ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠤ᠋ᠨ ᠶᠠᠪᠤᠴᠠ ᠳ᠋ᠤ᠂ ᠮᠠᠨ ᠤ᠋ ᠣᠷᠣᠨ ᠤ᠋ ᠡᠯ᠎ᠡ ᠭᠠᠵᠠᠷ ᠤ᠋ᠨ ᠬᠢᠨ ᠢᠮᠠᠭ᠍ᠲᠠ ᠵᠠᠯᠠᠭᠤ ᠺᠠᠳ᠋ᠷᠴᠤᠳ ᠤ᠋ᠨ ᠬᠥᠮᠦᠵᠢᠯ ᠬᠠᠮᠢᠶᠠᠷᠤᠯᠲᠠ ᠵᠢ ᠰᠤᠷᠲᠠᠯ ᠤ᠋ᠨ ᠪᠠᠢᠭᠤᠯᠤᠯᠲᠠ ᠶ᠋ᠢᠨ ᠵᠠᠩᠭᠢᠯᠠᠭ᠎ᠠ ᠶ᠋ᠢᠨ ᠱᠢᠪᠲᠤᠯᠤᠯᠲᠠ ᠪᠣᠯᠭᠠᠵᠤ᠂ ᠰᠤᠷᠤᠯᠴᠠᠬᠤ ᠠᠴᠢᠶᠠᠯᠠᠪᠤᠷᠢ ᠶ᠋ᠢᠨ ᠱᠢᠨ᠎ᠡ ᠵᠢ ᠡᠭᠦᠳᠬᠦ᠌᠂ ᠱᠠᠳᠤ ᠬᠤᠪᠢᠶᠠᠨ ᠲᠦᠷᠦᠯ ᠬᠤᠪᠢᠶᠠᠨ ᠵᠢᠭᠠᠨ ᠰᠤᠷᠭᠠᠬᠤ᠂ ᠦᠢᠯᠡᠳᠦᠯᠭᠡ ᠶ᠋ᠢᠨ ᠪᠣᠯᠪᠠᠰᠤᠷᠠᠯ ᠢ᠋ ᠴᠢᠩᠭᠠᠳᠭᠠᠬᠤ ᠵᠡᠷᠭᠡ ᠤᠯᠠᠨ ᠲᠠᠯ᠎ᠠᠵᠢᠨ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠵᠠᠯᠠᠭᠤ ᠺᠠᠳ᠋ᠷᠴᠤᠳ ᠢ᠋ ᠬᠦᠳᠦᠯᠥᠨ ᠵᠢᠯᠤᠭᠤᠳᠴᠤ ᠪᠣᠳᠠᠲᠠᠢ ᠵᠢ ᠡᠷᠬᠢᠮᠯᠡᠬᠦ᠌ ᠰᠤᠷᠲᠠᠯ ᠢ᠋ ᠶᠡᠬᠡ ᠪᠡᠷ ᠳᠡᠯᠭᠡᠷᠡᠭᠦᠯᠦᠨ᠂ ᠠᠷᠢᠭᠤᠨ ᠴᠢᠬᠡᠴᠢ ᠰᠤᠷᠲᠠᠯ ᠢ᠋ ᠪᠠᠳᠠᠷᠠᠭᠤᠯᠵᠤ᠂ ᠠᠷᠪᠢᠴᠢ ᠪᠣᠷᠣᠭ᠍ᠵᠢᠭᠤᠨ ᠰᠤᠷᠲᠠᠯ ᠢ᠋ ᠪᠤᠢ ᠪᠣᠯᠭᠠᠵᠤ᠂ ᠤᠯᠤᠰ ᠲᠦᠷᠦ᠍ ᠶ᠋ᠢᠨ ᠲᠠᠯ᠎ᠠ ᠪᠡᠷ ᠪᠠᠲᠤ ᠴᠢᠩᠭ᠎ᠠ᠂ ᠰᠤᠷᠲᠠᠯ ᠱᠢᠯᠢᠳᠡᠭ ᠺᠠᠳ᠋ᠷ ᠤ᠋ᠨ ᠡᠩᠨᠡᠭᠡ ᠵᠢ ᠪᠠᠢᠭᠤᠯᠤᠭᠰᠠᠨ ᠪᠠᠢᠨ᠎ᠠ᠃
ᠲᠦᠩᠯᠢᠶᠣᠤ ᠬᠣᠲᠠᠵᠢᠨ ᠬᠢᠨ ᠵᠠᠯᠠᠭᠤ ᠺᠠᠳ᠋ᠷᠴᠤᠳ ᠤ᠋ᠨ ᠰᠤᠷᠤᠯᠴᠠᠯᠭ᠎ᠠ ᠬᠥᠮᠦᠵᠢᠯ ᠢ᠋ ᠰᠠᠢᠲᠤᠷ ᠠᠳᠭᠤᠬᠤ ᠪᠡᠷ ᠭᠤᠤᠯᠳᠠᠯᠭ᠎ᠠ ᠪᠣᠯᠭᠠᠵᠤ᠂ ᠦᠨᠳᠦᠰᠦ ᠵᠢ ᠪᠡᠬᠢᠵᠢᠭᠦᠯᠦᠨ ᠰᠠᠭᠤᠷᠢ ᠵᠢ ᠪᠠᠲᠤᠳᠭᠠᠬᠤ᠂ ᠰᠤᠷᠤᠯᠴᠠᠬᠤ ᠪᠠ ᠬᠢᠬᠦ᠌ ᠵᠢ ᠤᠶᠠᠯᠳᠤᠭᠤᠯᠬᠤ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ 3 ᠵᠠᠩᠭᠢᠯᠠᠭ᠎ᠠ ᠶ᠋ᠢᠨ ᠭᠣᠭ᠍ᠴᠣᠭᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠰᠤᠷᠤᠯᠴᠠᠯᠭ᠎ᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠵᠢ ᠲᠠᠰᠤᠷᠠᠯᠲᠠ ᠥᠬᠡᠶ ᠠᠬᠢᠭᠤᠯᠪᠠ᠃ ᠨᠠᠮ ᠤ᠋ᠨ ᠰᠤᠷᠭᠠᠭᠤᠯᠢ ᠶ᠋ᠢᠨ ᠭᠣᠣᠯ ᠵᠢᠭ᠍ᠰᠠᠭᠠᠯ ᠤ᠋ᠨ ᠭᠠᠵᠠᠷ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠡᠯ᠎ᠡ ᠬᠦᠷᠢᠶᠡᠨ ᠤ᠋ ᠱᠢᠯᠢᠳᠡᠭ ᠵᠠᠯᠠᠭᠤ ᠺᠠᠳ᠋ᠷ ᠤ᠋ᠨ ᠠᠵᠢᠯ ᠤ᠋ᠨ ᠪᠠᠢᠷᠢ ᠶ᠋ᠢᠨ ᠣᠨᠴᠠᠯᠢᠭ ᠲᠠᠢ ᠤᠶᠠᠯᠳᠤᠭᠤᠯᠤᠨ᠂ ᠲᠥᠪᠯᠡᠷᠡᠭᠦᠯᠦᠨ ᠲᠠᠢᠯᠪᠤᠷᠢᠯᠠᠬᠤ᠂ ᠳᠠᠭᠤᠷᠢᠶᠠᠨ ᠬᠥᠳᠡᠯᠦᠯᠴᠡᠬᠦ᠌᠂ ᠪᠡᠶᠡᠴᠢᠯᠡᠨ ᠣᠢᠯᠠᠭᠠᠯᠲᠠ ᠪᠠᠨ ᠬᠤᠪᠢᠶᠠᠯᠴᠠᠬᠤ ᠵᠡᠷᠭᠡ ᠬᠡᠯᠪᠡᠷᠢ ᠵᠢ ᠶᠡᠷᠦᠩᠬᠡᠢᠯᠡᠨ ᠬᠡᠷᠡᠭ᠌ᠯᠡᠵᠦ᠍᠂ 《ᠥᠪᠡᠷᠮᠢᠴᠡ》 ᠠᠩᠭᠢ ᠵᠢ 5 ᠤᠳᠠᠭ᠎ᠠ ᠡᠷᠬᠢᠯᠡᠵᠦ᠂ ᠰᠤᠷᠤᠬᠴᠢᠳ ᠤ᠋ᠨ ᠲᠤᠭ᠎ᠠ 2600 ᠭᠠᠷᠤᠢ ᠬᠥᠮᠦᠨ ᠤᠳᠠᠭ᠎ᠠ ᠳ᠋ᠤ ᠬᠦᠷᠪᠡ᠃ ᠭᠠᠵᠠᠷ ᠣᠷᠣᠨ ᠤ᠋ ᠪᠠᠢᠳᠠᠯ ᠳ᠋ᠠᠭᠠᠨ ᠲᠤᠬᠢᠷᠠᠭᠤᠯᠤᠨ 《 ᠵᠠᠯᠠᠭᠤᠴᠤᠳ ᠨᠠᠮ ᠢ᠋ᠶ᠋ᠡᠨ ᠳᠠᠭᠠᠬᠤ》 ᠵᠡᠷᠭᠡ ᠵᠠᠯᠠᠭᠤᠴᠤᠳ ᠤ᠋ᠨ ᠦᠢᠯᠡᠳᠦᠯᠭᠡ ᠶ᠋ᠢᠨ ᠠᠴᠢᠶᠠᠯᠠᠪᠤᠷᠢ ᠵᠢ 20 ᠭᠠᠷᠤᠢ ᠪᠠᠢᠭᠤᠯᠵᠤ᠂ ᠲᠦᠷᠦ᠍ ᠶ᠋ᠢᠨ ᠪᠤᠳᠤᠯᠭ᠎ᠠ ᠵᠢ ᠤᠬᠠᠭᠤᠯᠤᠨ ᠲᠠᠢᠯᠪᠤᠷᠢᠯᠠᠬᠤ᠂ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ ᠵᠡᠷᠭᠡ ᠰᠠᠢ᠌ᠨ ᠳᠤᠷ᠎ᠠ ᠶ᠋ᠢᠨ ᠦᠢᠯᠡᠴᠢᠯᠡᠭᠡ ᠵᠢ 320 ᠭᠠᠷᠤᠢ ᠲᠠᠯᠠᠪᠤᠷ ᠤᠳᠠᠭ᠎ᠠ ᠵᠤᠬᠢᠶᠠᠨ ᠪᠠᠢᠭᠤᠯᠵᠤ᠂ ᠱᠢᠯᠢᠳᠡᠭ ᠵᠠᠯᠠᠭᠤ ᠺᠠᠳ᠋ᠷ ᠢ᠋ ᠦᠨᠳᠦᠰᠦᠨ ᠱᠠᠲᠤᠨ ᠤ᠋ ᠵᠠᠰᠠᠯᠲᠠ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠂ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠵᠡᠷᠭᠡ ᠠᠵᠢᠯ ᠤ᠋ᠨ ᠪᠠᠢᠷᠢᠨ ᠳ᠋ᠤ ᠲᠥᠯᠥᠪᠯᠡᠭᠡ ᠲᠠᠢ ᠪᠠᠷ ᠰᠤᠨᠭᠭᠤᠨ ᠲᠤᠮᠢᠯᠠᠵᠤ᠂ ᠵᠠᠯᠠᠭᠤ ᠺᠠᠳ᠋ᠷ ᠢ᠋ ᠬᠥᠮᠦᠵᠢᠭᠦᠯᠬᠦ᠌ ᠬᠡᠯᠬᠢᠶ᠎ᠡ ᠵᠢ ᠪᠠᠢᠭᠤᠯᠤᠨ ᠪᠦᠷᠢᠨᠱᠢᠬᠦᠯᠪᠡ᠃ 2 ᠠᠰᠠᠭᠤᠳᠠᠯ ᠤ᠋ᠨ ᠨᠠᠷᠢᠨ ᠳᠠᠨᠭᠰᠠ ᠵᠢ ᠪᠠᠢᠴᠠᠭᠠᠨ ᠳᠡᠯᠭᠡᠬᠦ᠌ ᠲᠠᠢ ᠤᠶᠠᠯᠳᠤᠭᠤᠯᠤᠨ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠲᠤᠬᠠᠢ ᠶᠠᠷᠢᠯᠴᠠᠭ᠎ᠠ ᠵᠢ ᠲᠥᠪᠯᠡᠷᠡᠭᠦᠯᠦᠨ ᠦᠷᠨᠢᠭᠦᠯᠬᠦ᠂ ᠤᠨᠴᠠ ᠵᠠᠷᠢᠮ ᠲᠠᠢ ᠨᠢ ᠲᠤᠰᠬᠠᠢ ᠶᠠᠷᠢᠯᠴᠠᠬᠤ᠂ ᠨᠢᠭᠡᠳᠦᠭᠡᠷ ᠹᠷᠣᠨᠲ ᠲᠦ᠍ ᠱᠢᠨᠵᠢᠯᠡᠨ ᠪᠠᠢᠴᠠᠭᠠᠵᠤ ᠢᠯᠭᠠᠨ ᠲᠠᠨᠢᠬᠤ ᠵᠡᠷᠭᠡ ᠠᠵᠢᠯ ᠢ᠋ ᠪᠠᠢᠩᠭᠤᠵᠢᠭᠤᠯᠤᠨ ᠥᠷᠨᠢᠭᠦᠯᠵᠦ᠍᠂ ᠵᠥᠪ ᠲᠠᠯ᠎ᠠ ᠡᠴᠡ ᠬᠦᠳᠦᠯᠦᠨ ᠵᠢᠯᠣᠭᠣᠳᠭᠤ ᠪᠠ ᠡᠰᠡᠷᠭᠦ᠌ ᠲᠠᠯ᠎ᠠ ᠡᠴᠡ ᠰᠡᠷᠡᠮᠵᠢᠯᠡᠭᠦᠯᠬᠦ᠌ ᠵᠢ ᠤᠶᠠᠯᠳᠤᠭᠤᠯᠬᠤ ᠵᠢ ᠪᠠᠷᠢᠮᠲᠠᠯᠠᠨ᠂ ᠪᠠᠢᠩᠭᠤ ᠶ᠋ᠢᠨ ᠤᠷᠳᠤ ᠬᠤᠭᠤᠴᠠᠭᠠᠨ ᠤ᠋ ᠪᠦᠲᠦᠮᠵᠢᠲᠡᠢ ᠬᠢᠨᠠᠯᠲᠠ ᠲᠠᠯᠪᠢᠬᠤ ᠱᠢᠰᠲ᠋ᠧᠮ ᠢ᠋ ᠪᠠᠢᠭᠤᠯᠵᠤ᠂ ᠵᠠᠯᠠᠭᠤ ᠺᠠᠳ᠋ᠷᠴᠤᠳ ᠤ᠋ᠨ ᠠᠵᠢᠯ ᠤ᠋ᠨ ᠰᠤᠷᠲᠠᠯ ᠢ᠋ᠶ᠋ᠡᠨ ᠬᠤᠪᠢᠷᠠᠭᠤᠯᠬᠤ᠂ ᠱᠢᠨ᠎ᠡ ᠰᠤᠷᠲᠠᠯ ᠢ᠋ ᠪᠤᠢ ᠪᠣᠯᠭᠠᠬᠤ ᠵᠢ ᠪᠦᠬᠦ᠌ ᠲᠠᠯ᠎ᠠ ᠪᠡᠷ ᠠᠬᠢᠭᠤᠯᠪᠠ᠃
