ᠦᠵᠡᠯ ᠰᠠᠨᠠᠭ᠎ᠠ ᠪᠣᠯ ᠦᠢᠯᠡ ᠠᠵᠢᠯᠯᠠᠭᠠᠨ᠎ᠤ ᠵᠠᠮᠴᠢ ᠮᠥᠨ᠂ ᠭᠦᠨᠵᠡᠭᠡᠢ ᠰᠤᠷᠤᠯᠴᠠᠨ ᠲᠤᠭᠤᠰᠢᠳᠠᠢ ᠤᠢᠯᠠᠭᠠᠪᠠᠯ ᠰᠠᠶ᠍ᠢ ᠰᠤᠷᠲᠠᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠭᠦᠨᠵᠡᠭᠡᠢ ᠪᠥᠭᠡᠳ ᠪᠣᠳᠠᠲᠠᠢ ᠠᠵᠢᠯᠯᠠᠵᠤ ᠴᠢᠳᠠᠨ᠎ᠠ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ ᠥᠪᠥᠷ ᠮᠣᠩᠭᠣᠯ᠎ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠥᠨ ᠳᠠᠭᠠᠭᠤᠯᠵᠤ ᠭᠦᠨᠵᠡᠭᠡᠢ ᠪᠤᠳᠤᠯᠬᠢᠯᠠᠨ ᠨᠠᠷᠢᠯᠢᠭ ᠤᠬᠠᠵᠤ ᠰᠤᠷᠤᠯᠴᠠᠨ᠂ ᠬᠠᠷᠢᠴᠠᠭᠤᠯᠤᠨ ᠪᠠᠢᠴᠠᠭᠠᠵᠤ ᠰᠤᠷᠤᠯᠴᠠᠨ᠂ ᠮᠡᠳᠡᠯᠭᠡ ᠪᠡᠷ ᠠᠵᠢᠯᠯᠠᠭ᠎ᠠ᠎ᠶᠢ ᠠᠬᠢᠭᠤᠯᠤᠨ ᠰᠤᠷᠤᠯᠴᠠᠵᠤ᠂ ᠰᠤᠷᠤᠯᠴᠠᠯᠭ᠎ᠠ᠎ᠪᠠᠷ ᠰᠦᠭ ᠰᠦᠨᠡᠰᠦ᠎ᠶ᠋ᠢ ᠱᠤᠭᠤᠵᠤ᠂ ᠰᠤᠷᠤᠯᠴᠠᠯᠭ᠎ᠠ᠎ᠪᠠᠷ ᠠᠵᠢᠯ᠎ᠢ ᠠᠬᠢᠭᠤᠯᠬᠤ᠎ᠪᠠᠷ ᠲᠠᠮᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠢ ᠦᠢᠯᠡᠳᠦᠯᠭᠡᠵᠢᠭᠦᠯᠦᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ ᠨᠠᠷᠢᠨ ᠨᠢᠮᠪᠠᠶ ᠲᠥᠯᠥᠪᠵᠢᠭᠦᠯᠵᠦ᠍᠂ ᠰᠤᠷᠲᠠᠯ᠎ᠢᠶᠠᠨ ᠬᠤᠪᠢᠷᠠᠭᠤᠯᠬᠤ᠂ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠬᠦ᠌᠂ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠬᠦᠴᠦ᠍ ᠣᠷᠣᠭᠤᠯᠤᠭ᠍ᠰᠠᠨ᠎ᠢᠶᠠᠷ ᠪᠠᠷᠠᠬᠤ ᠥᠬᠡᠶ ᠠᠵᠤ ᠦᠶ᠋ᠯᠡᠰ᠎ᠲᠦ ᠦᠶ᠋ᠯᠡᠴᠢᠯᠡᠬᠦ᠌᠂ ᠠᠵᠤ ᠠᠬᠤᠢᠯᠠᠯ᠎ᠳᠤ ᠦᠶ᠋ᠯᠡᠴᠢᠯᠡᠬᠦ᠌᠂ ᠣᠯᠠᠨ ᠲᠦᠮᠡᠨ᠎ᠳᠦ ᠦᠶ᠋ᠯᠡᠴᠢᠯᠡᠬᠦ᠌ ᠡᠭᠦᠷᠭᠡᠯᠡᠯ ᠵᠢᠳᠬᠦᠯ ᠴᠢᠷᠮᠠᠢᠯᠭ᠎ᠠ᠎ᠪᠠᠨ ᠴᠢᠩᠭᠠᠳᠭᠠᠵᠤ᠂ ᠢᠯᠡᠳᠲᠡ ᠦᠷ᠎ᠡ ᠪᠦᠲᠦᠮᠵᠢ ᠤᠯᠪᠠ᠃ ᠠᠯᠪᠠᠨ᠎ᠤ ᠬᠣᠭᠣᠯᠠᠨ ᠵᠠᠷᠤᠳᠠᠯ᠂ ᠵᠠᠮ ᠬᠠᠷᠢᠯᠴᠠᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠬᠤ᠎ᠶ᠋ᠢᠨ ᠲᠥᠯᠥᠭᠡ ᠲᠣᠰ ᠲᠣᠪᠴᠢᠶ᠎ᠠ 《ᠠᠢᠮᠠᠭ ᠬᠣᠲᠠ ᠬᠣᠱᠢᠭᠤ ᠱᠢᠶᠠᠨ᠎ᠳᠤ ᠬᠦᠷᠴᠦ᠍ ᠠᠵᠢᠯ ᠥᠷᠨᠢᠭᠦᠯᠬᠦ᠌ ᠬᠣᠯᠪᠣᠭ᠍ᠳᠠᠯ ᠪᠥᠬᠥᠶ ᠵᠦᠶ᠋ᠯᠡᠰ᠎ᠢ ᠲᠣᠳᠣᠷᠬᠠᠢᠯᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠮᠡᠳᠡᠭ᠌ᠳᠡᠯ》 ᠢ᠋ ᠨᠡᠢᠲᠡᠯᠡᠵᠦ᠍᠂ ᠵᠠᠮ᠎ᠤᠨ ᠵᠠᠷᠤᠳᠠᠯ᠎ᠤᠨ ᠲᠠᠩᠰᠠ ᠲᠠᠢᠯᠬᠤ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠪᠠ᠃ ᠲᠦᠷᠦᠭᠦᠯᠡᠨ ᠠᠷᠪᠢᠯᠠᠵᠤ ᠭᠠᠮᠨᠠᠬᠤ ᠲᠠᠯ᠎ᠠ᠎ᠪᠠᠷ᠂ 2025 ᠣᠨ᠎ᠳᠤ ᠳᠣᠭᠢᠷᠠᠭᠤᠯᠤᠭ᠍ᠰᠠᠨ ᠪᠣᠯᠪᠠᠰᠤᠷᠠᠯ᠎ᠤᠨ ᠵᠠᠷᠤᠳᠠᠯ᠎ᠢ 2024 ᠣᠨ᠎ᠤ ᠲᠥᠰᠦᠪ᠎ᠡᠴᠡ 50.5% ᠪᠠᠷ ᠪᠠᠭᠠᠰᠭᠠᠪᠠ᠃ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ᠎ᠶ᠋ᠢ ᠰᠤᠷᠲᠠᠯ᠎ᠢ ᠰᠠᠢᠵᠢᠷᠠᠭᠤᠯᠬᠤ᠎ᠲᠠᠶ ᠨᠢᠭ᠍ᠲᠠ ᠤᠶᠠᠯᠳᠤᠭᠤᠯᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠪᠠᠢᠴᠠᠭᠠᠯᠲᠠ᠎ᠳᠤ ᠣᠷᠣᠱᠢᠵᠤ ᠪᠠᠢᠭ᠎ᠠ ᠠᠰᠠᠭᠤᠳᠠᠯ᠎ᠢ ᠭᠦᠨᠵᠡᠭᠡᠶ ᠵᠠᠳᠠᠯᠬᠤ᠎ᠶ᠋ᠢᠨ ᠲᠥᠯᠥᠭᠡ ᠲᠣᠰ ᠲᠣᠪᠴᠢᠶ᠎ᠠ ᠲᠤᠰᠭᠠᠢᠯᠠᠨ ᠬᠠᠮᠢᠶ᠎ᠠ ᠪᠥᠬᠥᠶ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢᠨ ᠭᠤᠤᠯ ᠴᠣᠭ᠍ᠴᠠ᠂ ᠤᠴᠢᠷ ᠶᠠᠪᠤᠳᠠᠯ᠂ ᠲᠥᠯᠥᠪᠯᠡᠭᠡ᠂ ᠠᠷᠭ᠎ᠠ ᠬᠡᠯᠪᠡᠷᠢ᠂ ᠰᠠᠬᠢᠯᠭ᠎ᠠ ᠪᠠᠲᠤ ᠵᠡᠷᠭᠡ ᠡᠯ᠎ᠡ ᠵᠦᠶ᠋ᠯ᠎ᠦᠨ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠪᠠ᠃
