— ᠲᠢᠶᠠᠨᠵᠢᠨ ᠹᠦᠵᠢᠶᠠᠨ ᠬᠤᠪᠸᠢ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ ᠪᠤᠢ
ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠲᠢᠶᠠᠨᠵᠢᠨ᠂ ᠹᠦᠵᠢᠶᠠᠨ᠂ ᠬᠤᠪᠸᠢ ᠵᠡᠷᠭᠡ ᠭᠠᠵᠠᠷ᠎ᠤᠨ ᠬᠢᠨ ᠪᠣᠳᠠᠲᠠᠢ᠎ᠲᠠᠶ ᠨᠢᠭ᠍ᠲᠠ ᠤᠶᠠᠯᠳᠤᠭᠤᠯᠵᠤ᠂ ᠭᠦᠨᠵᠡᠭᠡᠢ ᠰᠤᠷᠤᠯᠴᠠᠬᠤ᠂ ᠨᠠᠷᠢᠨ ᠪᠠᠢᠴᠠᠭᠠᠬᠤ᠂ ᠦᠨᠡᠨ ᠬᠦ᠌ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠪᠠ᠃ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠬᠦ᠌᠂ ᠪᠣᠳᠠᠲᠠᠢᠵᠢᠭᠤᠯᠬᠤ᠎ᠶ᠋ᠢ ᠠᠬᠢᠭᠤᠯᠬᠤ᠎ᠪᠠᠷ ᠲᠠᠮᠵᠢᠨ᠂ ᠱᠢᠯᠢᠳᠡᠭ ᠰᠤᠷᠲᠠᠯ᠎ᠢᠶᠠᠷ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠠᠵᠢᠯ ᠬᠢᠵᠦ᠍ ᠦᠢᠯᠡᠰ ᠪᠤᠰᠭᠠᠪᠠ᠃
ᠭᠦᠨᠵᠡᠭᠡᠢ ᠰᠤᠷᠤᠯᠴᠠᠨ ᠨᠠᠷᠢᠨ ᠤᠢᠯᠠᠭᠠᠵᠤ ᠰᠠᠭᠤᠷᠢ ᠵᠢ ᠪᠡᠬᠢᠵᠢᠬᠦᠯᠪᠠ
ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠡᠴᠡ ᠨᠠᠭᠠᠰᠢ᠂ ᠲᠢᠶᠠᠨᠵᠢᠨ᠂ ᠹᠦᠵᠢᠶᠠᠨ᠂ ᠬᠤᠪᠸᠢ ᠵᠡᠷᠭᠡ ᠭᠠᠵᠠᠷ᠎ᠤᠨ ᠬᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠢᠯᠡᠳᠦᠯᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠠᠳᠤ ᠬᠤᠪᠢᠶᠠᠨ ᠲᠦᠷᠦᠯ ᠬᠤᠪᠢᠶᠠᠵᠤ ᠦᠵᠡᠯ ᠰᠠᠨᠠᠭᠠᠨ᠎ᠤ ᠬᠠᠱᠢᠯᠭ᠎ᠠ᠎ᠶ᠋ᠢ ᠪᠠᠲᠤ ᠴᠣᠭ᠍ᠴᠠᠯᠠᠪᠠ᠃
ᠲᠢᠶᠠᠨᠵᠢᠨ ᠬᠣᠲᠠ᠎ᠶ᠋ᠢᠨ ᠬᠢᠨ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠲᠦᠷᠦᠭᠦᠯᠡᠨ ᠲᠤᠰᠭᠠᠶ ᠰᠡᠳᠦᠪᠲᠦ ᠰᠤᠷᠤᠯᠴᠠᠯᠭ᠎ᠠ ᠬᠢᠭᠰᠡᠨ ᠪᠠ ᠰᠤᠳᠤᠯᠤᠨ ᠶᠠᠷᠢᠯᠴᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ᠎ᠤᠨ ᠨᠣᠮ ᠤᠩᠱᠢᠬᠤ ᠠᠩᠭᠢ᠂ ᠲᠤᠰᠭᠠᠶ ᠰᠡᠳᠦᠪᠲᠦ ᠲᠠᠢᠯᠤᠮᠵᠢ ᠬᠢᠬᠦ ᠪᠠ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ ᠭᠦᠨᠵᠡᠭᠡᠶ ᠰᠤᠷᠤᠯᠴᠠᠨ ᠨᠠᠷᠢᠨ ᠣᠢᠯᠠᠭᠠᠬᠤ᠎ᠶ᠋ᠢ ᠳᠠᠢᠴᠢᠯᠠᠪᠠ᠃ ᠲᠢᠶᠠᠨᠵᠢᠨ ᠬᠤᠳᠠ ᠪᠠᠰᠠ ᠰᠤᠷᠤᠭ᠍ᠴᠢᠳ᠎ᠢ ᠵᠣᠬᠢᠶᠠᠨ ᠪᠠᠢᠭᠤᠯᠤᠨ ᠨᠠᠮᠴᠢ ᠴᠢᠨᠠᠷ᠎ᠤᠨ ᠲᠤᠬᠠᠢ ᠵᠠᠳᠠᠯᠤᠯᠲᠠ ᠥᠷᠨᠢᠭᠦᠯᠦᠭ᠌ᠰᠡᠨ ᠪᠥᠭᠡᠳ ᠬᠤᠪᠢᠰᠭᠠᠯ᠎ᠤᠨ ᠬᠥᠮᠦᠵᠢᠯ᠎ᠦᠨ ᠰᠠᠭᠤᠷᠢᠨ ᠳ᠋ᠤ᠌ ᠬᠦᠷᠴᠦ᠍ ᠬᠦᠰᠡᠯᠡᠩ ᠢᠲᠡᠭᠡᠯ ᠪᠢᠱᠢᠷᠡᠯ ᠪᠣᠯᠤᠨ ᠨᠠᠮᠴᠢ ᠴᠢᠨᠠᠷ ᠨᠠᠮ᠎ᠤᠨ ᠰᠤᠷᠲᠠᠯ᠎ᠤᠨ ᠬᠥᠮᠦᠵᠢᠯ ᠬᠢᠵᠡᠢ᠃
ᠪᠦᠦ ᠳ᠋ᠢ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠵᠦᠪᠯᠡᠯ᠎ᠤᠨ ᠠᠯᠪᠠᠨ ᠭᠡᠷ᠎ᠦᠨ ᠶᠡᠷᠦᠩᠬᠡᠢᠯᠡᠭ᠌ᠰᠡᠨ ᠰᠠᠯᠠᠭᠠᠨ᠎ᠤ ᠳᠠᠷᠤᠭ᠎ᠠ ᠬ᠍ᠣ ᠰᠧ ᠸᠸᠨ ᠠᠷᠢᠭᠤᠨ ᠴᠢᠬᠡᠴᠢ ᠵᠢᠨ ᠰᠣᠶᠣᠯ᠎ᠤᠨ ᠦᠵᠡᠭᠦᠯᠭᠡ᠎ᠶ᠋ᠢ ᠲᠣᠭᠣᠷᠢᠨ ᠦᠵᠡᠭ᠌ᠰᠡᠨ᠎ᠦ ᠳᠠᠷᠠᠭ᠎ᠠ᠄《ᠰᠡᠳᠭᠢᠯ᠎ᠢᠶᠡᠨ ᠲᠥᠪ ᠪᠣᠯᠭᠠᠨ ᠪᠡᠶ᠎ᠡ᠎ᠪᠡᠨ ᠵᠠᠰᠠᠵᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ ᠬᠡᠷᠡᠭ᠌ᠲᠡᠢ᠃ ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠠ ᠤᠷᠢᠳᠤᠬᠢ ᠮᠡᠷᠭᠡᠳ᠎ᠢᠶᠡᠷ ᠲᠤᠯᠢ ᠪᠣᠯᠭᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ ᠵᠢᠨ ᠱᠠᠭᠠᠷᠳᠠᠯᠭ᠎ᠠ᠎ᠶ᠋ᠢ ᠰᠡᠳᠭᠢᠯ᠎ᠳᠡᠭᠡᠨ ᠱᠢᠩᠭᠡᠭᠡᠵᠦ᠍᠂ ᠠᠵᠢᠯᠯᠠᠭ᠎ᠠ ᠲᠡᠬᠡᠷ᠎ᠡ ᠪᠠᠨ ᠢᠯᠡᠷᠡᠭᠦᠯᠵᠦ᠍᠂ ᠠᠷᠠᠳ ᠲᠦᠮᠡᠨ᠎ᠳᠦ ᠦᠢᠯᠡᠴᠢᠯᠡᠬᠦ᠌ ᠳᠤᠮᠳᠠ ᠤᠬ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠤᠨ᠎ᠠ》 ᠭᠡᠵᠤ ᠬᠦᠨ ᠲᠦᠷᠦᠭᠳᠡᠯ ᠲᠠᠢ ᠶᠠᠷᠢᠵᠤ ᠪᠠᠢᠯ᠎ᠠ᠃
