᠠ ᠵᠢᠨ ᠳᠠᠮᠢᠷ᠎ᠤᠨ ᠲᠦᠷᠦᠯ

8 ᠰᠠᠷ᠎ᠠ᠎ᠶᠢᠨ 4 ᠎ᠤ᠋ ᠡᠳᠦᠷ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ ) ᠤ᠋ᠨ ᠤᠷᠠᠯᠢᠭ᠋᠂ ᠪᠡᠶ᠎ᠡ᠎ᠶᠢᠨ ᠲᠠᠮᠢᠷ᠎ᠤᠨ ᠲᠥᠷᠥᠯ᠎ᠦᠨ ᠡᠷᠡᠮᠡᠯᠵᠡᠯ᠎ᠳᠠᠭᠯᠠᠨ᠂ ᠳᠠᠭᠤᠷᠢᠶᠠᠮᠠᠯ ᠳᠠᠩᠰᠠ ᠡᠪᠬᠡᠮᠡᠯ ᠵᠢᠡᠨ ᠦᠭᠬᠦᠨ᠎ᠡ᠃  8 ᠰᠠᠷ᠎ᠠ᠎ᠶᠢᠨ 5᠎ᠤ᠋ ᠡᠳᠦᠷ᠂ ᠶᠡᠬᠡ ᠳᠡᠭᠡᠳᠦ ᠰᠤᠷᠭᠠᠭᠤᠯᠢ᠎ᠶᠢᠨ ᠲᠣᠭᠲᠠᠭᠠᠭᠰᠠᠨ ᠲᠠᠩᠰᠠ ᠡᠪᠬᠡᠮᠡᠯ ᠥᠭᠬᠦ ᠬᠠᠷᠢᠴᠠᠯ᠎ᠢᠶᠠᠷ ᠵᠢᠩᠬᠢᠨᠢ᠎ᠪᠡᠷ ᠲᠠᠩᠰᠠ ᠡᠪᠬᠡᠮᠡᠯ ᠦᠭᠬᠦᠨ᠎ᠡ᠃  8 ᠰᠠᠷ᠎ᠠ᠎ᠶᠢᠨ 8᠎ᠤ᠋ ᠡᠳᠦᠷ᠂ ᠡᠨᠡ ᠬᠦ᠌ ᠲᠥᠷᠥᠯ᠎ᠦᠨ ᠰᠤᠷᠤᠭᠴᠢ ᠡᠯᠰᠡᠬᠦ ᠠᠵᠢᠯ ᠳᠠᠭᠤᠰᠤᠨ᠎ᠠ ᠃

7. ᠳᠡᠭᠡᠳᠦ ᠵᠡᠷᠭᠡ᠎ᠶᠢᠨ ᠠᠵᠢᠯ ᠮᠡᠷᠭᠡᠵᠢᠯ (ᠲᠤᠰᠬᠠᠢ ᠮᠡᠷᠭᠡᠵᠢᠯ) ᠤ᠋ᠨ ᠪᠦᠯᠦᠭ

8 ᠰᠠᠷ᠎ᠠ᠎ᠶᠢᠨ 9᠎ᠤ᠋ ᠡᠳᠦᠷ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ(ᠲᠤᠰᠬᠠᠢ ᠮᠡᠷᠭᠡᠵᠢᠯ) ᠤ᠋ᠨ ᠡᠷᠡᠮᠡᠯᠵᠡᠯ᠎ᠢ ᠲᠠᠭᠯᠠᠨ ᠮᠡᠳᠡᠭᠦᠯᠦᠭᠰᠡᠨ ᠪᠥᠭᠡᠳ ᠬᠣᠯᠪᠣᠭᠳᠠᠯ ᠪᠦᠬᠦᠢ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠳᠤᠭᠤᠢᠯᠠᠩ᠎ᠤᠨ ᠲᠠᠩᠰᠠ ᠡᠪᠬᠡᠮᠡᠯ ᠥᠭᠬᠦ ᠱᠠᠭᠠᠷᠳᠠᠯᠭ᠎ᠠ᠎ᠳᠤ ᠨᠡᠢᠴᠡᠭᠰᠡᠨ ᠰᠢᠯᠭᠠᠭᠤᠯᠤᠭ᠍ᠴᠢ᠎ᠲᠠᠭᠤᠷᠢᠶᠠᠮᠠᠯ ᠲᠠᠩᠰᠠ ᠡᠪᠬᠡᠮᠡᠯ ᠦᠭᠬᠦᠨ᠎ᠡ᠃ 8 ᠰᠠᠷ᠎ᠠ᠎ᠶᠢᠨ 11᠎ᠤ᠋ ᠡᠳᠦᠷ᠂ ᠶᠡᠬᠡ ᠳᠡᠭᠡᠳᠦ ᠰᠤᠷᠭᠠᠭᠤᠯᠢ᠎ᠶᠢᠨ ᠲᠣᠭᠲᠠᠭᠠᠭᠰᠠᠨ ᠲᠠᠩᠰᠠ ᠡᠪᠬᠡᠮᠡᠯ ᠥᠭᠬᠦ ᠬᠠᠷᠢᠴᠠᠯ᠎ᠢᠶᠠᠷ ᠵᠢᠩᠬᠢᠨᠢ᠎ᠪᠡᠷ ᠲᠠᠩᠰᠠ ᠡᠪᠬᠡᠮᠡᠯ ᠦᠭᠬᠦᠨ᠎ᠡ᠃  8 ᠰᠠᠷ᠎ᠠ᠎ᠶᠢᠨ 17᠎ᠤ᠋ ᠡᠳᠦᠷ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ (ᠲᠤᠰᠬᠠᠢ ᠮᠡᠷᠭᠡᠵᠢᠯ ) ᠵᠢᠨ ᠰᠣᠷᠣᠭ᠍ᠴᠢ ᠡᠯᠰᠡᠬᠦ ᠠᠵᠢᠯ ᠵᠠᠷᠴᠢᠮ ᠳᠡᠭᠡᠷ᠎ᠡ᠎ᠪᠡᠨ ᠳᠠᠭᠤᠰᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号