ᠡᠭᠦᠨ᠎ᠦ ᠬᠠᠮᠲᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ᠂ ᠲᠣᠰ ᠲᠣᠪᠴᠢᠶ᠎ᠠ᠎ᠨᠢ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭ᠍ᠰᠠᠨ ᠦᠷ᠎ᠡ ᠪᠦᠲᠦᠮᠵᠢ᠎ᠶ᠋ᠢ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠬᠦ᠌᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠪᠣᠳᠠᠲᠤ ᠠᠵᠢᠯᠯᠠᠭ᠎ᠠ ᠳᠤᠮᠳᠠ ᠢᠯᠡᠷᠡᠭᠦᠯᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠬᠡᠷᠡᠭ᠌ᠴᠡᠭᠡ ᠬᠦᠰᠡᠯ ᠡᠷᠡᠮᠡᠯᠵᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠲᠠᠷᠤᠢ ᠲᠦᠷᠭᠡᠨ ᠭᠦᠢᠴᠡᠳᠭᠡᠬᠦ᠂ ᠰᠠᠢᠳᠤᠷ ᠭᠦᠢᠴᠡᠳᠭᠡᠬᠦ》 ᠰᠤᠷᠲᠠᠯ᠎ᠢᠶᠠᠷ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠯᠠᠪᠳᠠᠭᠤᠨ ᠪᠠᠲᠤᠲᠠᠶ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠵᠦ᠍ ᠥᠭ᠌ᠴᠡᠶ᠃ 《ᠨᠢᠭᠡ ᠤᠳᠠᠭ᠎ᠠ᠎ᠳᠤ ᠲᠡᠮᠳᠡᠭ᠌ᠯᠡᠬᠦ᠌᠂ ᠨᠢᠭᠡ ᠤᠳᠠᠭ᠎ᠠ᠎ᠳᠤ ᠪᠠᠢᠴᠠᠭᠠᠨ ᠯᠠᠪᠯᠠᠬᠤ᠂ ᠨᠢᠭᠡ ᠤᠳᠠᠭ᠎ᠠ᠎ᠳᠤ ᠭᠤᠶᠤᠴᠢᠯᠠᠬᠤ᠂ ᠨᠢᠭᠡ ᠤᠳᠠᠭ᠎ᠠ᠎ᠳᠤ ᠭᠡᠷᠡᠴᠢᠯᠡᠬᠦ᠌᠂ ᠨᠢᠭᠡ ᠡᠳᠦᠷ᠎ᠲᠦ ᠭᠦᠶ᠋ᠴᠡᠳᠭᠡᠵᠦ᠍ ᠳᠠᠭᠤᠰᠭᠠᠬᠤ》 ᠵᠠᠭ᠍ᠪᠤᠷ᠎ᠢ ᠬᠡᠷᠡᠭ᠌ᠵᠢᠭᠦᠯᠬᠦ᠌᠎ᠪᠡᠷ ᠳᠠᠮᠵᠢᠨ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ 《ᠬᠦᠴᠦᠨ ᠥᠬᠡᠶ ᠪᠣᠯᠭᠠᠬᠤ ᠲᠦᠷᠭᠡᠨ ᠲᠡᠷᠭᠡ》᠎ᠶ᠋ᠢ ᠨᠡᠪᠲᠡᠷᠡᠭᠦᠯᠵᠦ᠍᠂ ᠡᠵᠡᠩᠨᠡᠭ᠌ᠴᠢ᠎ᠶ᠋ᠢᠨ ᠰᠦᠯᠵᠢᠶᠡᠨ ᠳᠡᠭᠡᠷ᠎ᠡ ᠪᠥᠭᠡᠮ᠎ᠢᠶᠡᠷ ᠬᠦᠴᠦᠨ ᠥᠬᠡᠶ ᠪᠣᠯᠭᠠᠬᠤ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠳᠦ ᠲᠥᠬᠥᠮ ᠦᠵᠡᠭᠦᠯᠪᠡ᠃ ᠢᠲᠡᠭᠡᠮᠵᠢ ᠠᠯᠳᠠᠭ᠍ᠰᠠᠨ ᠭᠤᠤᠯ ᠴᠣᠭ᠍ᠴᠠ᠎ᠳᠤ ᠴᠢᠭ᠌ᠯᠡᠭᠦᠯᠦᠨ ᠢᠲᠡᠭᠡᠮᠵᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠳᠠᠬᠢᠨ ᠪᠣᠶ ᠪᠣᠯᠭᠠᠵᠤ᠂ ᠰᠦᠯᠵᠢᠶᠡᠨ ᠳᠡᠭᠡᠷ᠎ᠡ ᠰᠡᠷᠭᠦᠭᠡᠬᠦ᠌᠂ ᠤᠳᠠᠰᠦ᠎ᠪᠠᠷ ᠰᠡᠷᠭᠦᠭᠡᠬᠦ᠌᠎ᠶ᠋ᠢ ᠬᠡᠷᠡᠭ᠌ᠵᠢᠭᠦᠯᠪᠠ᠃ ᠣᠳᠣᠬᠠᠨ ᠪᠣᠯᠲᠠᠯ᠎ᠠ ᠡᠨᠡ ᠵᠢᠯ ᠨᠡᠢᠲᠡ 34361 ᠡᠷᠦᠬᠡ᠎ᠶ᠋ᠢᠨ ᠢᠲᠡᠭᠡᠮᠵᠢ᠎ᠶ᠋ᠢ ᠰᠡᠷᠭᠦᠭᠡᠬᠦ᠌ ᠭᠠᠷᠳᠠᠮ᠎ᠢ ᠭᠦᠶ᠋ᠴᠡᠳᠭᠡᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠬᠢᠷᠢ ᠲᠦᠪᠰᠢᠨ᠂ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌ ᠪᠠ ᠬᠡᠪ᠎ᠦᠨ ᠡᠵᠡᠩᠨᠡᠯᠲᠡ᠎ᠶ᠋ᠢᠨ ᠠᠵᠢᠯᠯᠠᠭ᠎ᠠ ᠥᠷᠨᠢᠭᠦᠯᠬᠦ᠌᠎ᠳᠦ ᠪᠦᠲᠦᠮᠵᠢᠲᠡᠶ ᠳᠡᠮᠵᠢᠯᠭᠡ ᠬᠠᠩᠭᠠᠪᠠ᠃ ᠪᠠᠭ᠎ᠠ ᠵᠢᠵᠢᠭ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ᠎ᠳᠤ ᠬᠦᠴᠢᠷᠲᠡᠶ ᠪᠠᠢᠬᠤ ᠪᠠᠢᠳᠠᠯ᠎ᠳᠤ ᠴᠢᠭ᠌ᠯᠡᠭᠦᠯᠦᠨ ᠶᠠᠰᠤ ᠴᠢᠨᠠᠷ᠎ᠢᠶᠠᠷ ᠪᠠᠯᠠ ᠬᠤᠷᠠᠮᠳᠤᠭᠤᠯᠬᠤ ᠢᠲᠡᠭᠡᠮᠵᠢ᠎ᠶ᠋ᠢ ᠨᠡᠮᠡᠭ᠌ᠳᠡᠭᠦᠯᠬᠦ᠌᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠪᠡᠨ ᠳᠠᠨᠵᠢᠯᠠᠵᠤ ᠪᠠᠯᠠ ᠬᠤᠷᠠᠮᠳᠤᠭᠤᠯᠬᠤ ᠵᠡᠷᠭᠡ ᠠᠷᠭ᠎ᠠ ᠬᠡᠮᠵᠢᠶ᠎ᠡ᠎ᠶ᠋ᠢ ᠳᠡᠯᠭᠡᠷᠡᠭᠦᠯᠵᠦ᠍᠂ 《ᠠᠵᠤ ᠠᠬᠤᠢᠯᠠᠯ᠎ᠳᠤ ᠠᠱᠢᠭ ᠬᠦᠷᠲᠡᠭᠡᠬᠦ᠌ ᠶᠠᠰᠤ ᠴᠢᠨᠠᠷ᠎ᠤᠨ ᠵᠢᠭᠡᠯᠡᠯᠭᠡ》 ᠨᠢ 131 ᠠᠵᠤ ᠠᠬᠤᠢᠯᠠᠯ᠎ᠳᠤ 5.37 ᠳ᠋ᠦᠩᠱᠢᠭᠤᠷ ᠲᠥᠭᠥᠷᠢᠭ᠎ᠦᠨ ᠵᠢᠭᠡᠯᠡᠯᠭᠡ ᠣᠯᠭᠣᠵᠤ᠂ ᠪᠥᠬᠥ᠌ ᠣᠷᠣᠨ᠎ᠤ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠤᠰᠭᠠᠶ ᠠᠱᠢᠭ᠎ᠢᠶᠠᠨ ᠳᠠᠨᠵᠢᠯᠠᠵᠤ ᠪᠠᠯᠠ ᠬᠤᠷᠠᠮᠳᠤᠭᠤᠯᠬᠤ᠎ᠨᠢ 10.7 ᠳ᠋ᠦᠩᠱᠢᠭᠤᠷ ᠲᠥᠭᠥᠷᠢᠭ᠎ᠲᠦ ᠬᠦᠷᠴᠦ᠍᠂ ᠡᠯ᠎ᠡ ᠲᠥᠷᠥᠯ᠎ᠦᠨ 92 ᠠᠵᠤ ᠠᠬᠤᠢᠯᠠᠯ᠎ᠳᠤ ᠠᠱᠢᠭ ᠬᠦᠷᠲᠡᠭᠡᠨ᠂ ᠵᠢᠩᠭᠢᠨᠢ ᠬᠡᠷᠡᠭᠴᠡᠭᠡ ᠪᠦᠬᠦᠢ ᠲᠥᠷᠥ᠎ᠶ᠋ᠢᠨ ᠪᠣᠳᠣᠯᠭ᠎ᠠ᠎ᠶ᠋ᠢᠨ ᠠᠰᠠᠷᠠᠮᠵᠢ᠎ᠪᠠᠷ ᠠᠵᠤ ᠠᠬᠤᠢᠯᠠᠯ᠎ᠢ ᠦᠨᠡᠨ ᠬᠦ᠌ ᠬᠠᠪᠰᠤᠷᠤᠨ ᠬᠦᠴᠢᠷ ᠠᠰᠠᠭᠤᠳᠠᠯ᠎ᠢ᠎ᠨᠢ ᠱᠢᠶ᠋ᠳᠪᠦᠷᠢᠯᠡᠵᠦ᠍ ᠥᠭ᠌ᠪᠡ᠃
ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠬᠤᠳᠠᠯᠳᠤᠭᠠᠨ᠎ᠤ ᠪᠠᠩᠬᠢ ᠣᠯᠠᠨ ᠲᠠᠯ᠎ᠠ᠎ᠶ᠋ᠢᠨ ᠠᠷᠭ᠎ᠠ ᠬᠡᠮᠵᠢᠶ᠎ᠡ ᠠᠪᠴᠦ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃ ᠰᠤᠷᠤᠯᠴᠠᠬᠤ ᠭᠣᠭ᠍ᠴᠣᠭ᠎ᠠ᠎ᠳᠤ ᠰᠤᠷᠤᠯᠴᠠᠬᠤ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠰᠤᠷᠤᠯᠴᠠᠬᠤ ᠠᠭᠤᠯᠭ᠎ᠠ᠎ᠶ᠋ᠢ ᠪᠠᠶᠠᠯᠢᠭ᠍ᠵᠢᠭᠤᠯᠤᠨ᠂ ᠨᠢᠭᠡ ᠤᠳᠠᠭ᠎ᠠ ᠵᠢᠨ ᠲᠤᠰᠭᠠᠢ ᠰᠡᠳᠦᠪᠲᠦ ᠨᠣᠮ ᠤᠩᠱᠢᠬᠤ ᠠᠩᠭᠢ᠎ᠶ᠋ᠢ ᠲᠥᠪᠯᠡᠷᠡᠭᠦᠯᠦᠨ ᠵᠣᠬᠢᠶᠠᠨ ᠪᠠᠢᠭᠤᠯᠤᠨ ᠥᠷᠨᠢᠭᠦᠯᠵᠦ᠍᠂ ᠰᠤᠳᠤᠯᠤᠨ ᠶᠠᠷᠢᠯᠴᠠᠵᠤ ᠰᠣᠯᠢᠯᠴᠠᠬᠤ᠎ᠶ᠋ᠢ ᠥᠷᠨᠢᠭᠦᠯᠦᠨ᠂ ᠦᠵᠡᠯ ᠰᠠᠨᠠᠭᠠᠨ᠎ᠤ ᠮᠥᠷᠭᠥᠯᠳᠦᠯ ᠪᠠ ᠬᠠᠮᠲᠤ᠎ᠶ᠋ᠢᠨ ᠲᠠᠨᠢᠯᠲᠠ᠎ᠶ᠋ᠢᠨ ᠨᠢᠭ᠍ᠲᠠᠷᠠᠯᠢ ᠠᠬᠢᠭᠤᠯᠪᠠ᠃ ᠡᠭᠦᠨ᠎ᠦ ᠵᠡᠷᠭᠡ ᠪᠡᠷ ᠰᠡᠷᠡᠮᠵᠢᠯᠡᠭᠦᠯᠬᠦ᠌ ᠬᠥᠮᠦᠵᠢᠯ᠎ᠢ 132 ᠤᠳᠠᠭ᠎ᠠ ᠥᠷᠨᠢᠭᠦᠯᠵᠦ᠍᠂ ᠰᠡᠷᠡᠮᠵᠢᠯᠡᠭᠦᠯᠬᠦ᠌ ᠹᠢᠯᠢᠮ ᠦᠵᠡᠬᠦ᠌᠂ ᠬᠥᠮᠦᠵᠢᠭᠦᠯᠬᠦ᠌ ᠰᠠᠭᠤᠷᠢᠨᠵᠢᠡᠷ ᠲᠣᠭᠣᠷᠢᠨ ᠦᠵᠡᠬᠦ᠌ ᠵᠡᠷᠭᠡ ᠬᠡᠯᠪᠡᠷᠢ᠎ᠪᠡᠷ ᠳᠠᠮᠵᠢᠨ ᠰᠠᠬᠢᠯᠭ᠎ᠠ ᠪᠠᠲᠤ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠬᠥᠮᠦᠵᠢᠯ ᠬᠥᠷᠳᠡᠭ᠌ᠰᠡᠨ ᠺᠠᠳ᠋ᠷ ᠠᠵᠢᠯᠳᠠᠨ ᠠᠵᠢᠯᠴᠢᠨ 10536 ᠬᠥᠮᠦᠨ᠎ᠳᠦ ᠬᠦᠷᠴᠦ᠍᠂ ᠺᠠᠳ᠋ᠷᠴᠤᠳ᠎ᠤᠨ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ ᠤᠬᠠᠮᠰᠠᠷᠲᠤ ᠴᠢᠨᠠᠷ᠎ᠢ ᠦᠨᠡᠨ ᠬᠦ᠌ ᠴᠢᠩᠭᠠᠷᠠᠭᠤᠯᠪᠠ᠃ ᠪᠠᠰᠠ ᠳᠣᠲᠣᠭᠠᠳᠤ᠎ᠵᠢᠨ ᠰᠦᠯᠵᠢᠢ᠎ᠡ᠎ᠶ᠋ᠢ ᠭᠦᠢᠴᠡᠳ ᠠᠱᠢᠭ᠍ᠯᠠᠨ 《ᠰᠤᠷᠤᠯᠴᠠᠯᠭ᠎ᠠ ᠬᠥᠮᠦᠵᠢᠯ᠎ᠦᠨ ᠲᠤᠰᠭᠠᠢ ᠪᠤᠯᠤᠩ》᠎ᠤ᠋ᠨ ᠰᠤᠷᠤᠯᠴᠠᠯᠭ᠎ᠠ᠎ᠶ᠋ᠢᠨ ᠲᠠᠪᠴᠠᠩ ᠭᠠᠷᠭᠠᠵᠤ᠂ ᠲᠣᠭ᠍ᠲᠠᠮᠠᠯ ᠪᠤᠰᠤ ᠬᠤᠭᠤᠴᠠᠭ᠎ᠠ᠎ᠲᠠᠶ᠎ᠪᠠᠷ ᠰᠤᠷᠤᠯᠴᠠᠬᠤ ᠮᠠᠲᠧᠷᠢᠶᠠᠯ ᠬᠦᠷᠭᠡᠵᠦ᠍᠂ ᠨᠠᠮ᠎ᠤᠨ ᠭᠡᠱᠢᠭᠦᠨ ᠺᠠᠳ᠋ᠷ᠎ᠤᠨ ᠴᠠᠭ ᠢᠮᠠᠭ᠍ᠲᠠ ᠰᠤᠷᠤᠯᠴᠠᠬᠤ᠎ᠳᠤ ᠲᠦᠬᠦᠮ ᠦᠵᠡᠭᠦᠯᠪᠡ᠃ ᠡᠯ᠎ᠡ ᠦᠨᠳᠦᠰᠦᠨ ᠱᠠᠲᠤᠨ᠎ᠤ ᠨᠠᠮ᠎ᠤᠨ ᠡᠭᠦᠷ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ ᠵᠡᠷᠭᠡ ᠠᠵᠢᠯᠯᠠᠭ᠎ᠠ᠎ᠲᠠᠶ ᠤᠶᠠᠯᠳᠤᠭᠤᠯᠤᠨ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠲᠥᠪᠯᠡᠷᠡᠩᠭᠦᠢ ᠰᠤᠷᠤᠯᠴᠠᠨ ᠶᠠᠷᠢᠯᠴᠠᠵᠤ᠂ ᠰᠤᠷᠤᠯᠴᠠᠭ᠍ᠰᠠᠨ ᠣᠯᠤᠯᠲᠠ᠎ᠪᠠᠨ ᠰᠣᠯᠢᠯᠴᠠᠵᠤ᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭᠠᠨ᠎ᠤ ᠲᠤᠬᠠᠢ ᠣᠢᠯᠠᠭᠠᠯᠲᠠ ᠪᠠ ᠡᠵᠡᠮᠰᠢᠯ᠎ᠢᠶᠡᠨ ᠭᠦᠨᠵᠡᠭᠡᠢᠷᠡᠭᠦᠯᠪᠡ᠃ ᠠᠰᠠᠭᠤᠳᠠᠯ᠎ᠢ ᠡᠷᠢᠵᠦ᠍ ᠳᠡᠯᠭᠡᠬᠦ᠌ ᠱᠠᠲᠤᠨ᠎ᠳᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠦᠷᠦᠯᠴᠡᠬᠦ᠌ ᠦᠭᠡᠢ ᠲᠠᠯ᠎ᠠ᠎ᠪᠠᠨ ᠪᠦᠬᠦ᠌ ᠲᠠᠯ᠎ᠠ᠎ᠪᠠᠷ ᠭᠦᠨᠵᠡᠭᠡᠢ ᠡᠷᠢᠪᠡ᠃ ᠶᠡᠷᠦᠩᠬᠡᠶ ᠪᠠᠩᠬᠢ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ ᠪᠠᠢᠴᠠᠭᠠᠨ ᠰᠤᠳᠤᠯᠤᠯᠲᠠ ᠬᠢᠬᠦ᠌᠂ ᠦᠨᠳᠦᠰᠦᠨ ᠱᠠᠲᠤᠨ᠎ᠤ ᠰᠠᠨᠠᠯ᠎ᠢ ᠬᠤᠷᠢᠶᠠᠬᠤ᠂ ᠱᠠᠯᠠᠪᠳᠠᠭᠤᠯᠤᠨ ᠪᠠᠢᠴᠠᠭᠠᠬᠤ ᠵᠡᠷᠭᠡ ᠠᠷᠭ᠎ᠠ ᠪᠠᠷᠢᠯ᠎ᠢ ᠬᠡᠷᠡᠭ᠌ᠯᠡᠨ 10 ᠠᠰᠠᠭᠤᠳᠠᠯ᠎ᠢ ᠪᠠᠢᠴᠠᠭᠠᠨ ᠳᠡᠯᠭᠡᠵᠦ᠍᠂ 5ᠵᠢ ᠨᠢ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠵᠦ᠂ 5ᠵᠢ ᠨᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠᠨ᠎ᠳᠤ ᠣᠷᠣᠭᠤᠯᠵᠤ᠂ ᠭᠤᠤᠯᠳᠠᠯᠭ᠎ᠠ᠎ᠲᠠᠶ ᠠᠵᠢᠯ᠎ᠤᠨ ᠪᠠᠢᠷᠢ᠎ᠶ᠋ᠢᠨ 16 ᠲᠦᠭ᠌ᠰᠢᠭᠦᠷᠢ᠎ᠶ᠋ᠢᠨ ᠴᠡᠭ᠎ᠢ ᠲᠣᠳᠣᠷᠬᠠᠢᠯᠠᠪᠠ᠃ ᠪᠦᠬᠦ ᠪᠠᠩᠬᠢ᠎ᠳᠤ 《ᠴᠢᠩ ᠹᠸᠩ ᠱᠢᠤᠳᠠᠨ ᠬᠠᠢᠷᠴᠠᠭ》᠂ 《ᠴᠢᠩ ᠹᠸᠩ ᠬᠣᠶᠠᠷ ᠬᠡᠮᠵᠢᠯᠳᠦ ᠺᠣᠳ᠋》 ᠪᠠ ᠰᠠᠨᠠᠯ᠎ᠤᠨ ᠬᠠᠢᠷᠴᠠᠭ᠎ᠢ 123 ᠲᠣᠬᠢᠷᠠᠭᠤᠯᠵᠤ᠂ ᠣᠯᠠᠨ ᠲᠦᠮᠡᠨ᠎ᠦ ᠪᠣᠳᠠᠲᠠᠶ ᠠᠰᠠᠭᠤᠳᠠᠯ᠎ᠢ 198 ᠱᠢᠶ᠋ᠳᠪᠦᠷᠢᠯᠡᠪᠡ᠃
ᠪᠠᠢᠴᠠᠭᠠᠨ ᠳᠡᠯᠭᠡᠭ᠌ᠰᠡᠨ ᠠᠰᠠᠭᠤᠳᠠᠯ᠎ᠳᠤ ᠴᠢᠭ᠌ᠯᠡᠭᠦᠯᠦᠨ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠬᠤᠳᠠᠯᠳᠤᠭᠠᠨ᠎ᠤ ᠪᠠᠩᠬᠢ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠬᠦ᠌᠎ᠶ᠋ᠢ ᠪᠠᠷᠢᠮᠲᠠᠯᠠᠪᠠ᠃ ᠳᠠᠷᠤᠢᠬᠠᠨ ᠴᠡᠭ᠌ᠴᠡᠯᠡᠨ ᠰᠠᠢᠵᠢᠷᠠᠭᠤᠯᠵᠤ ᠳᠡᠢᠯᠬᠦ᠌ ᠠᠰᠠᠭᠤᠳᠠᠯ᠎ᠢ ᠪᠣᠯ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭᠠᠲᠠᠨ᠎ᠢ ᠨᠢ ᠲᠣᠳᠣᠷᠬᠠᠢᠯᠠᠵᠤ᠂ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠬᠤ᠎ᠵᠢ ᠱᠠᠭᠠᠷᠳᠠᠪᠠ; ᠤᠷᠳᠤ ᠬᠤᠭᠤᠴᠠᠭ᠎ᠠ᠎ᠪᠠᠷ ᠴᠡᠭ᠌ᠴᠡᠯᠡᠨ ᠰᠠᠢᠵᠢᠷᠠᠭᠤᠯᠬᠤ ᠴᠢᠬᠤᠯᠠᠲᠠᠢ ᠠᠰᠠᠭᠤᠳᠠᠯ᠎ᠳᠤ ᠴᠡᠭ᠌ᠴᠡᠯᠡᠨ ᠰᠠᠢᠵᠢᠷᠠᠭᠤᠯᠬᠤ ᠲᠥᠰᠦᠯ ᠲᠣᠭ᠍ᠲᠠᠭᠠᠵᠤ᠂ ᠨᠠᠢᠳᠠᠪᠤᠷᠢᠵᠢᠭᠤᠯᠤᠯᠲᠠ᠎ᠶ᠋ᠢ ᠠᠯᠬᠤᠮ ᠠᠯᠬᠤᠮ᠎ᠢᠶᠠᠷ ᠠᠬᠢᠭᠤᠯᠪᠠ᠃ ᠡᠭᠦᠨ᠎ᠦ ᠬᠠᠮᠲᠤ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠬᠤᠳᠠᠯᠳᠤᠭᠠᠨ᠎ᠤ ᠪᠠᠩᠬᠢ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠬᠤ᠎ᠶ᠋ᠢ ᠴᠢᠬᠤᠯᠠᠴᠢᠯᠠᠨ᠂ ᠬᠠᠮᠢᠶ᠎ᠠ ᠪᠥᠬᠥᠶ ᠲᠦᠷᠢᠮ᠎ᠢ ᠲᠡᠭᠦᠯᠳᠡᠷᠵᠢᠭᠦᠯᠵᠦ᠍᠂ ᠠᠰᠠᠭᠤᠳᠠᠯ ᠳᠠᠬᠢᠨ ᠡᠭᠦᠰᠭᠦ᠎ᠶ᠋ᠢ ᠰᠡᠷᠭᠡᠢᠯᠡᠨ᠂ ᠦᠨᠡᠨ ᠪᠣᠳᠠᠲᠠᠶ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠪᠡᠷ ᠰᠤᠷᠲᠠᠯ᠎ᠤᠨ ᠪᠠᠢᠭᠤᠯᠤᠯᠲᠠ᠎ᠶ᠋ᠢᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠪᠠ᠃