ᠹᠦᠵᠢᠶᠠᠨ ᠮᠤᠵᠢ᠎ᠶ᠋ᠢᠨ ᠹᠦᠵᠧᠦ ᠬᠤᠲᠠ《〈ᠳᠠᠷᠤᠢᠬᠠᠨ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ〉 ᠹᠦᠵᠧᠦ᠍ᠶ᠋ᠢᠨ ᠦᠢᠯᠡᠳᠦᠯᠭᠡ ᠪᠣᠯᠤᠨ ᠪᠣᠳᠠᠲᠤ ᠠᠬᠤᠢ᠎ᠶ᠋ᠢᠨ ᠰᠡᠩᠬᠡᠷᠡᠭᠦᠯᠦᠯ》 ᠵᠡᠷᠭᠡ ᠬᠢᠴᠢᠶᠡᠯ᠎ᠢ ᠪᠠᠢᠩᠭᠤ ᠨᠡᠭᠡᠭᠡᠵᠦ᠍᠂ ᠪᠠᠰᠠ ᠬᠤᠲᠠ᠎ᠶ᠋ᠢᠨ ᠳᠡᠰ᠎ᠤᠨ 15 ᠲᠤᠬᠠᠢ᠎ᠶ᠋ᠢᠨ ᠲᠠᠯᠠᠪᠠᠢ᠎ᠶ᠋ᠢᠨ ᠵᠢᠭᠠᠨ ᠰᠤᠷᠭᠠᠯᠲᠠ᠎ᠶ᠋ᠢᠨ ᠵᠢᠱ᠌ᠢᠢ᠎ᠡ ᠦᠵᠡᠭᠦᠯᠬᠦ᠌ ᠴᠡᠭ᠎ᠢ ᠪᠠᠢᠭᠤᠯᠪᠠ᠂ ᠡᠭᠦᠨ᠎ᠳᠦ 《ᠳᠠᠷᠤᠢᠬᠠᠨ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ》 ᠵᠣᠷᠢᠭ ᠰᠠᠨᠠᠭᠠᠨ᠎ᠤ ᠦᠵᠡᠭᠦᠯᠭᠡ᠎ᠶ᠋ᠢᠨ ᠣᠷᠳᠣᠨ ᠤ᠋ ᠬᠦᠯᠢᠶᠠᠨ ᠠᠪᠤᠬᠰᠡᠨ ᠲᠤᠭᠤᠷᠢᠨ ᠦᠵᠡᠭᠰᠡᠨ ᠬᠦᠮᠦᠨ ᠤ᠋ ᠲᠤᠭ᠎ᠠ ᠨᠢᠭᠡᠨᠲᠡ 409 ᠲᠠᠯᠠᠪᠠᠢ᠂ 18500 ᠭᠠᠷᠤᠢ ᠬᠥᠮᠦᠨ ᠤᠳᠠᠭ᠎ᠠ ᠳ᠋ᠤ ᠬᠦᠷᠴᠠᠢ᠃ ᠪᠦᠬᠦ᠌ ᠬᠣᠲᠠ᠎ᠶ᠋ᠢᠨ ᠵᠠᠯᠠᠭᠤ ᠺᠠᠳ᠋ᠷ᠂ ᠱᠢᠨ᠎ᠡ᠎ᠪᠡᠷ ᠳᠡᠪᠱᠢᠭᠦᠯᠦᠭ᠌ᠰᠡᠨ ᠺᠠᠳ᠋ᠷ᠎ᠲᠤ ᠬᠠᠨᠳᠤᠭᠤᠯᠤᠨ 112 ᠤᠳᠠᠭ᠎ᠠ ᠵᠢᠨ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ ᠡᠷᠬᠢᠯᠡᠵᠦ᠍᠂ 2927 ᠬᠥᠮᠦᠨ ᠤᠳᠠᠭ᠎ᠠ ᠳ᠋ᠤ ᠪᠣᠯᠪᠠᠰᠤᠷᠠᠯ ᠬᠦᠷᠳᠡᠭᠡᠪᠡ᠃
ᠬᠤᠸᠠᠩ ᠱ᠌ᠢ ᠬᠤᠳᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠳᠠᠯ ᠡᠭᠦᠷᠭᠡ᠎ᠲᠡᠶ ᠨᠢᠭ᠍ᠲᠠ ᠤᠶᠠᠯᠳᠤᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠪᠣᠳᠠᠲᠠᠢ ᠦᠢᠯᠡᠳᠦᠯᠭᠡ᠎ᠶ᠋ᠢ ᠠᠳᠭᠤᠵᠤ᠂ ᠬᠤᠳᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠴᠢᠬᠤᠯᠠ ᠠᠵᠢᠯ᠎ᠤᠨ ᠪᠠᠢᠷᠢᠳ᠋ᠡᠬᠢ ᠺᠠᠳ᠋ᠷ᠎ᠤᠨ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠲᠤᠰᠭᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠵᠡᠷᠭᠡ᠎ᠶ᠋ᠢ ᠡᠷᠬᠢᠯᠡᠪᠡ᠃
ᠰᠤᠷᠲᠠᠯ᠎ᠢ ᠰᠠᠢᠵᠢᠷᠠᠭᠤᠯᠤᠨ ᠦᠷ᠎ᠡ ᠪᠦᠲᠦᠮᠵᠢ ᠭᠠᠷᠭᠠᠪᠠ
《ᠦᠩᠬᠡᠷᠡᠭᠰᠡᠨ᠎ᠤ ᠠᠷᠠᠯᠵᠢᠶ᠎ᠠ ᠪᠦᠲᠦᠭ᠌ᠰᠡᠨ ᠲᠤᠭ᠎ᠠ ᠪᠠᠷᠢᠮᠳᠠ᠎ᠲᠠᠶ ᠬᠠᠷᠢᠴᠠᠭᠤᠯᠵᠤ᠂ ᠬᠤᠳᠠᠯᠳᠤᠨ ᠠᠪᠬᠤ ᠱᠢᠶ᠋ᠳᠪᠦᠷᠢᠲᠦ ᠪᠣᠳᠣᠯᠭ᠎ᠠ᠎ᠶ᠋ᠢ ᠨᠠᠩ ᠨᠠᠷᠢᠯᠢᠭ ᠣᠨᠣᠪᠴᠢᠲᠠᠶ ᠪᠣᠯᠭᠠᠵᠤ᠂ ᠥᠪᠡᠷ᠎ᠦᠨ ᠥᠷᠲᠡᠭ᠎ᠢ ᠠᠷᠪᠢᠯᠠᠨ᠎ᠠ》᠃ ᠲᠢᠶᠠᠨᠵᠢᠨ᠎ᠤ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠴᠧᠨ ᠯᠢᠶᠠᠨ ᠱᠧᠩ᠂ ᠲᠢᠶᠠᠨᠵᠢᠨ᠎ᠤ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠤᠷᠠᠯ ᠪᠤᠶᠤ ᠨᠠᠮ᠎ᠤᠨ ᠬᠣᠷᠢᠶ᠎ᠠ᠎ᠶᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠪᠠᠷ ᠳᠠᠮᠵᠢᠨ᠂ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠠᠷᠪᠢᠯᠠᠨ ᠭᠠᠮᠨᠠᠬᠤ ᠬᠡᠯᠪᠡᠷᠢ᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠪᠠ ᠭᠡᠵᠡᠢ᠃
《ᠭᠦᠨᠵᠡᠭᠡᠢ》 ᠰᠤᠷᠤᠯᠴᠠᠬᠤ᠂ 《ᠣᠨᠣᠪᠴᠢᠲᠠᠢ》 ᠪᠠᠢᠴᠠᠭᠠᠬᠤ᠂ 《ᠪᠣᠳᠠᠲᠠᠢ》 ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠡᠯ᠎ᠡ ᠭᠠᠵᠠᠷ᠎ᠤᠨ ᠬᠢᠨ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠦᠨᠡᠨ ᠬᠦ᠌ ᠨᠠᠮᠴᠢ ᠴᠢᠨᠠᠷ᠎ᠢ ᠲᠠᠪᠳᠠᠨ ᠪᠣᠯᠪᠠᠰᠤᠷᠠᠭᠤᠯᠬᠤ᠂ ᠰᠤᠷᠲᠠᠯ᠎ᠢᠶᠠᠨ ᠰᠠᠢᠵᠢᠷᠠᠭᠤᠯᠬᠤ᠂ ᠠᠵᠢᠯ᠎ᠢᠶᠠᠨ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃
5 ᠰᠠᠷ᠎ᠠ᠎ᠳᠤ᠂ ᠹᠦᠵᠧᠦ ᠬᠣᠲᠠ᠎ᠶ᠋ᠢᠨ ᠶᠡᠬᠡ ᠳᠡᠭᠡᠳᠦ ᠰᠤᠷᠭᠠᠭᠤᠯᠢ᠎ᠶ᠋ᠢᠨ ᠵᠡᠮᠳᠡᠭ ᠲᠡᠭᠦᠰᠭᠦ ᠤᠶᠤᠲᠠᠳ᠎ᠤᠨ ᠲᠤᠰᠭᠠᠶ ᠠᠵᠢᠯᠲᠠᠨ ᠠᠵᠢᠯᠴᠢᠨ ᠡᠯᠰᠡᠬᠦ᠌ ᠴᠤᠬᠯᠠᠭᠠᠨ ᠳᠡᠭᠡᠷ᠎ᠡ᠂ ᠲᠣᠰ ᠬᠤᠭᠤᠴᠠᠭᠠᠨ᠎ᠤ ᠲᠡᠭᠦᠰᠭᠦ ᠣᠶᠤᠲᠠᠨ ᠱᠢᠶᠤᠤ ᠴᠧᠨ ᠵᠢᠵᠢᠭ ᠫᠷᠤᠭ᠌ᠷᠠᠮ᠎ᠢᠶᠠᠷ ᠳᠡᠮᠵᠢᠨ᠂ 10 ᠮᠢᠨᠦ᠋ᠲ᠎ᠦᠨ ᠳᠣᠲᠣᠷ᠎ᠠ ᠠᠵᠤ ᠠᠬᠤᠢᠯᠠᠯ᠎ᠳᠤ ᠳᠣᠭᠢᠷᠠᠬᠤ 3 ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ᠎ᠶ᠋ᠢ ᠣᠯᠵᠤ᠂ ᠳᠠᠷᠠᠭ᠎ᠠ᠎ᠨᠢ ᠲᠤᠬᠠᠢ ᠵᠢᠨ ᠲᠠᠯᠠᠪᠠᠢ᠎ᠶᠢᠨ ᠨᠢᠭᠤᠷᠲᠠᠨ ᠱᠢᠯᠭᠠᠯᠲᠠ᠎ᠪᠠᠷ ᠳᠡᠮᠵᠢᠨ ᠠᠵᠢᠯ ᠤᠯᠬᠤ ᠰᠠᠨᠠᠮᠵᠢ ᠲᠤᠬᠢᠷᠠᠯᠴᠠᠪᠠ᠃
ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠹᠦᠵᠧᠦ ᠬᠤᠳᠠ᠎ᠶ᠋ᠢᠨ ᠴᠢᠳᠠᠪᠤᠷᠢᠲᠠᠨ᠎ᠤ ᠬᠥᠭ᠌ᠵᠢᠬᠦᠯᠦᠯᠲᠡ᠎ᠶ᠋ᠢᠨ ᠪᠦᠯᠦᠭ᠌ᠯᠡᠯ ᠬᠢᠵᠠᠭᠠᠷᠲᠦ ᠺᠣᠮᠫᠠᠨᠢ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠠᠰᠠᠭᠤᠳᠠᠯ᠎ᠢ ᠭᠦᠨᠵᠡᠭᠡᠢ ᠡᠷᠢᠵᠦ ᠵᠠᠯᠠᠷᠠᠭᠤᠯᠤᠨ᠂ ᠠᠵᠢᠯ ᠣᠯᠭᠣᠯᠲᠠ᠎ᠶ᠋ᠢᠨ ᠵᠠᠬ᠎ᠠ ᠳᠡᠯᠭᠡᠭᠦᠷ᠎ᠲᠦ ᠴᠢᠳᠠᠪᠤᠷᠢᠲᠠᠨ᠎ᠤ ᠦᠢᠯᠡᠴᠢᠯᠡᠭᠡ ᠵᠢᠨ ᠲᠠᠯ᠎ᠠ ᠪᠡᠷ ᠨᠠᠷᠢᠨ ᠨᠢᠮᠪᠠᠢ ᠦᠭᠡᠢ ᠪᠠᠢᠬᠤ ᠵᠡᠷᠭᠡ ᠠᠰᠠᠭᠤᠳᠠᠯ ᠣᠷᠣᠱᠢᠵᠤ ᠪᠠᠢᠬᠤ᠎ᠶ᠋ᠢ ᠢᠯᠡᠷᠡᠭᠦᠯᠪᠡ᠃ ᠲᠠᠳᠠ ᠲᠣᠪᠴᠢ ᠨᠠᠮᠲᠠᠷ᠎ᠢᠶᠡᠨ ᠬᠦᠷᠭᠡᠬᠦ ᠳ᠋ᠤ ᠶᠠᠷᠱᠢᠭ ᠲᠦᠪᠡᠭ᠌ᠲᠡᠶ᠂ ᠬᠥᠮᠦᠨ ᠪᠠ ᠠᠵᠢᠯ᠎ᠤᠨ ᠪᠠᠢᠷᠢ ᠳᠣᠭᠢᠷᠠᠯᠴᠠᠭ᠍ᠰᠠᠨ ᠦᠷ᠎ᠡ ᠪᠦᠲᠦᠮᠵᠢ ᠳᠤᠤᠷ᠎ᠠ ᠵᠡᠷᠭᠡ ᠠᠰᠠᠭᠤᠳᠠᠯ᠎ᠤᠨ ᠨᠠᠷᠢᠨ ᠲᠠᠩᠰᠠ᠎ᠶ᠋ᠢ ᠡᠮᠬᠢᠯᠡᠨ ᠭᠠᠷᠭᠠᠭ᠍ᠰᠠᠨ ᠪᠥᠭᠡᠳ 《ᠹᠦᠵᠧᠦ᠍ᠶ᠋ᠢᠨ ᠲᠤᠭᠠᠴᠢᠯᠠᠭᠰᠠᠨ ᠤᠶᠤᠨᠴᠢ ᠴᠢᠳᠠᠪᠤᠷᠢᠲᠠᠨ᠎ᠤ ᠭᠠᠷᠠᠮ》ᠬᠡᠬᠦ ᠵᠢᠵᠢᠭ ᠫᠷᠤᠭ᠌ᠷᠠᠮ᠎ᠢ ᠱᠢᠨᠡᠴᠢᠯᠡᠨ ᠳᠡᠭᠡᠭ᠌ᠰᠢᠯᠡᠭᠦᠯᠵᠦ᠍᠂ ᠲᠣᠮᠣ ᠳ᠋ᠠᠢᠲ᠋ᠠ ᠪᠠ AI ᠪᠤᠳᠤᠯᠲᠠ᠎ᠶᠢᠨ ᠠᠷᠭ᠎ᠠ᠎ᠶ᠋ᠢ ᠬᠡᠷᠡᠭ᠌ᠯᠡᠨ ᠴᠢᠳᠠᠪᠤᠷᠢᠲᠠᠨ᠎ᠳᠤ 《ᠬᠥᠷᠥᠭ ᠵᠢᠷᠤᠭ》 ᠵᠢᠷᠤᠵᠤ ᠥᠭᠴᠦ᠂ ᠡᠯᠧᠺᠲ᠋ᠷᠣᠨ ᠲᠣᠪᠴᠢ ᠨᠠᠮᠲᠠᠷ᠎ᠢ 《 ᠨᠢᠭᠡ ᠯᠡ ᠳᠠᠷᠤᠪᠴᠢ᠎ᠪᠠᠷ ᠬᠦᠷᠭᠡᠬᠦ᠌》 ᠶ᠋ᠢ ᠪᠡᠶᠡᠯᠡᠭᠦᠯᠪᠡ᠃ ᠡᠭᠦᠨ᠎ᠦ ᠬᠠᠮᠲᠤ᠂ ᠬᠣᠲᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ᠎ᠲᠦ ᠲᠠᠷᠬᠠᠵᠤ ᠪᠠᠢᠭ᠎ᠠ ᠦᠶ᠋ᠯᠡᠴᠢᠯᠡᠭᠡᠨ᠎ᠦ ᠵᠦᠶ᠋ᠯᠡᠰ᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠲᠥᠪᠯᠡᠷᠡᠭᠦᠯᠦᠨ ᠡᠮᠬᠢᠯᠡᠵᠤ᠂ ᠣᠷᠣᠨ ᠰᠠᠭᠤᠴᠠ᠂ ᠦᠷ᠎ᠡ ᠬᠡᠦᠬᠡᠳ᠎ᠦᠨ ᠬᠢᠨᠢ ᠰᠤᠷᠭᠠᠭᠤᠯᠢ᠎ᠳᠤ ᠰᠠᠭᠤᠬᠤ᠎ᠶ᠋ᠢ ᠪᠠᠭ᠍ᠲᠠᠭᠠᠭ᠍ᠰᠠᠨ ᠴᠢᠳᠠᠪᠤᠷᠢᠲᠠᠨ᠎ᠤ ᠦᠶ᠋ᠯᠡᠴᠢᠯᠡᠭᠡᠨ᠎ᠦ 95 ᠵᠦᠶ᠋ᠯ᠎ᠦᠨ ᠥᠨᠳᠥᠷ ᠳᠠᠪᠲᠠᠮᠵᠢᠲᠤ ᠵᠦᠶ᠋ᠯᠡᠰ᠎ᠢ 《ᠨᠢᠭᠡ ᠲᠢᠩᠬᠢᠮ᠎ᠳᠤ ᠶᠡᠷᠦᠨᠭᠬᠡᠢᠯᠡᠨ ᠭᠥᠯᠢᠶᠡᠨ ᠠᠪᠴᠤ᠌᠂ ᠲᠥᠪᠯᠡᠷᠡᠭᠦᠯᠦᠨ ᠭᠦᠶ᠋ᠴᠡᠳᠭᠡᠬᠦ》 ᠵᠠᠬᠪᠤᠷ᠎ᠢ ᠬᠡᠷᠡᠭᠵᠢᠬᠦᠯᠵᠤ᠂ ᠥᠷᠭᠡᠨ ᠣᠯᠠᠨ ᠴᠢᠳᠠᠪᠤᠷᠢᠲᠠᠨ᠎ᠳᠤ ᠨᠠᠩ ᠰᠠᠢᠳᠤᠷ ᠦᠶ᠋ᠯᠡᠴᠢᠯᠡᠪᠡ᠃
ᠦᠨᠡᠨ ᠪᠣᠳᠠᠲᠠᠶ ᠪᠠᠢᠴᠠᠭᠠᠨ ᠴᠢᠨᠭᠭ᠎ᠠ ᠴᠡᠭᠴᠡᠯᠡᠨ ᠰᠠᠢᠵᠢᠷᠠᠭᠤᠯᠵᠤ ᠡᠭᠦᠷᠭᠡᠯᠡᠯ᠎ᠢ ᠢᠯᠡᠷᠡᠭᠦᠯᠪᠡ
ᠲᠥᠪ᠎ᠦᠨ ᠨᠠᠶ᠋ᠮᠠᠨ ᠲᠣᠭ᠍ᠲᠠᠭᠠᠯ ᠵᠢᠴᠢ ᠲᠡᠭᠦᠨ᠎ᠦ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠭᠦᠨᠵᠡᠭᠡᠶ ᠪᠠᠢᠴᠠᠭᠠᠨ ᠨᠠᠢᠳᠠᠪᠤᠷᠢᠵᠢᠭᠤᠯᠬᠤ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠭᠠᠵᠠᠷ᠎ᠤᠨ᠎ᠬᠢᠨ ᠪᠠᠢᠴᠠᠭᠠᠬᠤ ᠪᠡᠷ ᠬᠦᠴᠢᠷ᠎ᠢ ᠰᠢᠢᠳᠪᠦᠷᠢᠯᠡᠨ᠂ ᠥᠭᠡᠷᠡᠴᠢᠯᠡᠨ ᠰᠠᠢᠵᠢᠷᠠᠭᠤᠯᠬᠤ᠎ᠪᠠᠷ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠵᠦᠶ᠋ᠯ ᠵᠤᠷᠪᠤᠰ ᠳᠠᠷᠠᠭᠠᠯᠠᠨ ᠲᠣᠭ᠍ᠲᠠᠭᠠᠵᠤ᠂ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠪᠠ᠃
