ᠠᠮᠲᠠ ᠤᠷᠤᠭᠤᠯᠬᠤ ᠪᠦᠲᠦᠭᠡᠭᠳᠡᠭᠦᠨ ᠪᠤᠯᠪᠠᠰᠤᠷᠠᠭᠤᠯᠬᠤ ᠦᠢᠯᠡᠰ ᠢ᠋ ᠬᠦᠭᠵᠢᠭᠦᠯᠬᠦ ᠭᠤᠤᠯᠳᠠᠯᠭ᠎ᠠ
2025-07-11 12:09:09
ᠵᠣᠬᠢᠶᠠᠭ᠍ᠴᠢ᠄
ᠼᠠᠢ ᠬᠤᠩ
ᠣᠩᠱᠢᠭ᠍ᠰᠠᠨ ᠣᠳᠠᠭ᠎ᠠ᠄
★★★☆☆

— ᠦᠪᠦᠷ ᠮᠤᠡᠭᠭᠤᠯ ᠤ᠋ᠨ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢᠨ 10 ᠭᠤᠤᠯᠳᠠᠯᠭᠠᠲᠤ ᠲᠦᠷᠦᠯ ᠵᠦᠢᠯ ⑧


ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠵᠦᠪᠰᠢᠶᠡᠷᠡᠯ ᠶ᠋ᠢᠡᠷ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠠᠯᠪᠠᠨ ᠲᠢᠩᠬᠢᠮ ᠤᠢᠷ᠎ᠠ ᠳ᠋ᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭᠠᠨ ᠤ᠋ ᠲᠦᠰᠦᠯ (2025 — 2027)》 ᠢ᠋ ᠳᠠᠷᠤᠮᠠᠯᠯᠠᠨ ᠲᠠᠷᠬᠠᠭᠠᠵᠤ᠂ 3 ᠵᠢᠯ ᠤ᠋ᠨ ᠬᠤᠭᠤᠴᠠᠭ᠎ᠠ ᠪᠦᠬᠦᠢ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢ ᠡᠬᠢᠯᠡᠭᠦᠯᠪᠡ᠃ ᠡᠭᠦᠨ ᠳ᠋ᠤ ᠠᠮᠲᠠ ᠤᠷᠤᠭᠤᠯᠬᠤ ᠪᠦᠲᠦᠭᠡᠭᠳᠡᠭᠦᠨ ᠪᠤᠯᠪᠠᠰᠤᠷᠠᠭᠤᠯᠬᠤ ᠦᠢᠯᠡᠰ ᠢ᠋ ᠭᠤᠤᠯᠳᠠᠯᠭ᠎ᠠ ᠲᠠᠢ ᠬᠦᠭᠵᠢᠬᠦᠯᠬᠦ 10 ᠲᠦᠷᠦᠯ ᠵᠤᠢᠯ ᠤ᠋ᠨ ᠨᠢᠬᠡ ᠪᠤᠯᠭᠠᠵᠤ᠂ ᠤᠷᠤᠨ ᠪᠦᠰᠡ ᠵᠢᠨ ᠪᠠᠢᠷᠢᠰᠢᠭᠤᠯᠤᠯᠳᠠ ᠪᠠ ᠭᠤᠤᠯ ᠰᠢᠪᠳᠤᠯᠤᠯᠳᠠ ᠵᠢᠨ ᠴᠢᠭᠯᠡᠯ ᠢ᠋ ᠲᠤᠳᠤᠷᠬᠠᠢᠯᠠᠨ᠂ ᠬᠦᠭᠵᠢᠯᠳᠡ ᠵᠢᠨ ᠵᠠᠮ ᠱᠤᠭᠤᠮ ᠤ᠋ᠨ ᠵᠢᠷᠤᠭ ᠢ᠋ ᠲᠤᠳᠤᠷᠬᠠᠢ ᠲᠤᠭᠳᠠᠭᠠᠪᠠ᠃

ᠤᠷᠤᠨ ᠪᠦᠰᠡ ᠶ᠋ᠢᠨ ᠪᠠᠢᠷᠢᠰᠢᠭᠤᠯᠤᠯᠲᠠ᠄ ᠬᠥᠬᠡᠬᠣᠲᠠ᠂ ᠪᠠᠶᠠᠨᠨᠠᠭᠤᠷ ᠬᠣᠲᠠ᠂ ᠪᠤᠭᠤᠲᠤ ᠬᠣᠲᠠ᠂ ᠬᠢᠩᠭᠠᠨ ᠠᠢᠮᠠᠭ ᠵᠡᠷᠭᠡ ᠠᠢᠮᠠᠭ ᠬᠣᠲᠠ ᠪᠠᠷ ᠭᠤᠤᠯᠳᠠᠯᠭ᠎ᠠ ᠪᠤᠯᠭᠠᠨ᠎ᠠ᠃

ᠭᠤᠤᠯ ᠰᠢᠪᠲᠤᠯᠤᠯᠲᠠ ᠶ᠋ᠢᠨ ᠴᠢᠭᠯᠡᠯ᠄ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠰᠠᠭᠤᠷᠢ ᠪᠡᠨ ᠦᠨᠳᠦᠰᠦᠯᠡᠨ᠂ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠠᠯ᠎ᠠ ᠪᠡᠷ ᠬᠦᠷᠦᠯᠴᠡᠬᠦ᠌ ᠥᠬᠡᠶ᠂ ᠲᠥᠷᠥᠯ ᠲᠡᠮᠲᠡᠭ ᠤ᠋ᠨ ᠨᠡᠷ᠎ᠡ ᠨᠦᠯᠦᠭᠡ ᠬᠠᠷᠢᠴᠠᠩᠭᠤᠢ ᠪᠠᠭᠤᠷᠠᠢ ᠪᠠᠢᠬᠤ ᠠᠰᠠᠭᠤᠳᠠᠯ ᠳ᠋ᠦ ᠴᠢᠭ᠌ᠯᠡᠭᠦᠯᠵᠤ᠂ ᠡᠳ᠋ᠱᠢᠭᠦᠯᠦᠨ ᠪᠤᠯᠪᠠᠰᠤᠷᠠᠭᠤᠯᠬᠤ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠭᠠᠨ ᠨᠡᠭᠡᠭᠡᠯᠳᠡ ᠬᠢᠬᠦ ᠪᠠ ᠦᠷ᠎ᠡ ᠪᠦᠲᠦᠭᠡᠯ ᠶ᠋ᠢᠡᠨ ᠤᠨᠳᠤᠤᠰᠢᠭᠤᠯᠬᠤ ᠶ᠋ᠢ ᠳᠡᠮᠵᠢᠵᠦ᠍᠂ ᠢᠯᠭᠠᠷᠠᠭᠤᠯᠵᠤ ᠠᠪᠬᠤ᠂ ᠢᠰᠭᠡᠭᠦᠷ ᠶ᠋ᠢᠡᠷ ᠵᠠᠳᠠᠷᠠᠭᠤᠯᠬᠤ᠂ ᠢᠰᠭᠡᠬᠦ᠌ ᠵᠡᠷᠭᠡ ᠮᠡᠷᠭᠡᠵᠢᠯ ᠶ᠋ᠢᠡᠷ ᠳᠠᠮᠵᠢᠨ ᠰᠢᠮ᠎ᠡ ᠲᠡᠵᠢᠭᠡᠯ ᠨᠦᠬᠦᠪᠤᠷᠢᠯᠡᠬᠦ ᠴᠢᠨᠠᠷᠳᠠᠢ ᠱᠦᠯᠦᠨ ᠤ᠋ ᠡᠳ᠋ ᠵᠡᠷᠭᠡ ᠱᠢᠨ᠎ᠡ ᠪᠦᠲᠦᠭᠡᠭᠳᠡᠭᠦᠨ ᠢ᠋ ᠨᠡᠭᠡᠭᠡᠨ ᠬᠥᠭ᠌ᠵᠢᠭᠦᠯᠵᠦ᠍᠂ ᠬᠠᠯᠠᠭᠤᠨ ᠲᠣᠭᠣᠭ᠎ᠠ ᠵᠢᠨ ᠱᠦᠯᠦᠨ ᠤ᠋ ᠡᠳ᠋᠂ ᠮᠠᠭᠠᠵᠢ ᠶ᠋ᠢᠨ ᠵᠢᠶᠠᠩ᠂ ᠲᠥᠪᠡᠳ ᠬᠠᠰᠢ ᠶ᠋ᠢᠨ ᠵᠢᠶᠠᠩ᠂ ᠯᠠᠵᠤᠤ ᠶ᠋ᠢᠨ ᠵᠢᠶᠠᠩ᠂ ᠵᠢᠶᠠᠩᠶᠢᠦ᠂ ᠢᠳᠡᠭᠡᠨ ᠤ᠋ ᠼᠤᠤ᠂ ᠮᠠᠭᠠᠯᠢᠩᠭᠤ ᠶ᠋ᠢᠨ ᠲᠣᠰᠣ ᠵᠡᠷᠭᠡ ᠪᠦᠲᠦᠭᠡᠭᠳᠡᠭᠦᠨ᠎ᠢ ᠭᠤᠤᠯᠳᠠᠯᠭ᠎ᠠ᠎ᠲᠠᠶ ᠬᠥᠭ᠌ᠵᠢᠭᠦᠯᠵᠦ᠍᠂ ᠱᠢᠨ᠎ᠡ ᠵᠠᠭᠤᠴᠢᠯᠠᠭᠤᠷ ᠢ᠋ ᠠᠱᠢᠭ᠍ᠯᠠᠨ ᠠᠵᠤ ᠠᠬᠤᠢᠯᠠᠯ ᠤ᠋ᠨ ᠲᠦᠷᠦᠯ ᠲᠡᠮᠲᠡᠭ ᠤ᠋ᠨ IP ᠵᠢ ᠴᠤᠭᠴᠠᠯᠠᠨ᠎ᠠ᠃

ᠤᠨᠴᠠᠯᠢᠭᠲᠤ ᠪᠦᠲᠦᠭᠡᠭᠳᠡᠭᠦᠨ᠄

ᠲᠥᠪᠡᠳ ᠬᠠᠰᠢ ᠶ᠋ᠢᠨ ᠵᠢᠶᠠᠩ ᠨᠢ ᠢᠳᠡᠭᠡᠨ ᠤ᠋ ᠳᠤᠷᠠᠰᠢᠯ ᠢ᠋ ᠰᠠᠢᠵᠢᠷᠠᠭᠤᠯᠬᠤ᠂ ᠵᠢᠷᠦᠭᠡ ᠴᠢᠰᠦᠨ ᠰᠤᠳᠠᠯ ᠢ᠋ ᠬᠠᠮᠠᠭᠠᠯᠠᠬᠤ ᠪᠠ ᠵᠢᠰᠦ ᠭᠤᠶᠤᠯᠠᠬᠤ ᠦᠢᠯᠡᠳᠦᠯ ᠲᠠᠢ᠃ ᠪᠠᠶᠠᠨᠨᠠᠭᠤᠷ ᠬᠤᠳᠠ ᠵᠢᠯ ᠤ᠋ᠨ 15.5 ᠲᠦᠮᠡᠨ ᠳᠤᠨ ᠲᠦᠪᠡᠳ ᠬᠠᠰᠢ ᠶ᠋ᠢᠨ ᠵᠢᠶᠠᠩ ᠦᠢᠯᠡᠳᠪᠤᠷᠢᠯᠡᠵᠦ᠂ ᠲᠥᠪᠡᠳ ᠬᠠᠰᠢ ᠶ᠋ᠢᠨ ᠵᠢᠶᠠᠩ ᠳ᠋ᠡᠬᠢ ᠲᠦᠪᠡᠳ ᠬᠠᠰᠢ ᠶ᠋ᠢᠨ ᠤᠯᠠᠭᠠᠨ ᠡᠳ᠋ ᠤ᠋ᠨ ᠠᠭᠤᠯᠤᠭᠳᠠᠴᠠ ᠨᠢ ᠪᠤᠰᠤᠳ ᠤᠷᠤᠨ ᠤ᠋ ᠬᠢ ᠡᠴᠡ 3 — 5 ᠳᠠᠬᠢᠨ ᠢᠯᠡᠭᠦᠦ ᠪᠠᠢᠳᠠᠭ ᠶ᠋ᠢᠡᠷ ᠬᠡᠷᠡᠭᠯᠡᠭᠴᠢᠳ ᠤ᠋ᠨ ᠬᠦᠷᠢᠶᠡᠯᠡᠯ ᠢ᠋ ᠶᠡᠬᠡᠳᠠ ᠤᠯᠵᠤ᠂ ᠪᠦᠬᠦ ᠤᠯᠤᠰ ᠤ᠋ᠨ ᠡᠯ᠎ᠠ ᠭᠠᠵᠠᠷ ᠵᠢᠴᠢ ᠳᠡᠯᠡᠬᠡᠢ ᠶ᠋ᠢᠨ 39 ᠤᠯᠤᠰ ᠪᠠ ᠭᠠᠵᠠᠷ ᠤᠷᠤᠨ ᠳ᠋ᠤ ᠪᠤᠷᠤᠯᠠᠭᠤᠯᠤᠭᠳᠠᠵᠤ ᠪᠠᠢᠨ᠎ᠠ᠃ ᠮᠠᠨ ᠤ᠋ ᠤᠯᠤᠰ 10 ᠯᠠᠵᠠ ᠲᠦᠪᠡᠳ ᠬᠠᠰᠢ ᠶ᠋ᠢᠨ ᠵᠢᠶᠠᠩ ᠢ᠋ ᠭᠠᠳᠠᠭᠠᠳᠤ ᠳ᠋ᠤ ᠭᠠᠷᠭᠠᠬᠤ ᠪᠦᠷᠢ 6 ᠯᠠᠵᠠ ᠨᠢ ᠪᠠᠶᠠᠨᠨᠠᠭᠤᠷ ᠬᠤᠳᠠ ᠡᠴᠡ ᠢᠷᠡᠯᠳᠡ ᠲᠠᠢ ᠶᠤᠮ᠃

ᠬᠠᠯᠠᠭᠤᠨ ᠲᠤᠭᠤᠭ᠎ᠠ ᠪᠤᠯ ᠤᠯᠠᠩᠬᠢ ᠬᠦᠮᠦᠰ ᠤ᠋ᠨ ᠢᠳᠡᠬᠦ ᠳᠤᠷᠠᠳᠠᠢ ᠠᠮᠳᠠᠳᠤ ᠢᠳᠡᠭᠡᠨ ᠪᠠᠢᠵᠤ᠂ ᠪᠦᠬᠦ ᠤᠯᠤᠰ ᠲᠤ᠌ 52 ᠲᠦᠮᠡ ᠭᠠᠷᠤᠢ ᠬᠠᠯᠠᠭᠤᠨ ᠲᠤᠭᠤᠭ᠎ᠠ ᠶ᠋ᠢᠨ ᠬᠤᠭᠤᠯᠠᠨ ᠭᠡᠷ ᠪᠤᠢ᠃ ᠬᠦᠬᠡᠬᠤᠳᠠ ᠪᠤᠯ ᠦᠪᠦᠷ ᠮᠤᠩᠭᠤᠯ ᠤ᠋ᠨ ᠬᠠᠯᠠᠭᠤᠨ ᠲᠤᠭᠤᠭ᠎ᠠ ᠶ᠋ᠢᠨ ᠰᠤᠶᠤᠯ ᠤ᠋ᠨ ᠭᠤᠤᠯᠯᠠᠬᠤ ᠬᠤᠳᠠ ᠪᠠᠢᠵᠤ᠂ ᠢ ᠱᠦᠨ᠂ ᠲᠠᠯ᠎ᠠ ᠨᠤᠳᠤᠭ ᠤ᠋ᠨ ᠤᠯᠠᠭᠠᠨ ᠨᠠᠷᠠ ᠵᠡᠷᠭᠡ ᠬᠠᠯᠠᠭᠤᠨ ᠲᠣᠭᠣᠭ᠎ᠠ ᠵᠢᠨ ᠱᠦᠯᠦᠨ ᠤ᠋ ᠡᠳ᠋ ᠦᠢᠯᠡᠳᠪᠤᠷᠢᠯᠡᠬᠦ ᠨᠡᠷᠡᠳᠦ ᠠᠵᠤ ᠠᠬᠤᠢᠯᠠᠯ ᠪᠤᠢ᠃ ᠡᠭᠦᠨ ᠳ᠋ᠤ 《ᠲᠠᠯ᠎ᠠ ᠨᠤᠳᠤᠭ ᠤ᠋ᠨ ᠤᠯᠠᠭᠠᠨ ᠨᠠᠷᠠ》 ᠨᠢ ᠦᠪᠦᠷ ᠮᠤᠩᠭᠤᠯ ᠤ᠋ᠨ ᠤᠨᠴᠠᠯᠢᠭᠳᠤ ᠬᠠᠯᠠᠭᠤᠨ ᠲᠣᠭᠣᠭ᠎ᠠ ᠵᠢᠨ ᠱᠦᠯᠦᠨ ᠤ᠋ ᠡᠳ᠋ ᠶ᠋ᠢᠡᠷ ᠠᠯᠳᠠᠷᠰᠢᠨ᠂ ᠵᠠᠬ᠎ᠠ ᠳᠡᠯᠭᠡᠭᠦᠷ ᠤ᠋ᠨ ᠡᠵᠡᠯᠡᠮᠵᠢ ᠪᠡᠷ ᠪᠦᠬᠦ ᠤᠯᠤᠰ ᠤ᠋ᠨ ᠭᠤᠷᠪᠠᠳᠤᠭᠠᠷ ᠲᠤ᠌ ᠵᠢᠭᠰᠠᠵᠤ᠂ ᠭᠤᠱᠤᠭᠤᠨ ᠠᠮᠳᠠᠳᠤ ᠬᠠᠯᠠᠭᠤᠨ ᠲᠤᠭᠤᠭ᠎ᠠ ᠵᠢᠨ ᠱᠦᠯᠦᠨ ᠤ᠋ ᠡᠳ᠋ ᠤ᠋ᠨ ᠪᠤᠷᠤᠯᠠᠭᠤᠯᠭ᠎ᠠ ᠨᠢ ᠵᠢᠩ ᠳ᠋ᠦᠩ ᠡᠯᠧᠺᠲ᠋ᠷᠤᠨ ᠬᠤᠳᠠᠯᠳᠤᠭᠠᠨ ᠤ᠋ ᠳᠠᠪᠴᠠᠩ ᠳ᠋ᠤ ᠮᠠᠩᠯᠠᠢᠯᠠᠨ᠂ ᠠᠮᠧᠷᠢᠺᠠ ᠪᠠ ᠤᠷᠤᠰ ᠵᠡᠷᠭᠡ ᠭᠠᠳᠠᠭᠠᠳᠦ ᠤᠯᠤᠰ ᠲᠤ᠌ ᠴᠤ᠌ ᠪᠤᠷᠤᠯᠠᠭᠤᠯᠤᠭᠳᠠᠵᠤ ᠪᠠᠢᠨ᠎ᠠ᠃

ᠵᠢᠶᠠᠩᠶᠢᠤ ᠪᠤᠯ ᠪᠠᠢᠩᠭᠤ ᠬᠡᠷᠡᠭᠯᠡᠭᠳᠡᠬᠦ ᠠᠮᠳᠠ ᠤᠷᠤᠭᠤᠯᠬᠤ ᠪᠦᠳᠦᠬᠡᠭᠳᠡᠬᠦᠨ ᠪᠤᠯᠤᠨ᠎ᠠ᠃ ᠮᠠᠨ ᠤ᠋ ᠤᠷᠤᠨ ᠤ᠋ ᠵᠢᠶᠠᠩᠶᠢᠤ ᠶ᠋ᠢᠨ ᠠᠵᠤ ᠦᠢᠯᠡᠰ ᠨᠢ ᠤᠯᠠᠮᠵᠢᠯᠠᠯᠳᠤ ᠤᠷ᠎ᠠ ᠮᠡᠷᠭᠡᠰᠢᠯ ᠬᠢᠭᠡᠳ ᠰᠢᠨ᠎ᠠ ᠶ᠋ᠢ ᠡᠭᠦᠳᠦᠭᠰᠡᠨ ᠮᠡᠷᠭᠡᠵᠢᠯ ᠢ᠋ ᠤᠶᠠᠯᠳᠤᠭᠤᠯᠬᠤ ᠴᠢᠭᠯᠡᠯ ᠶ᠋ᠢᠡᠷ ᠬᠦᠭᠵᠢᠵᠦ᠂ ᠬᠦᠬᠡᠬᠤᠳᠠ ᠶ᠋ᠢᠨ ᠱᠧᠩ ᠭᠦ᠂ ᠬᠢᠩᠭᠠᠨ ᠠᠢᠮᠠᠭ ᠤ᠋ᠨ ᠸᠠᠨ ᠵᠢᠶᠠ᠂ ᠲᠦᠩᠯᠢᠶᠤᠤ ᠬᠤᠳᠠ ᠶ᠋ᠢᠨ ᠺᠠᠩ ᠳ᠋ᠠ ᠱᠢ ᠵᠡᠷᠭᠡ ᠨᠡᠷᠡᠳᠦ ᠠᠵᠤ ᠠᠬᠤᠢᠯᠠᠯ ᠪᠤᠢ᠃ ᠡᠭᠦᠨ ᠳ᠋ᠤ ᠬᠢᠩᠭᠠᠨ ᠠᠢᠮᠠᠭ ᠤ᠋ᠨ ᠬᠤᠷᠴᠢᠨ ᠤ᠋ ᠸᠠᠨ ᠵᠢᠶᠠ ᠢᠳᠡᠭᠡᠨ ᠤ᠋ ᠵᠦᠢᠯᠡᠰ ᠤ᠋ᠨ ᠬᠢᠵᠠᠭᠠᠷᠳᠦ ᠺᠤᠮᠫᠠᠨᠢ ᠶ᠋ᠢᠨ ᠤᠷᠤᠨ ᠨᠤᠳᠤᠭ ᠤ᠋ᠨ ᠤᠷᠭᠠᠨᠢᠭ ᠰᠢᠷ᠎ᠠ ᠪᠤᠷᠴᠠᠭ᠂ ᠪᠤᠭᠤᠳᠠᠢ ᠵᠢᠴᠢ ᠭᠠᠯᠳᠦ ᠠᠭᠤᠯᠠᠨ ᠤ᠋ ᠷᠠᠰᠢᠶᠠᠨ ᠤᠰᠤ ᠶ᠋ᠢᠨ ᠡᠬᠢ ᠪᠠᠶᠠᠯᠢᠭ ᠲᠠᠭᠠᠨ ᠰᠠᠭᠤᠷᠢᠯᠠᠨ᠂ ᠶᠠᠫᠤᠨ ᠤ᠋ ᠢᠰᠭᠡᠬᠦ ᠤᠷ᠎ᠠ ᠮᠡᠷᠭᠡᠰᠢᠯ ᠢ᠋ ᠠᠰᠢᠭᠯᠠᠨ ᠦᠢᠯᠡᠳᠪᠤᠷᠢᠯᠡᠭᠰᠡᠨ ᠷᠡᠰᠢᠶᠠᠨ ᠤᠰᠤᠨ ᠤ᠋ ᠵᠢᠶᠠᠩᠶᠢᠤ ᠨᠢ ᠤᠯᠤᠰ ᠤ᠋ᠨ ᠲᠤᠳᠤᠭᠠᠳᠤ ᠶ᠋ᠢᠨ ᠤᠯᠠᠨ ᠬᠠᠮ ᠳᠡᠯᠭᠡᠭᠦᠷ ᠲᠤ᠌ ᠪᠤᠷᠤᠯᠠᠭᠤᠯᠤᠭᠳᠠᠵᠤ ᠪᠠᠢᠬᠤ ᠪᠦᠭᠡᠳ ᠳᠡᠯᠡᠭᠡᠢ ᠶ᠋ᠢᠨ 52 ᠤᠯᠤᠰ ᠲᠤ᠌ ᠪᠤᠷᠤᠯᠠᠭᠤᠯᠤᠭᠳᠠᠵᠤ᠂ ᠧᠦ᠋ᠷᠦᠫᠠ ᠠᠮᠧᠷᠢᠺᠠ ᠶ᠋ᠢᠨ 65% ᠶ᠋ᠢᠨ ᠵᠠᠬ᠎ᠠ ᠳᠡᠯᠭᠡᠭᠦᠷ ᠢ᠋ ᠡᠵᠡᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号