​ᠲᠦᠷᠦᠭᠦᠦ 5 ᠰᠠᠷ᠎ᠠ᠎ᠳᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ ᠤ᠋ᠨ ᠪᠡᠶᠡᠯᠡᠭᠦᠯᠦᠭ᠌ᠰᠡᠨ ᠠᠱᠢᠭ ᠬᠣᠨᠵᠢᠪᠣᠷᠢ᠎ᠶ᠋ᠢᠨ ᠶᠡᠷᠦᠩᠬᠡᠢ ᠬᠡᠮᠵᠢᠶ᠎ᠠ 2.7 ᠲᠦᠮᠡᠨ ᠳ᠋ᠦᠩᠱᠢᠭᠤᠷ ᠲᠥᠭᠥᠷᠢᠭ᠎ᠲᠦ ᠬᠥᠷᠴᠡᠢ
2025-07-01 11:13:25
ᠵᠣᠬᠢᠶᠠᠭ᠍ᠴᠢ᠄
​ᠫᠠᠨ ᠵᠢᠶᠧ
ᠣᠩᠱᠢᠭ᠍ᠰᠠᠨ ᠣᠳᠠᠭ᠎ᠠ᠄
★★★☆☆

ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ᠎ᠶ᠋ᠢᠨ 27 ᠎ᠤ᠋ ᠡᠳᠦᠷ ᠨᠡᠢᠲᠡᠯᠡᠭ᠌ᠰᠡᠨ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 1 ᠡᠴᠡ 5 ᠰᠠᠷ᠎ᠠ᠎ᠳᠤ᠂ ᠪᠥᠬᠥ᠌ ᠤᠯᠤᠰ᠎ᠤᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠪᠡᠶᠡᠯᠡᠭᠦᠯᠦᠭ᠌ᠰᠡᠨ ᠠᠱᠢᠭ ᠬᠣᠨᠵᠢᠪᠣᠷᠢ᠎ᠶ᠋ᠢᠨ ᠶᠡᠷᠦᠩᠬᠡᠢ  ᠬᠡᠮᠵᠢᠶ᠎ᠡ 27204.3 ᠳ᠋ᠦᠩᠱᠢᠭᠤᠷ ᠲᠥᠭᠥᠷᠢᠭ᠎ᠲᠦ ᠬᠦᠷᠴᠦ᠍᠂ 1 ᠡᠴᠡ 4 ᠰᠠᠷ᠎ᠠ᠎ᠶ᠋ᠢᠨ᠎ᠬᠢ᠎ᠡᠴᠡ 6034.1 ᠳ᠋ᠦᠩᠱᠢᠭᠤᠷ  ᠲᠥᠭᠥᠷᠢᠭ  ᠨᠡᠮᠡᠭ᠌ᠳᠡᠪᠡ᠃

ᠪᠦᠲᠦᠮᠵᠢᠲᠡᠶ ᠬᠡᠷᠡᠭ᠌ᠴᠡᠭᠡ ᠱᠠᠭᠠᠷᠳᠠᠯᠭ᠎ᠠ ᠭᠦᠶ᠋ᠴᠡᠳ ᠪᠤᠰᠤ᠂ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠦᠨ᠎ᠡ ᠬᠠᠩᠰᠢ ᠪᠠᠭᠤᠷᠠᠭ᠍ᠰᠠᠨ ᠵᠢᠴᠢ ᠣᠬᠣᠷᠬᠠᠨ ᠬᠤᠭᠤᠴᠠᠭᠠᠨ᠎ᠤ ᠬᠦᠴᠦᠨ ᠵᠦᠶ᠋ᠯ᠎ᠦᠨ ᠬᠡᠯᠪᠡᠯᠵᠡᠯ ᠵᠡᠷᠭᠡ ᠨᠥᠯᠥᠭᠡ᠎ᠡᠴᠡ ᠪᠣᠯᠵᠣ᠂ ᠲᠦᠷᠦᠭᠦᠦ 5 ᠰᠠᠷ᠎ᠠ᠎ᠳᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠣᠨᠵᠢᠪᠣᠷᠢ ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 1.1% ᠎ᠪᠠᠷ ᠪᠠᠭᠤᠷᠠᠪᠠ᠃ ᠠᠱᠢᠭ ᠬᠣᠨᠵᠢᠪᠣᠷᠢ᠎ᠶ᠋ᠢᠨ ᠪᠦᠲᠦᠴᠡ᠎ᠡᠴᠡ ᠦᠵᠡᠪᠡᠯ᠂ ᠪᠠᠯᠠ ᠣᠷᠣᠭᠤᠯᠤᠯᠲᠠ᠎ᠶ᠋ᠢᠨ ᠠᠱᠢᠭ ᠣᠯᠵᠠᠪᠤᠷᠢ ᠵᠡᠷᠭᠡ ᠣᠬᠣᠷᠬᠠᠨ ᠬᠤᠭᠤᠴᠠᠭᠠᠨ᠎ᠤ ᠬᠦᠴᠦᠨ ᠵᠦᠶ᠋ᠯ᠎ᠦᠨ ᠲᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠰᠠᠭᠤᠷᠢ ᠲᠣᠭ᠎ᠠ ᠨᠡᠯᠢᠶᠡᠳ ᠥᠨᠳᠥᠷ ᠪᠠᠢᠵᠤ᠂ 1 ᠡᠴᠡ 5 ᠰᠠᠷ᠎ᠠ᠎ᠵᠢᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠣᠨᠵᠢᠪᠣᠷᠢ᠎ᠶ᠋ᠢᠨ ᠨᠡᠮᠡᠭ᠌ᠳᠡᠯ᠎ᠦᠨ ᠬᠤᠷᠳᠤᠴᠠ ᠵᠠᠭᠤᠨ᠎ᠤ ᠬᠠᠷᠢᠴᠠᠯ᠎ᠢᠶᠡᠷ 1.7  ᠬᠤᠪᠢ ᠪᠠᠭᠤᠷᠠᠪᠠ᠃ᠠᠵᠤ ᠦᠢᠯᠡᠳᠪᠦᠷᠢ ᠵᠢᠨ ᠠᠵᠤ ᠠᠬᠤᠢᠯᠠᠯ᠎ᠤᠨ ᠪᠤᠷᠤ ᠠᠱᠢᠭ ᠬᠣᠨᠵᠢᠪᠣᠷᠢ᠂ ᠡᠵᠡᠩᠨᠡᠯᠲᠡ᠎ᠶ᠋ᠢᠨ ᠣᠷᠣᠯᠭ᠎ᠠ ᠨᠢ ᠨᠡᠮᠡᠭ᠌ᠳᠡᠯ᠎ᠢᠶᠡᠨ ᠪᠠᠲᠤᠯᠠᠪᠠ᠃ ᠡᠵᠡᠩᠨᠡᠯᠲᠡ᠎ᠶ᠋ᠢᠨ ᠣᠷᠣᠯᠭ᠎ᠠ᠎ᠡᠴᠡ ᠡᠵᠡᠩᠨᠡᠯᠲᠡ᠎ᠶ᠋ᠢᠨ ᠥᠪᠡᠷ᠎ᠦᠨ ᠥᠷᠲᠡᠭ᠎ᠢ ᠬᠠᠰᠤᠵᠤ ᠪᠤᠳᠤᠭ᠍ᠰᠠᠨ ᠪᠤᠷᠤ ᠠᠱᠢᠭ ᠬᠣᠨᠵᠢᠪᠣᠷᠢ᠎ᠶ᠋ᠢᠨ ᠲᠠᠯ᠎ᠠ᠎ᠡᠴᠡ ᠦᠵᠡᠪᠡᠯ᠂ 1 ᠡᠴᠡ 5 ᠰᠠᠷ᠎ᠠ᠎ᠳᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠪᠤᠷᠤ ᠠᠱᠢᠭ ᠬᠣᠨᠵᠢᠪᠣᠷᠢ ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 1.1% ᠎ᠪᠠᠷ ᠨᠡᠮᠡᠭ᠌ᠳᠡᠵᠦ᠍᠂ ᠬᠡᠪᠴᠢᠶᠡᠵᠢᠯ᠎ᠡᠴᠡ ᠳᠡᠭᠡᠭ᠌ᠰᠢᠬᠢ  ᠪᠥᠬᠥ᠌ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠬᠣᠨᠵᠢᠪᠣᠷᠢ᠎ᠶ᠋ᠢᠨ ᠨᠡᠮᠡᠭᠳᠡᠯ᠎ᠢ ᠵᠠᠭᠤᠨ᠎ᠤ ᠬᠠᠷᠢᠴᠠᠯ᠎ᠢᠶᠡᠷ 3 ᠬᠤᠪᠢ ᠳᠠᠢᠴᠢᠯᠠᠪᠠ; ᠡᠵᠡᠩᠨᠡᠯᠲᠡ᠎ᠶ᠋ᠢᠨ ᠣᠷᠣᠯᠭ᠎ᠠ᠎ᠡᠴᠡ ᠦᠵᠡᠪᠡᠯ᠂ 1 ᠡᠴᠡ 5 ᠰᠠᠷ᠎ᠠ᠎ᠳᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠣᠷᠣᠯᠭ᠎ᠠ ᠨᠢ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 2.7% ᠪᠡᠷ ᠨᠡᠮᠡᠭ᠌ᠳᠡᠪᠡ᠃

ᠲᠣᠨᠣᠭ᠍ᠯᠠᠯ ᠦᠶ᠋ᠯᠡᠳᠬᠦ᠌ ᠦᠶ᠋ᠯᠡᠰ᠎ᠦᠨ 《ᠲᠣᠭ᠍ᠲᠠᠪᠤᠷᠢᠵᠢᠭᠤᠯᠤᠭᠴᠢ》 ᠶ᠋ᠢᠨ ᠦᠢᠯᠡᠳᠦᠯ ᠲᠣᠪᠣᠢᠮ᠎ᠠ ᠪᠠᠢᠨ᠎ᠠ᠃ 1 ᠡᠴᠡ 5 ᠰᠠᠷ᠎ᠠ᠎ᠳᠤ᠂ ᠲᠣᠨᠣᠭ᠍ᠯᠠᠯ ᠦᠶ᠋ᠯᠡᠳᠬᠦ᠌ ᠦᠶ᠋ᠯᠡᠰ᠎ᠦᠨ ᠠᠱᠢᠭ ᠬᠣᠨᠵᠢᠪᠣᠷᠢ ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 7.2% ᠎ᠵᠢᠡᠷ ᠨᠡᠮᠡᠭ᠌ᠳᠡᠵᠦ᠍᠂ ᠪᠥᠬᠥ᠌ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠱᠢᠭ ᠬᠣᠨᠵᠢᠪᠣᠷᠢ᠎ᠶ᠋ᠢᠨ ᠵᠠᠭᠤᠨ᠎ᠤ ᠬᠠᠷᠢᠴᠠᠯ᠎ᠢᠶᠡᠷ 2.4 ᠬᠤᠪᠢ ᠨᠡᠮᠡᠭ᠌ᠳᠡᠬᠦ᠌᠎ᠶ᠋ᠢ ᠳᠠᠢᠴᠢᠯᠠᠵᠤ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠱᠢᠭ ᠬᠣᠨᠵᠢᠪᠣᠷᠢ᠎ᠳᠤ ᠦᠵᠡᠭᠦᠯᠬᠦ᠌ ᠲᠤᠯᠭᠠᠭᠤᠷᠢᠯᠠᠬᠤ ᠦᠢᠯᠡᠳᠦᠯ ᠲᠣᠪᠣᠢᠮ᠎ᠠ ᠪᠣᠯᠪᠠ᠃ ᠠᠵᠢᠯ ᠲᠥᠷᠥᠯ᠎ᠡᠴᠡ ᠦᠵᠡᠪᠡᠯ ᠂ ᠲᠣᠨᠣᠭᠯᠠᠯ ᠦᠶ᠋ᠯᠡᠳᠬᠦ᠌ ᠦᠶ᠋ᠯᠡᠰ᠎ᠦᠨ 8 ᠠᠵᠢᠯ ᠲᠥᠷᠥᠯ᠎ᠦᠨ ᠳᠣᠲᠣᠷᠠᠬᠢ 7 ᠠᠵᠢᠯ ᠲᠥᠷᠥᠯ᠎ᠦᠨ ᠠᠱᠢᠭ ᠬᠣᠨᠵᠢᠪᠣᠷᠢ ᠨᠢ ᠨᠡᠮᠡᠭ᠌ᠳᠡᠵᠡᠶ᠃ ᠡᠭᠦᠨ᠎ᠳᠦ ᠡᠯᠧᠺᠲ᠋ᠷᠣᠨ᠂ ᠴᠠᠬᠢᠯᠭᠠᠨ ᠮᠧᠬᠠᠨᠢᠭ᠂ ᠨᠡᠢᠳᠡᠮ ᠬᠡᠷᠡᠭ᠌ᠯᠡᠭᠡᠨ᠎ᠤ ᠲᠥᠬᠥᠭᠡᠷᠦᠮᠵᠢ ᠵᠡᠷᠭᠡ ᠠᠵᠢᠯ ᠲᠥᠷᠥᠯ᠎ᠦᠨ ᠠᠱᠢᠭ ᠬᠣᠨᠵᠢᠪᠣᠷᠢ᠎ᠶ᠋ᠢᠨ ᠨᠡᠮᠡᠭ᠌ᠳᠡᠯ ᠨᠢ ᠬᠣᠶᠠᠷ ᠣᠷᠣᠨᠲᠤ ᠲᠣᠭ᠎ᠠ᠎ᠶ᠋ᠢ ᠳᠠᠪᠠᠵᠤ᠂ ᠨᠡᠮᠡᠭ᠌ᠳᠡᠯ᠎ᠦᠨ ᠬᠤᠷᠳᠤᠴᠠ ᠨᠢ ᠲᠣᠰ ᠲᠣᠰ 11.9%᠂ 11.6% ᠂ 10.6% ᠎ᠳ᠋ᠤ ᠬᠦᠷᠴᠡᠶ᠃

《ᠬᠣᠶᠠᠷ ᠱᠢᠨ᠎ᠡ》 ᠲᠥᠷᠥ᠎ᠶ᠋ᠢᠨ ᠪᠣᠳᠣᠯᠭ᠎ᠠ᠎ᠶ᠋ᠢᠨ ᠦᠢᠯᠡᠳᠦᠯ ᠦᠷᠭᠦᠯᠵᠢᠯᠡᠨ ᠢᠯᠡᠷᠡᠪᠡ᠃ ᠶᠡᠬᠡ ᠬᠡᠪᠴᠢᠶᠡᠨ᠎ᠦ ᠲᠤᠨᠤᠭ ᠲᠥᠬᠥᠭᠡᠷᠦᠮᠵᠢ᠎ᠶ᠋ᠢ ᠱᠢᠨᠡᠳᠭᠡᠬᠦ᠌ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠳᠠᠭᠠᠭᠤᠯᠭ᠎ᠠ ᠳᠤᠤᠷ᠎ᠠ᠂ ᠨᠡᠢᠳᠡᠮ ᠬᠡᠷᠡᠭ᠌ᠯᠡᠭᠡᠨ᠎ᠦ ᠲᠥᠬᠥᠭᠡᠷᠦᠮᠵᠢ᠂ ᠲᠤᠰᠭᠠᠶ ᠬᠡᠷᠡᠭ᠌ᠯᠡᠭᠡᠨ᠎ᠦ ᠲᠥᠬᠥᠭᠡᠷᠦᠮᠵᠢ᠎ᠶ᠋ᠢᠨ ᠠᠵᠢᠯ ᠲᠥᠷᠥᠯ᠎ᠦᠨ ᠠᠱᠢᠭ ᠬᠣᠨᠵᠢᠪᠣᠷᠢ ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 10.6%᠂ 7.1% ᠎ᠪᠠᠷ ᠨᠡᠮᠡᠭ᠌ᠳᠡᠵᠦ᠍᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠱᠢᠭ ᠬᠣᠨᠵᠢᠪᠣᠷᠢ ᠵᠢᠨ ᠨᠡᠮᠡᠭᠳᠡᠯ᠎ᠢ ᠵᠠᠭᠤᠨ᠎ᠤ ᠬᠠᠷᠢᠴᠠᠯ᠎ᠢᠶᠡᠷ ᠨᠡᠢᠲᠡ 0.6 ᠬᠤᠪᠢ ᠲᠠᠢᠴᠢᠯᠠᠪᠠ᠃ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠥᠷᠥ᠎ᠶ᠋ᠢᠨ ᠪᠣᠳᠣᠯᠭ᠎ᠠ᠎ᠶ᠋ᠢ ᠬᠦᠴᠦᠯᠡᠨ ᠥᠷᠭᠡᠳᠭᠡᠭ᠌ᠰᠡᠨ ᠦᠷ᠎ᠡ ᠪᠦᠲᠦᠮᠵᠢ ᠢᠯᠡᠷᠬᠡᠶ ᠪᠠᠢᠵᠤ᠂ ᠣᠶᠤᠨᠴᠢ ᠬᠡᠷᠡᠭ᠌ᠯᠡᠭᠡᠨ᠎ᠦ ᠲᠥᠬᠥᠭᠡᠷᠦᠮᠵᠢ ᠦᠶ᠋ᠯᠡᠳᠬᠦ᠌᠂ ᠪᠤᠰᠤᠳ ᠬᠡᠷ᠎ᠦᠨ ᠬᠡᠷᠡᠭᠯᠡᠭᠡᠨ᠎ᠤ ᠴᠠᠬᠢᠯᠭᠠᠨ ᠬᠦᠴᠦᠨ᠎ᠦ ᠪᠠᠭᠠᠵᠢ ᠬᠡᠷᠡᠭ᠌ᠰᠡᠯ ᠦᠶ᠋ᠯᠡᠳᠬᠦ᠌᠂ ᠬᠡᠷ᠎ᠦᠨ ᠬᠡᠷᠡᠭ᠌ᠯᠡᠭᠡᠨ᠎ᠦ ᠲᠣᠭᠣᠭᠠᠨ ᠬᠡᠷ᠎ᠦᠨ ᠴᠠᠬᠢᠯᠭᠠᠨ ᠬᠡᠷᠡᠭ᠌ᠰᠡᠯ ᠦᠶ᠋ᠯᠡᠳᠬᠦ᠌ ᠵᠡᠷᠭᠡ ᠠᠵᠢᠯ ᠲᠥᠷᠥᠯ᠎ᠦᠨ ᠠᠱᠢᠭ ᠬᠣᠨᠵᠢᠪᠣᠷᠢ ᠨᠢ ᠲᠣᠰ ᠲᠣᠰ 101.5%᠂ 31.2%᠂ 20.7% ᠎ᠪᠠᠷ ᠨᠡᠮᠡᠭ᠌ᠳᠡᠪᠡ᠃

《ᠲᠠᠷᠠᠭᠠᠴᠢ᠎ᠶ᠋ᠢᠨ ᠱᠠᠲᠤᠨ᠎ᠳᠤ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠩ ᠢᠳᠡᠪᠬᠢᠲᠡᠶ ᠦᠷ᠎ᠡ ᠪᠦᠲᠦᠮᠵᠢᠲᠡᠢ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠬᠡᠷᠡᠭ᠌ᠵᠢᠭᠦᠯᠦᠨ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠬᠦᠴᠦᠯᠡᠨ ᠬᠦᠴᠦᠷᠬᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠴᠢᠩᠭᠠᠳᠭᠠᠨ᠂ ᠠᠵᠤ ᠦᠶ᠋ᠯᠡᠳᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠦᠷ᠎ᠡ ᠠᠱᠢᠭ᠎ᠢ ᠰᠡᠷᠭᠦᠭᠡᠬᠦ᠌᠎ᠳᠦ ᠪᠠᠲᠤ ᠪᠠᠬᠢ ᠰᠠᠭᠤᠷᠢ ᠲᠠᠯᠪᠢᠵᠤ ᠥᠭ᠌ᠬᠦ ᠬᠡᠷᠡᠭ᠌ᠲᠡᠶ》 ᠭᠡᠵᠦ᠍ ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ᠎ᠶ᠋ᠢᠨ ᠠᠵᠤ ᠦᠶ᠋ᠯᠡᠳᠪᠦᠷᠢ᠎ᠶ᠋ᠢᠨ ᠵᠤᠷᠭᠠᠨ᠎ᠤ ᠪᠦᠷᠢᠳᠭᠡᠭ᠌ᠴᠢ ᠢᠦᠶ ᠸᠧᠶ ᠨᠢᠩ ᠬᠡᠯᠡᠵᠡᠶ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号