ᠲᠢᠶᠠᠨᠵᠢᠨ ᠬᠣᠲᠠ᠎ᠶ᠋ᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠨᠠᠮ᠎ᠤᠨ ᠬᠣᠷᠢᠶ᠎ᠠ 《ᠬᠢᠲᠤᠭ᠎ᠠ᠎ᠶ᠋ᠢᠨ ᠢᠷ᠎ᠢ ᠳᠣᠲᠣᠭ᠍ᠰᠢ ᠬᠠᠨᠳᠤᠭᠤᠯᠬᠤ》 ᠶ᠋ᠢ ᠪᠠᠷᠢᠮᠲᠠᠯᠠᠵᠤ᠂ ᠠᠰᠠᠭᠤᠳᠠᠯ᠎ᠢ ᠪᠠᠢᠴᠠᠭᠠᠨ ᠳᠡᠯᠭᠡᠬᠦ᠌ 《ᠬᠠᠢᠭᠤᠯ ᠳ᠋ᠧᠩ》 ᠢ᠋ ᠠᠱᠢᠭ᠍ᠯᠠᠨ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠠᠷᠠᠳ᠎ᠤᠨ ᠠᠮᠢᠳᠤᠷᠠᠯ᠎ᠳᠤ ᠦᠶ᠋ᠯᠡᠴᠢᠯᠡᠬᠦ᠌᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ 《ᠠᠯᠲᠠᠨ ᠲᠦᠯᠬᠢᠭᠦᠷ》 ᠢ᠋ ᠡᠷᠢᠵᠦ᠍ ᠤᠯᠪᠠ᠃ ᠤᠳᠤᠷᠢᠳᠬᠤ ᠪᠠᠭ᠎ᠤᠨ ᠪᠦᠷᠢᠯᠳᠦᠬᠦᠨ᠎ᠦ ᠳᠠᠭᠠᠭᠠᠴᠢᠯᠠᠨ ᠬᠠᠷᠢᠯᠴᠠᠬᠤ ᠠᠵᠢᠯ᠎ᠤᠨ ᠬᠤᠪᠢᠶᠠᠷᠢᠯᠠᠯ᠂ ᠲᠤᠬᠠᠢᠯᠠᠭ᠍ᠰᠠᠨ ᠠᠵᠢᠯ᠎ᠤᠨ ᠭᠠᠵᠠᠷ ᠲᠠᠰᠤᠭ ᠡᠴᠡ ᠵᠣᠬᠢᠴᠠᠭᠤᠯᠤᠨ ᠠᠬᠢᠭᠤᠯᠬᠤ᠂ ᠠᠵᠤ ᠠᠬᠤᠢᠯᠠᠯ᠎ᠢ ᠬᠢᠨᠠᠨ ᠬᠠᠮᠢᠶᠠᠷᠬᠤ᠎ᠪᠠᠷ ᠳᠡᠮᠵᠢᠨ ᠬᠠᠮᠲᠤ ᠪᠠᠷ ᠣᠷᠣᠯᠴᠠᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠲᠦᠭ᠌ᠰᠢᠭᠦᠷᠢ᠎ᠶ᠋ᠢ ᠠᠷᠢᠯᠭᠠᠬᠤ᠂ ᠡᠳ᠋ ᠬᠥᠷᠥᠩᠭᠡ᠎ᠶ᠋ᠢ ᠠᠮᠢᠳᠤᠯᠢᠭᠵᠢᠭᠤᠯᠬᠤ ᠵᠡᠷᠭᠡ ᠦᠯᠡᠳᠡᠭ᠌ᠳᠡᠵᠦ᠍ ᠢᠷᠡᠭ᠌ᠰᠡᠨ ᠬᠦᠴᠢᠷ ᠲᠦᠪᠡᠭ᠌ᠲᠡᠶ 75 ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠠᠵᠤ ᠠᠬᠤᠢᠯᠠᠯ᠎ᠢ ᠬᠠᠪᠰᠤᠷᠤᠨ ᠳᠠᠷᠤᠭᠠᠰᠤ᠎ᠶ᠋ᠢ᠎ᠨᠢ ᠬᠥᠩᠭᠡᠷᠡᠭᠦᠯᠵᠦ᠍ ᠦᠭᠪᠡ᠃
ᠹᠦᠵᠧᠦ᠍ ᠬᠤᠳᠠ᠎ᠶ᠋ᠢᠨ ᠬᠢᠨ 《ᠢᠳᠡᠵᠦ᠍ ᠤᠤᠭᠤᠬᠤ ᠰᠤᠷᠲᠠᠯ》᠂ ᠲᠣᠭ᠍ᠲᠠᠭᠠᠯ᠎ᠢ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠬᠤᠷᠢᠶᠠᠵᠤ ᠬᠦᠷᠭᠡᠭᠦ᠂ ᠤᠯᠠᠨ ᠲᠦᠮᠡᠨ᠎ᠦ ᠠᠱᠢᠭ ᠲᠤᠰᠠ᠎ᠶ᠋ᠢ ᠬᠣᠬᠢᠷᠠᠭᠤᠯᠤᠭ᠍ᠰᠠᠨ ᠵᠡᠷᠭᠡ ᠲᠤᠪᠤᠢ᠌ᠮ᠎ᠠ ᠠᠰᠠᠭᠤᠳᠠᠯ᠎ᠳᠤ ᠴᠢᠭ᠌ᠯᠡᠭᠦᠯᠦᠨ᠂ ᠡᠷᠡᠰ ᠴᠡᠭ᠌ᠴᠡᠯᠡᠨ ᠰᠠᠢᠵᠢᠷᠠᠭᠤᠯᠵᠤ᠂ ᠡᠴᠦᠰ᠎ᠲᠦᠨᠢ ᠲᠤᠯᠲᠠᠯ᠎ᠠ ᠠᠳᠭᠤᠪᠠ᠃ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠨᠢᠭᠡᠳ ᠨᠢᠭᠡ᠎ᠪᠡᠷ ᠰᠢᠢᠳᠪᠦᠷᠢᠯᠡᠵᠤ ᠨᠠᠷᠢᠨ ᠲᠠᠩᠰᠠᠨ ᠡᠴᠡ ᠭᠠᠷᠭᠠᠵᠤ᠂ ᠪᠥᠬᠥ᠌ ᠬᠣᠲᠠ᠎ᠶ᠋ᠢᠨ ᠱᠢᠶᠠᠨ ᠭᠠᠵᠠᠷ᠎ᠤᠨ ᠲᠠᠰ᠎ᠡᠴᠡ ᠳᠡᠭᠡᠭ᠌ᠰᠢᠬᠢ ᠤᠳᠤᠷᠢᠳᠭᠤ ᠪᠠᠭ ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠ ᠵᠢ ᠨᠢᠭᠡᠨᠲᠡ 150 ᠭᠠᠷᠤᠶ ᠬᠤᠪᠢ ᠪᠠᠢᠭᠤᠯᠵᠤ᠂ 1920 ᠭᠠᠷᠤᠶ ᠵᠤᠷᠪᠤᠰ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠵᠢ ᠲᠣᠭ᠍ᠲᠠᠭᠠᠪᠠ᠃ ᠬᠢᠨᠠᠨ ᠵᠢᠯᠣᠭᠣᠳᠭᠤ ᠳᠤᠭᠤᠢᠯᠠᠩ᠎ᠤᠨ 《ᠬᠤᠷᠴᠠ ᠰᠡᠯᠡᠮ᠎ᠡ》 ᠶ᠋ᠢᠨ ᠦᠶ᠋ᠯᠡᠳᠦᠯ᠎ᠢ ᠪᠠᠳᠠᠷᠠᠭᠤᠯᠤᠨ᠂ 10 ᠣᠷᠣᠨ ᠨᠤᠲᠤᠭ ᠪᠠ ᠨᠢᠭᠡᠴᠢ᠎ᠶ᠋ᠢ ᠰᠤᠭᠤᠴᠢᠨ ᠠᠪᠴᠤ᠌᠂ 《ᠳᠥᠷᠪᠡ ᠥᠬᠡᠶ ᠬᠣᠶᠠᠷ ᠱᠢᠭᠤᠳ》 ᠬᠡᠯᠪᠡᠷᠢ ᠪᠡᠷ ᠡᠬᠦᠳᠠᠨ ᠳ᠋ᠤᠨᠢ ᠬᠦᠷᠴᠦ᠍ ᠵᠢᠯᠣᠭᠣᠳᠭᠤ᠂ ᠰᠤᠭᠤᠴᠢᠨ ᠪᠠᠢᠴᠠᠭᠠᠬᠤ ᠵᠡᠷᠭᠡ ᠠᠷᠭ᠎ᠠ ᠮᠠᠶᠢᠭ᠎ᠢᠶᠠᠷ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠵᠤ᠂ ᠰᠠᠨᠠᠯ ᠰᠠᠨᠠᠭᠤᠯᠭ᠎ᠠ ᠴᠤᠭ᠍ᠯᠠᠭᠤᠯᠤᠨ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠠᠵᠢᠯ᠎ᠢ ᠵᠢᠯᠣᠭᠣᠳᠴᠤ᠌᠂ ᠴᠠᠭᠠᠰᠤᠨ ᠳᠡᠭᠡᠷ᠎ᠡ ᠴᠡᠭ᠌ᠴᠡᠯᠡᠨ ᠰᠠᠢᠵᠢᠷᠠᠭᠤᠯᠬᠤ᠂ ᠬᠤᠳᠠᠯ ᠬᠠᠭᠤᠷᠮᠠᠭ᠎ᠢᠶᠠᠷ ᠴᠡᠭ᠌ᠴᠡᠯᠡᠨ ᠰᠠᠢᠵᠢᠷᠠᠭᠤᠯᠬᠤ᠎ᠶ᠋ᠢ ᠰᠡᠷᠭᠡᠢᠯᠡᠨ ᠬᠣᠷᠢᠭ᠍ᠯᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 7 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ ᠡᠴᠡ)