ᠰᠤᠷᠪᠤᠯᠵᠢᠯᠠᠭ᠍ᠴᠢ ᠥᠪᠥᠷ ᠮᠣᠩᠭᠣᠯ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠡᠢᠭᠡᠮ᠎ᠦᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠲᠥᠪ᠎ᠡᠴᠡ ᠤᠢ᠍ᠢᠯᠠᠭᠠᠭ᠍ᠰᠠᠠᠵᠢᠡᠷ᠂ 2022 ᠣᠨ᠎ᠡᠴᠡ ᠡᠬᠢᠯᠡᠨ ᠥᠪᠥᠷ ᠮᠣᠩᠭᠣᠯ ᠵᠢᠯ ᠪᠦᠷᠢ᠎ᠶ᠋ᠢᠨ 6 ᠰᠠᠷᠠᠶ᠋ᠢ ᠢᠲᠡᠭᠡᠮᠵᠢ᠎ᠶ᠋ᠢᠨ ᠤᠬᠠᠭᠤᠯᠭ᠎ᠠ᠎ᠶ᠋ᠢᠨ ᠰᠠᠷ᠎ᠠ᠎ᠪᠠᠷ ᠲᠣᠭ᠍ᠲᠠᠭᠠᠵᠤ᠂ ᠡᠨᠡ ᠵᠢᠯ᠎ᠦᠨ ᠢᠲᠡᠭᠡᠮᠵᠢ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠠᠵᠢᠯᠯᠠᠭ᠎ᠠ ᠨᠢ 《ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠪᠦᠬᠦ᠌ ᠠᠷᠠᠳ᠎ᠢᠶᠠᠷ᠎ᠢᠶᠠᠨ ᠢᠲᠡᠭᠡᠮᠵᠢ᠎ᠶ᠋ᠢᠨ ᠱᠢᠨ᠎ᠡ ᠪᠠᠢᠷᠢᠱᠢᠯ᠎ᠢ ᠬᠠᠮᠲᠤ᠎ᠪᠠᠷ ᠪᠠᠢᠭᠤᠯᠬᠤ》 ᠭᠣᠣᠯ ᠰᠡᠳᠦᠪ᠎ᠤᠨ ᠲᠤᠭᠤᠷᠢᠨ ᠳ᠋ᠤ ᠶᠠᠪᠤᠬᠳᠠᠬᠤ ᠪᠣᠯᠤᠨ᠎ᠠ᠂ ᠣᠳᠣᠬᠠᠨ᠎ᠳᠤ ᠪᠦᠬᠦ᠌ ᠣᠷᠣᠨ᠎ᠤ ᠢᠲᠡᠭᠡᠮᠵᠢ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠠᠵᠢᠯᠯᠠᠭ᠎ᠠ ᠶᠠᠭ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃
5 ᠰᠠᠷ᠎ᠠ᠎ᠶ᠋ᠢᠨ 30᠎ᠤ᠋ ᠡᠳᠦᠷ᠂ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠲᠡᠭᠡᠮᠵᠢ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ ᠵᠢᠴᠢ ᠥᠪᠥᠷ ᠮᠣᠩᠭᠣᠯ᠎ᠤᠨ ᠠᠩᠬᠠᠳᠠᠭ᠍ᠴᠢ 《ᠦᠨᠡᠨᠴᠢ ᠢᠲᠡᠭᠡᠮᠵᠢ᠎ᠶ᠋ᠢᠨ ᠢᠯᠡ ᠬᠢᠴᠢᠶᠡᠯ》 ᠤ᠋ᠨ ᠠᠩᠬᠠᠨ᠎ᠤ ᠲᠠᠢᠯᠤᠮᠵᠢ ᠬᠥᠬᠡᠬᠣᠲᠠ᠎ᠳᠤ ᠶᠠᠪᠤᠭ᠍ᠳᠠᠵᠤ᠂ ᠪᠥᠬᠥ᠌ ᠣᠷᠣᠨ᠎ᠤ ᠢᠲᠡᠭᠡᠮᠵᠢ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠠᠵᠢᠯᠯᠠᠭ᠎ᠠ᠎ᠶ᠋ᠢᠨ ᠬᠥᠱᠢᠭᠡ᠎ᠶ᠋ᠢ ᠨᠡᠬᠡᠬᠡᠪᠡ᠃
ᠢᠲᠡᠭᠡᠮᠵᠢ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠠᠵᠢᠯᠯᠠᠭ᠎ᠠ᠎ᠶ᠋ᠢ ᠡᠮᠬᠢ ᠵᠢᠷᠤᠮ᠎ᠲᠠᠶ ᠠᠬᠢᠭᠤᠯᠬᠤ᠎ᠶ᠋ᠢᠨ ᠲᠥᠯᠥᠭᠡ᠂ 6 ᠰᠠᠷ᠎ᠠ᠎ᠶ᠋ᠢᠨ 11 ᠤ᠋ ᠡᠳᠦᠷ᠂ ᠥᠪᠥᠷ ᠮᠣᠩᠭᠣᠯ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠥᠪᠥᠷ ᠮᠣᠩᠭᠣᠯ᠎ᠤᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠬᠤᠷᠢᠶ᠎ᠠ ᠵᠢᠨ ᠠᠯᠪᠠᠨ ᠬᠡᠷ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠵᠡᠷᠭᠡ 5 ᠰᠠᠯᠠᠭ᠎ᠠ ᠮᠥᠴᠢᠷ ᠬᠠᠮᠲᠤᠷᠠᠨ 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠲᠡᠭᠡᠮᠵᠢ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠠᠵᠢᠯᠯᠠᠭ᠎ᠠ᠎ᠶ᠋ᠢᠨ ᠠᠵᠢᠯ᠎ᠤᠨ ᠲᠥᠰᠦᠯ᠎ᠦᠨ ᠲᠤᠬᠠᠶ ᠮᠡᠳᠡᠭ᠌ᠳᠡᠯ》 (ᠳᠣᠷᠣᠭ᠍ᠰᠢ 《ᠮᠡᠳᠡᠭ᠌ᠳᠡᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠤ᠂ 5 ᠲᠠᠯ᠎ᠠ᠎ᠶ᠋ᠢᠨ ᠠᠭᠤᠯᠭ᠎ᠠ᠎ᠶ᠋ᠢ ᠲᠣᠭ᠍ᠲᠠᠭᠠᠨ ᠢᠲᠡᠭᠡᠮᠵᠢ᠎ᠶ᠋ᠢᠨ ᠤᠬᠠᠭᠤᠯᠭ᠎ᠠ ᠵᠢ ᠦᠷᠨᠢᠬᠦᠯᠵᠤ᠂ ᠦᠨᠡᠨᠴᠢ ᠢᠲᠡᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠦᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠡᠬᠢᠵᠢᠭᠦᠯᠦᠨ᠂ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ ᠬᠢᠭᠡᠳ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠳᠤ ᠦᠵᠡᠬᠦᠯᠬᠦ ᠲᠤᠯᠭᠠᠭᠤᠷᠢᠯᠠᠬᠤ ᠴᠢᠨᠠᠷᠲᠠᠶ ᠦᠶ᠋ᠯᠡᠳᠦᠯ᠎ᠢ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠦᠨ᠂ ᠠᠵᠤ ᠠᠬᠤᠶ᠎ᠶ᠋ᠢᠨ ᠬᠥᠭ᠌ᠵᠢᠯᠲᠡ᠎ᠳᠦ ᠬᠦᠴᠦᠨ ᠴᠢᠳᠠᠯ ᠨᠡᠮᠡᠷᠢᠯᠡᠪᠡ᠃
ᠦᠨᠡᠨᠴᠢ ᠢᠲᠡᠭᠡᠮᠵᠢ᠎ᠶ᠋ᠢᠨ ᠰᠣᠶᠣᠯ᠎ᠢ ᠤᠬᠠᠭᠤᠯᠤᠨ ᠲᠠᠢᠯᠪᠤᠷᠢᠯᠠᠬᠤ ᠲᠠᠯ᠎ᠠ᠎ᠪᠠᠷ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠠᠬᠢ ᠦᠨᠡᠨᠴᠢ ᠢᠲᠡᠭᠡᠮᠵᠢ᠎ᠶ᠋ᠢᠨ ᠤᠳᠤᠮᠰᠢᠯ᠎ᠢ ᠭᠦᠨᠵᠡᠭᠡᠶ ᠠᠭᠤᠳᠠᠯᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ (ᠭᠠᠵᠠᠷ᠂ ᠥᠷᠲᠡᠭᠡ)᠂ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠂ ᠰᠣᠶᠣᠯ᠎ᠤᠨ ᠣᠷᠳᠣᠨ᠂ ᠨᠣᠮ᠎ᠤᠨ ᠰᠠᠩ ᠵᠡᠷᠭᠡ ᠵᠢᠭ᠍ᠰᠠᠭᠠᠯ᠎ᠤᠨ ᠭᠠᠵᠠᠷ᠎ᠲᠤ ᠲᠦᠱᠢᠭ᠌ᠯᠡᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠎ᠤᠨ ᠳᠤᠮᠳᠠᠬᠢ ᠦᠨᠡᠨᠴᠢ ᠢᠲᠡᠭᠡᠮᠵᠢ᠎ᠶ᠋ᠢᠨ ᠥᠯᠢᠭᠡᠷ᠎ᠢ ᠱᠢᠨ᠎ᠡ᠎ᠶ᠋ᠢ ᠡᠭᠦᠳᠦᠨ ᠢᠯᠡᠷᠡᠭᠦᠯᠵᠦ᠍᠂ ᠮᠣᠩᠭᠣᠯ ᠮᠣᠷᠢᠨ᠎ᠤ ᠵᠣᠷᠢᠭ ᠰᠠᠨᠠᠭ᠎ᠠ᠂ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠪᠣᠯᠤᠨ ᠦᠨᠡᠨᠴᠢ ᠢᠲᠡᠭᠡᠮᠵᠢ᠎ᠶ᠋ᠢᠨ ᠤᠢ᠍ᠢᠯᠠᠭᠠᠭ᠍ᠳᠠᠬᠤᠨ᠎ᠤ ᠠᠭᠤᠰᠤᠯᠴᠠᠯ᠎ᠢ ᠲᠣᠳᠣᠷᠬᠠᠢᠯᠠᠨ ᠲᠠᠢᠯᠪᠤᠷᠢᠯᠠᠬᠤ ᠬᠡᠷᠡᠭ᠌ᠲᠡᠶ ᠭᠡᠵᠦ᠍ ᠱᠠᠭᠠᠷᠳᠠᠪᠠ᠃ ᠦᠨᠡᠨᠴᠢ ᠢᠲᠡᠭᠡᠮᠵᠢ᠎ᠶ᠋ᠢᠨ ᠰᠣᠶᠣᠯ᠎ᠤᠨ ᠲᠥᠷᠥᠯ ᠲᠡᠮᠳᠡᠭ᠎ᠢ ᠡᠭᠦᠳᠴᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠳᠡᠭᠡᠭ᠌ᠰᠢᠯᠡᠯᠲᠡ᠎ᠳᠦ ᠬᠦᠴᠦᠨ ᠨᠡᠮᠡᠷᠢᠯᠡᠵᠦ᠍᠂ ᠣᠯᠠᠨ ᠲᠦᠮᠡᠨ᠎ᠦ ᠦᠨᠡᠨᠴᠢ ᠢᠲᠡᠭᠡᠮᠵᠢ᠎ᠶ᠋ᠢᠨ ᠰᠣᠶᠣᠯ᠎ᠤᠨ ᠲᠤᠬᠠᠢ ᠮᠡᠳᠡᠷᠡᠮᠵᠢ᠎ᠶ᠋ᠢ ᠨᠡᠮᠡᠭ᠌ᠳᠡᠭᠦᠯᠵᠦ᠍᠂ ᠦᠨᠡᠨᠴᠢ ᠢᠲᠡᠭᠡᠮᠵᠢ᠎ᠶ᠋ᠢᠨ ᠰᠣᠶᠣᠯ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃
ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠎ᠶ᠋ᠢ ᠭᠦᠨᠵᠡᠭᠡᠢᠷᠡᠭᠦᠯᠬᠦ᠌ ᠲᠠᠯ᠎ᠠ᠎ᠪᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶ᠋ᠢᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠵᠢᠴᠢ ᠢᠵᠢ ᠪᠦᠷᠢᠳᠦᠭᠦᠯᠦᠭᠰᠡᠨ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠤᠬᠠᠭᠤᠯᠵᠤ᠂ ᠬᠣᠶᠠᠷ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠮᠠᠨ᠎ᠤ ᠣᠷᠣᠨ᠎ᠤ ᠨᠡᠢᠭᠡᠮ᠎ᠦᠨ ᠢᠲᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠵᠤ᠂ ᠰᠠᠢᠨ ᠰᠠᠢᠬᠠᠨ ᠬᠠᠤᠯᠢ ᠪᠡᠷ ᠵᠠᠰᠠᠬᠤ ᠣᠷᠴᠢᠨ ᠲᠣᠭᠣᠷᠢᠨ᠎ᠢ ᠪᠣᠶ ᠪᠣᠯᠭᠠᠨ᠎ᠠ ᠭᠡᠵᠦ᠍ ᠳᠤᠷᠠᠳᠪᠠ᠃
ᠦᠨᠡᠨᠴᠢ ᠢᠲᠡᠭᠡᠮᠵᠢ᠎ᠶ᠋ᠢᠨ ᠨᠡᠢᠲᠡᠯᠢᠭ ᠵᠢᠱ᠌ᠢᠶ᠎ᠡ᠎ᠶ᠋ᠢ ᠤᠬᠠᠭᠤᠯᠤᠨ ᠳᠡᠯᠭᠡᠷᠡᠭᠦᠯᠬᠦ᠌ ᠲᠠᠯ᠎ᠠ᠎ᠪᠠᠷ᠂ ᠦᠨᠡᠨᠴᠢ ᠢᠲᠡᠭᠡᠮᠵᠢ ᠲᠡᠶ ᠶᠣᠰᠣ ᠰᠤᠷᠲᠠᠬᠤᠨ᠎ᠤ ᠵᠢᠱ᠌ᠢᠶᠡᠴᠢ᠂ ᠦᠨᠡᠨᠴᠢ ᠢᠲᠡᠭᠡᠮᠵᠢ ᠲᠡᠶ ᠬᠥᠮᠦᠨ᠂ ᠦᠨᠡᠨᠴᠢ ᠢᠲᠡᠭᠡᠮᠵᠢ ᠲᠡᠶ ᠠᠵᠤ ᠠᠬᠤᠢᠯᠠᠯ᠂ ᠦᠨᠡᠨᠴᠢ ᠢᠲᠡᠭᠡᠮᠵᠢ ᠲᠡᠶ ᠨᠢᠭᠡᠴᠢ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠦᠨ᠎ᠡ ᠭᠡᠵᠦ᠍ ᠳᠤᠷᠠᠳᠪᠠ᠃ ᠦᠨᠳᠦᠰᠦᠨ ᠱᠠᠲᠤᠨ᠎ᠤ ᠡᠮᠦᠨ᠎ᠡ ᠹᠷᠣᠨᠲ᠂ ᠱᠢᠨ᠎ᠡ᠎ᠪᠡᠷ ᠮᠠᠨᠳᠤᠭᠰᠠᠨ ᠠᠵᠢᠯ ᠲᠥᠷᠥᠯ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠦᠨᠡᠨᠴᠢ ᠢᠲᠡᠭᠡᠮᠵᠢ᠎ᠶ᠋ᠢᠨ ᠨᠡᠢᠲᠡᠯᠢᠭ ᠵᠢᠱ᠌ᠢᠶ᠎ᠡ᠎ᠶ᠋ᠢ ᠭᠦᠨᠵᠡᠭᠡᠶ ᠠᠭᠤᠳᠠᠯᠵᠤ᠂ ᠣᠯᠠᠨ ᠵᠦᠶ᠋ᠯ᠎ᠦᠨ ᠬᠡᠯᠪᠡᠷᠢ᠎ᠪᠡᠷ ᠳᠠᠮᠵᠢᠨ ᠦᠨᠡᠨᠴᠢ ᠢᠲᠡᠭᠡᠮᠵᠢ᠎ᠶ᠋ᠢᠨ ᠨᠡᠢᠲᠡᠯᠢᠭ ᠵᠢᠱ᠌ᠢᠶ᠎ᠡ᠎ᠶ᠋ᠢᠨ ᠲᠡᠷᠢᠭᠦᠨ᠎ᠦ ᠦᠶ᠋ᠯᠡ ᠠᠵᠢᠯᠯᠠᠭ᠎ᠠ ᠪᠠ ᠡᠷᠬᠢᠮ ᠨᠠᠨᠳᠢᠨ ᠲᠤᠷᠱᠢᠯᠭ᠎ᠠ᠎ᠶ᠋ᠢ ᠪᠥᠬᠥ᠌ ᠲᠠᠯ᠎ᠠ᠎ᠪᠠᠷ ᠢᠯᠡᠷᠡᠭᠦᠯᠪᠡ᠃
ᠢᠯᠡᠴᠢᠯᠡᠬᠦ᠌ ᠰᠡᠷᠡᠮᠵᠢᠯᠡᠭᠦᠯᠬᠦ᠌ ᠦᠶ᠋ᠯᠡᠳᠦᠯ᠎ᠢ ᠴᠢᠩᠭᠠᠷᠠᠭᠤᠯᠬᠤ ᠲᠠᠯ᠎ᠠ᠎ᠪᠠᠷ᠂ ᠡᠯ᠎ᠡ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠭᠦᠶ᠋ᠴᠡᠳ ᠰᠤᠳᠤᠯᠤᠨ ᠮᠠᠭᠠᠳᠯᠠᠭ᠍ᠰᠠᠨᠤ ᠳᠠᠷᠠᠭ᠎ᠠ᠂ ᠡᠯ᠎ᠡ ᠱᠠᠲᠤᠨ᠎ᠤ ᠡᠯ᠎ᠡ ᠲᠥᠷᠥᠯ᠎ᠦᠨ ᠵᠠᠭᠤᠴᠢᠯᠠᠭᠤᠷ᠎ᠲᠠᠶ ᠬᠠᠮᠲᠤᠷᠠᠨ᠂ ᠬᠥᠯᠥᠰᠥᠨ ᠲᠡᠷᠢᠶᠠᠴᠢᠨᠤ ᠴᠠᠯᠢᠩ᠎ᠢ ᠥᠷᠢᠲᠦᠭ᠌ᠰᠡᠨ᠂ ᠳᠠᠭᠠᠳᠭᠠᠯ᠎ᠢ ᠮᠡᠬᠡᠯᠡᠨ ᠠᠪᠤᠭ᠍ᠰᠠᠨ᠂ ᠰᠦᠯᠵᠢᠶ᠎ᠡ᠎ᠪᠡᠷ ᠮᠡᠬᠡᠯᠡᠭ᠌ᠰᠡᠨ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠨᠢᠭᠡ ᠪᠦᠯᠦᠭ ᠲᠣᠪᠣᠢᠮ᠎ᠠ ᠠᠰᠠᠭᠤᠳᠠᠯ ᠵᠢᠴᠢ ᠬᠠᠭᠤᠷᠮᠠᠭ ᠴᠢᠨᠡᠷ ᠮᠠᠭᠤ ᠲᠠᠸᠠᠷ ᠦᠶ᠋ᠯᠡᠳᠪᠤᠷᠢᠯᠠᠨ ᠪᠣᠷᠣᠯᠠᠭᠤᠯᠤᠭ᠍ᠰᠠᠨ᠂ ᠬᠤᠳᠠᠯᠳᠤᠭᠠᠨ᠎ᠤ ᠮᠡᠬᠡᠯᠡᠯ ᠬᠢᠭ᠌ᠰᠡᠨ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠥᠬᠡᠶ᠂ ᠬᠦᠴᠦᠨ᠎ᠲᠡᠶ ᠪᠣᠯᠤᠭ᠍ᠰᠠᠨ ᠲᠠᠰᠤᠯᠤᠯᠲᠠ᠎ᠶ᠋ᠢ ᠭᠦᠶ᠋ᠴᠡᠳᠭᠡᠬᠦ᠌᠎ᠶ᠋ᠢ ᠲᠡᠪᠴᠢᠭ᠌ᠰᠡᠨ ᠵᠡᠷᠬᠡ ᠬᠠᠤᠯᠢ᠎ᠠᠴᠠ ᠬᠦᠨᠳᠦ ᠨᠣᠴᠢᠲᠠᠶ ᠵᠥᠷᠢᠴᠡᠵᠦ᠍ ᠢᠲᠡᠭᠡᠯ ᠠᠯᠳᠠᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠲᠥᠪᠯᠡᠷᠡᠭᠦᠯᠦᠨ ᠢᠯᠡᠴᠢᠯᠡᠪᠡ᠃
ᠦᠨᠡᠨᠴᠢ ᠢᠲᠡᠭᠡᠮᠵᠢ᠎ᠶ᠋ᠢᠨ ᠤᠬᠠᠭᠤᠯᠭ᠎ᠠ᠎ᠶ᠋ᠢᠨ ᠦᠵᠡᠭᠳᠡᠯ ᠪᠠᠢᠳᠠᠯ᠎ᠢ ᠪᠠᠢᠭᠤᠯᠬᠤ ᠲᠠᠯ᠎ᠠ᠎ᠪᠠᠷ᠂ ᠣᠯᠠᠨ ᠨᠡᠢᠲᠡ᠎ᠶ᠋ᠢᠨ ᠦᠶ᠋ᠯᠡᠴᠢᠯᠡᠭᠡ᠂ ᠬᠤᠳᠠᠯᠳᠤᠭᠠᠨ᠎ᠤ ᠠᠵᠢᠯᠯᠠᠭ᠎ᠠ᠂ ᠰᠤᠷᠭᠠᠭᠤᠯᠢ᠎ᠶ᠋ᠢᠨ ᠬᠦᠷᠢᠶᠡᠨ᠎ᠦ ᠬᠥᠮᠦᠵᠢᠯ᠂ ᠲᠣᠭᠠᠴᠢᠯᠠᠭ᠍ᠰᠠᠨ ᠳᠠᠮᠵᠢᠭᠤᠯᠭ᠎ᠠ ᠵᠡᠷᠭᠡ ᠣᠯᠠᠨ ᠡᠱᠢᠲᠦ ᠦᠵᠡᠭᠳᠡᠯ ᠪᠠᠢᠳᠠᠯ᠎ᠲᠠᠶ ᠤᠶᠠᠯᠳᠤᠭᠤᠯᠤᠨ᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠲᠦᠭᠡᠮᠡᠯᠵᠢᠭᠦᠯᠬᠦ᠌᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠲᠠᠮᠵᠢᠭᠤᠯᠬᠤ᠂ ᠢᠲᠡᠭᠡᠮᠵᠢ᠎ᠶ᠋ᠢᠨ ᠥᠷᠲᠡᠭ᠎ᠢ ᠤᠯᠬᠤ ᠵᠡᠷᠭᠡ ᠭᠤᠤᠯ ᠠᠭᠤᠯᠭ᠎ᠠ᠎ᠶ᠋ᠢ ᠠᠭᠤᠰᠤᠯᠴᠠᠭᠤᠯᠪᠠ᠃ ᠣᠯᠠᠨ ᠲᠠᠯ᠎ᠠ᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠵᠤ᠂ AI᠂ ᠲᠣᠮᠣ ᠳ᠋ᠠᠢᠲ᠋ᠠ ᠵᠡᠷᠭᠡ ᠮᠡᠷᠭᠡᠵᠢᠯ᠎ᠦᠨ ᠠᠷᠭ᠎ᠠ ᠪᠠᠷᠢᠯ᠎ᠢ ᠬᠡᠷᠡᠭ᠌ᠯᠡᠨ᠂ ᠴᠢᠬᠤᠯᠠ ᠴᠠᠭ ᠬᠤᠭᠤᠴᠠᠭ᠎ᠠ᠎ᠶ᠋ᠢᠨ ᠵᠠᠩᠭᠢᠯᠠᠭ᠎ᠠ᠎ᠶ᠋ᠢᠨ ᠴᠡᠭ᠎ᠲᠡᠶ ᠤᠶᠠᠯᠳᠤᠭᠤᠯᠵᠤ ᠣᠨᠴᠠᠯᠢᠭ᠍ᠲᠤ ᠦᠵᠡᠭᠳᠡᠯ ᠪᠠᠢᠳᠠᠯ᠎ᠢ ᠪᠤᠢ ᠪᠣᠯᠭᠠᠵᠤ᠂ ᠢᠲᠡᠭᠡᠮᠵᠢ᠎ᠶ᠋ᠢᠨ ᠤᠢᠯᠠᠭᠠᠭᠳᠠᠬᠤᠨ᠎ᠢ ᠨᠡᠢᠭᠡᠮ᠎ᠦᠨ ᠠᠮᠢᠳᠤᠷᠠᠯ᠎ᠤᠨ ᠡᠯ᠎ᠡ ᠭᠣᠭ᠍ᠴᠣᠭ᠎ᠠ᠎ᠳᠤ ᠠᠭᠤᠰᠤᠯᠴᠠᠭᠤᠯᠤᠨ᠂ 《ᠢᠲᠡᠭᠡᠮᠵᠢ᠎ᠶ᠋ᠢ ᠮᠡᠳᠡᠬᠦ᠌᠂ ᠢᠲᠡᠭᠡᠮᠵᠢ᠎ᠶ᠋ᠢ ᠰᠠᠬᠢᠬᠤ᠂ ᠢᠲᠡᠭᠡᠮᠵᠢ᠎ᠶ᠋ᠢ ᠬᠡᠷᠡᠭᠯᠡᠬᠦ᠂ ᠢᠲᠡᠭᠡᠮᠵᠢ᠎ᠶ᠋ᠢ ᠴᠢᠬᠤᠯᠠᠴᠢᠯᠠᠬᠤ》 ᠰᠠᠢᠨ ᠰᠠᠢᠬᠠᠨ ᠨᠡᠢᠭᠡᠮ᠎ᠦᠨ ᠠᠭᠤᠷ ᠠᠮᠢᠰᠭᠤᠯ᠎ᠢ ᠪᠤᠢ ᠪᠣᠯᠭᠠᠵᠤ᠂ ᠨᠡᠢᠭᠡᠮ᠎ᠦᠨ ᠢᠲᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢᠨ ᠦᠨᠳᠦᠰᠦ ᠰᠠᠭᠤᠷᠢ᠎ᠶ᠋ᠢ ᠪᠡᠬᠢᠵᠢᠭᠦᠯᠪᠡ᠃