ᠪᠤᠭᠤᠲᠤ ᠬᠣᠲᠠᠵᠢᠨ ᠬᠢᠨ ᠵᠠᠯᠠᠭᠤ ᠺᠠᠳ᠋ᠷᠴᠤᠳ ᠤ᠋ᠨ ᠰᠤᠷᠤᠯᠴᠠᠯᠭ᠎ᠠ ᠬᠥᠮᠦᠵᠢᠯ ᠢ᠋ ᠲᠣᠪᠣᠢᠮ᠎ᠠ ᠰᠠᠢᠲᠤᠷ ᠠᠳᠭᠤᠵᠤ᠂ ᠰᠤᠷᠲᠠᠯ ᠤ᠋ᠨ ᠪᠠᠢᠭᠤᠯᠤᠯᠲᠠ ᠶ᠋ᠢᠨ ᠭᠦᠨᠵᠡᠭᠡᠢᠷᠡᠨ ᠬᠥᠭ᠌ᠵᠢᠬᠦ᠌ ᠵᠢ ᠦᠷᠭᠦᠯᠵᠢᠯᠡᠨ ᠠᠬᠢᠭᠤᠯᠪᠠ᠃ ᠳ᠋ᠦᠩ ᠾᠧ ᠲᠣᠭᠣᠷᠢᠭ ᠤ᠋ᠨ ᠬᠢᠨ ᠵᠠᠯᠠᠭᠤ ᠺᠠᠳ᠋ᠷᠴᠤᠳ ᠤ᠋ᠨ 《ᠳᠠᠷᠤᠢ ᠳ᠋ᠤᠨᠢ ᠬᠡᠷᠡᠭ᠌ᠵᠢᠭᠦᠯᠵᠦ᠍ ᠳᠠᠷᠤᠢ ᠳ᠋ᠤᠨᠢ ᠥᠭᠡᠷᠡᠴᠢᠯᠡᠬᠦ᠌ 》 ᠣᠢᠯᠠᠭᠠᠭ᠍ᠳᠠᠬᠤᠨ ᠢ᠋ ᠪᠠᠲᠤ ᠪᠤᠢ ᠪᠣᠯᠭᠠᠬᠤ ᠶ᠋ᠢ ᠬᠦᠲᠦᠯᠦᠨ ᠵᠢᠯᠤᠭᠤᠳᠬᠤ ᠶ᠋ᠢᠨ ᠲᠥᠯᠥᠭᠡ᠂ ᠲᠤᠭᠤᠷᠢᠭ ᠤ᠋ᠨ ᠨᠠᠮ ᠤ᠋ᠨ ᠬᠣᠷᠢᠶ᠎ᠠ ᠵᠢᠨ ᠨᠠᠮ ᠤ᠋ᠨ ᠰᠤᠷᠭᠠᠭᠤᠯᠢ ᠶ᠋ᠢᠨ ᠤᠨᠤᠯ ᠤ᠋ᠨ ᠬᠥᠮᠦᠵᠢᠯ ᠢ᠋ᠶ᠋ᠡᠷ ᠭᠣᠣᠯ ᠵᠢᠭ᠍ᠰᠠᠭᠠᠯ ᠤ᠋ᠨ ᠭᠠᠵᠠᠷ ᠪᠣᠯᠭᠠᠵᠤ᠂ ᠵᠠᠯᠠᠭᠤ ᠺᠠᠳ᠋ᠷ ᠰᠤᠷᠤᠯᠭᠠᠲᠠᠳ ᠢ᠋ ᠵᠣᠬᠢᠶᠠᠨ ᠪᠠᠢᠭᠤᠯᠵᠤ 《ᠪᠤᠭᠤᠲᠤ ᠶ᠋ᠢᠨ ᠠᠵᠤ ᠦᠢᠯᠡᠳᠪᠦᠷᠢ ᠵᠢ ᠬᠡᠷᠬᠢᠨ ᠬᠥᠭ᠌ᠵᠢᠭᠦᠯᠬᠦ᠌》᠂ 《 ᠬᠤᠳᠠᠯᠳᠤᠭᠠᠨ ᠤ᠋ ᠬᠠᠭᠤᠴᠢᠨ ᠬᠦᠷᠢᠶ᠎ᠡ ᠵᠢ ᠬᠡᠷᠬᠢᠨ ᠱᠢᠪᠲᠤᠯᠬᠤ 》 ᠵᠡᠷᠭᠡ ᠪᠣᠳᠠᠲᠠᠢ ᠠᠰᠠᠭᠤᠳᠠᠯ ᠲᠠᠢ ᠤᠶᠠᠯᠳᠤᠭᠤᠯᠵᠤ᠂ ᠢᠳᠡᠪᠬᠢᠲᠡᠢ ᠪᠡᠷ ᠪᠤᠳᠤᠯ ᠰᠠᠨᠠᠯᠵᠢᠡᠨ ᠰᠤᠯᠢᠯᠴᠠᠭᠰᠠᠨ ᠪᠥᠭᠡᠳ ᠰᠤᠷᠤᠯᠴᠠᠭ᠍ᠰᠠᠠ ᠠᠷᠭ᠎ᠠ ᠪᠠᠨ ᠦᠨᠳᠦᠰᠦᠨ ᠱᠠᠲᠤᠨ ᠤ᠋ ᠨᠢᠭᠡᠳᠦᠭᠡᠷ ᠹᠷᠣᠨᠲ ᠲᠦ᠍ ᠬᠦᠴᠢᠷ ᠠᠰᠠᠭᠤᠳᠠᠯ ᠢ᠋ ᠱᠢᠢᠳᠪᠦᠷᠢᠯᠡᠬᠦ᠌ ᠪᠣᠳᠠᠲᠠᠢ ᠠᠷᠭ᠎ᠠ ᠪᠣᠯᠭᠠᠭ᠍ᠰᠠᠨ ᠪᠠᠢᠨ᠎ᠠ᠃ ᠰᠤᠷᠤᠯᠭᠠᠲᠠᠨ ᠸᠠᠩ ᠱᠢᠤᠸᠠᠢ ᠨᠠ 《ᠪᠠᠷᠠᠭ᠎ᠠ ᠪᠤᠷᠤᠯᠠᠭᠤᠯᠬᠤ ᠨᠡᠪᠲᠡᠷᠡᠭᠦᠯᠦᠭ᠌ᠴᠢ》 ᠪᠣᠯᠵᠣ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠪᠣᠷᠣᠯᠠᠭᠤᠯᠵᠤ᠂ ᠪᠣᠯᠪᠠᠰᠤᠷᠠᠯ ᠤ᠋ᠨ ᠣᠯᠤᠯᠲᠠ ᠪᠠᠨ ᠦᠨᠡᠨ ᠪᠣᠳᠠᠲᠠᠶ ᠪᠡᠷ ᠣᠯᠠᠨ ᠲᠦᠮᠡᠨᠳᠦ ᠦᠶ᠋ᠯᠡᠴᠢᠯᠡᠬᠦ᠌ ᠴᠢᠳᠠᠪᠤᠷᠢ ᠪᠣᠯᠭᠠᠨ ᠬᠤᠪᠢᠷᠠᠭᠤᠯᠪᠠ᠃ ᠡᠭᠦᠨ ᠤ᠋ ᠬᠠᠮᠲᠤ ᠂ ᠪᠤᠭᠤᠲᠤ ᠬᠣᠲᠠ ᠪᠠᠰᠠ ᠵᠠᠯᠠᠭᠤ ᠺᠠᠳ᠋ᠷ ᠤ᠋ᠨ ᠠᠩᠭᠢ᠂ ᠰᠣᠩᠭᠣᠨ ᠲᠤᠮᠢᠯᠠᠬᠤ ᠰᠣᠷᠣᠭ᠍ᠴᠢ ᠶ᠋ᠢᠨ ᠪᠣᠯᠪᠠᠰᠤᠷᠠᠯ ᠳ᠋ᠤ ᠠᠷᠢᠭᠤᠨ ᠴᠢᠬᠡᠴᠢ ᠶ᠋ᠢᠨ ᠬᠥᠮᠦᠵᠢᠯ ᠬᠢᠵᠦ᠍᠂ ᠬᠦᠰᠡᠯᠡᠩ ᠢᠲᠡᠭᠡᠯ ᠪᠢᠱᠢᠷᠡᠯ ᠪᠠ ᠰᠠᠬᠢᠯᠭ᠎ᠠ ᠪᠠᠲᠤ ᠶᠣᠰᠣ ᠲᠦᠷᠢᠮ ᠢ᠋ ᠵᠠᠯᠠᠭᠤ ᠺᠠᠳ᠋ᠷ ᠤ᠋ᠨ ᠰᠡᠳᠭᠢᠯ ᠳ᠋ᠤ ᠬᠠᠳᠠᠩᠱᠢᠭᠤᠯᠵᠠᠶ᠃ ᠬᠣᠯᠪᠣᠭᠠᠯᠠᠨ ᠰᠤᠷᠤᠯᠴᠠᠬᠤ ᠬᠣᠯᠪᠣᠭᠠᠯᠠᠨ ᠪᠠᠢᠭᠤᠯᠬᠤ ᠠᠵᠢᠯᠯᠠᠭ᠎ᠠ ᠳᠤᠮᠳᠠ᠂ ᠵᠠᠯᠠᠭᠤ ᠺᠠᠳ᠋ᠷᠴᠤᠳ ᠪᠤᠭᠤᠲᠤ ᠶ᠋ᠢᠨ ᠪᠤᠯᠤᠳ ᠲᠡᠮᠤᠷ ᠤ᠋ᠨ ᠪᠦᠯᠦᠭᠯᠡᠯ ᠺᠣᠮᠫᠠᠨᠢ ᠶ᠋ᠢᠨ ᠠᠷᠢᠭᠤᠨ ᠴᠢᠬᠡᠴᠢ ᠪᠡᠷ ᠵᠠᠰᠠᠭ ᠪᠠᠷᠢᠬᠤ ᠬᠥᠮᠦᠵᠢᠯ ᠤ᠋ᠨ ᠰᠠᠭᠤᠷᠢᠨ ᠳ᠋ᠤ ᠬᠥᠮᠦᠵᠢᠯ ᠬᠦᠷᠳᠡᠪᠡ᠃ 《 ᠱᠠᠮᠱᠢᠨ ᠢᠯᠵᠠᠷᠠᠵᠤ ᠦᠯᠦ ᠪᠤᠯᠤᠨ᠎ᠠ᠂ ᠡᠷᠭᠡᠪᠰᠢ ᠠᠵᠢᠯ ᠠᠮᠢᠳᠤᠷᠠᠯᠤᠨ ᠵᠢᠡᠨ ᠠᠯᠬᠤᠮ ᠪᠦᠷᠢᠳᠤ ᠠᠯᠳᠠᠭ᠎ᠠ ᠪᠤᠷᠤᠭᠤ ᠦᠯᠦ ᠭᠠᠷᠭᠠᠵᠤ᠂ ᠲᠦᠪ ᠴᠢᠭᠡᠴᠢ ᠪᠠᠢᠬᠤᠵᠢ ᠢᠮᠠᠬᠳᠠ ᠪᠠᠷᠢᠮᠳᠠᠯᠠᠬᠤ ᠭᠡᠷᠡᠭᠳᠡᠢ》 ᠭᠡᠵᠦ ᠨᠢᠭᠡᠨ ᠵᠠᠯᠠᠭᠤ ᠺᠠᠳ᠋ᠷ ᠪᠤᠳᠤᠯ ᠲᠦᠷᠦᠭᠳᠡᠯ ᠢ᠋ᠶ᠋ᠡᠨ ᠲᠡᠯᠭᠡᠵᠤ ᠪᠠᠢᠯ᠎ᠠ᠃
ᠪᠠᠶᠠᠨᠨᠠᠭᠤᠷ ᠬᠣᠲᠠᠵᠢᠨ ᠬᠢᠨ ᠱᠢᠨ᠎ᠡ ᠪᠡᠷ ᠳᠡᠪᠱᠢᠭᠦᠯᠦᠭ᠌ᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ ᠶ᠋ᠢᠨ ᠠᠵᠢᠯ ᠤ᠋ᠨ ᠪᠠᠢᠷᠢ ᠶ᠋ᠢᠨ ᠺᠠᠳ᠋ᠷ ᠵᠡᠷᠭᠡ ᠭᠤᠤᠯᠳᠠᠯᠭ᠎ᠠ ᠲᠠᠢ ᠬᠦᠮᠦᠰ ᠲᠦ᠍ ᠴᠢᠭ᠌ᠯᠡᠭᠦᠯᠦᠨ᠂ ᠲᠤᠰᠭᠠᠶ ᠰᠡᠳᠦᠪ ᠢ᠋ᠶ᠋ᠡᠷ ᠬᠠᠪᠰᠤᠷᠤᠨ ᠵᠢᠯᠣᠭᠣᠳᠬᠤ ᠰᠤᠷᠤᠯᠴᠠᠯᠭ᠎ᠠ᠂ ᠭᠤᠤᠯᠳᠠᠯᠭ᠎ᠠ ᠲᠠᠢ ᠪᠣᠯᠪᠠᠰᠤᠷᠠᠯ ᠤ᠋ᠨ ᠰᠤᠷᠤᠯᠴᠠᠯᠭ᠎ᠠ᠂ ᠬᠡᠷᠡᠭ ᠤ᠋ᠨ ᠵᠢᠱ᠌ᠢᠶ᠎ᠡ ᠪᠡᠷ ᠲᠠᠢᠯᠪᠤᠷᠢᠯᠠᠬᠤ ᠰᠤᠷᠤᠯᠴᠠᠯᠭ᠎ᠠ᠂ ᠡᠳᠦᠷ ᠲᠤᠲᠤᠮᠤᠨ ᠠᠮᠢᠳᠤᠷᠠᠯ ᠳ᠋ᠠᠭᠠᠨ ᠠᠭᠤᠰᠤᠯᠴᠠᠭᠤᠯᠬᠤ ᠰᠤᠷᠤᠯᠴᠠᠯᠭ᠎ᠠ ᠶ᠋ᠢᠨ 《ᠳᠥᠷᠪᠡᠨ ᠰᠤᠷᠤᠯᠴᠠᠯᠭ᠎ᠠ ᠬᠣᠯᠪᠣᠭᠠᠯᠠᠨ ᠬᠥᠳᠡᠯᠦᠯᠴᠡᠬᠦ᠌》 ᠵᠠᠭ᠍ᠪᠤᠷ ᠢ᠋ ᠪᠠᠢᠭᠤᠯᠵᠤ᠂ ᠰᠤᠷᠤᠯᠴᠠᠬᠤ ᠶ᠋ᠢᠨ ᠳᠠᠭᠠᠤ ᠪᠠᠢᠴᠠᠭᠠᠵᠤ ᠰᠠᠢᠵᠢᠷᠠᠭᠤᠯᠪᠠ᠃ ᠰᠤᠷᠤᠯᠴᠠᠯᠭ᠎ᠠ ᠪᠡᠷ ᠰᠠᠭᠤᠷᠢ ᠵᠢ ᠪᠡᠬᠢᠵᠢᠭᠦᠯᠬᠦ᠌᠂ ᠪᠠᠢᠴᠠᠭᠠᠯᠲᠠ ᠪᠡᠷ ᠠᠵᠢᠯᠯᠠᠭ᠎ᠠ ᠵᠢ ᠠᠬᠢᠭᠤᠯᠬᠤ᠂ ᠥᠭᠡᠷᠡᠴᠢᠯᠡᠯᠲᠡ ᠪᠡᠷ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌ ᠵᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤ᠋ᠨ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠬᠤ ᠬᠢᠭᠡᠳ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠣᠭ᠍ᠲᠠᠴᠠ ᠶ᠋ᠢᠨ ᠠᠴᠢᠶᠠᠯᠠᠪᠤᠷᠢ ᠵᠢ ᠣᠷᠭᠠᠨᠢᠭ ᠢ᠋ᠶ᠋ᠡᠷ ᠠᠭᠤᠰᠤᠯᠴᠠᠭᠤᠯᠵᠤ᠂ ᠨᠢᠭᠡ ᠴᠤᠭ᠍ᠴᠠᠵᠢᠭᠤᠯᠤᠨ ᠠᠬᠢᠭᠤᠯᠵᠤ᠂ ᠬᠥᠭ᠌ᠵᠢᠯᠲᠡ ᠶ᠋ᠢᠨ ᠪᠠᠴᠢᠮ ᠬᠡᠷᠡᠭ᠌ᠴᠡᠭᠡ᠂ ᠠᠵᠤ ᠠᠬᠤᠢᠯᠠᠯ ᠤ᠋ᠨ ᠬᠡᠷᠡᠭ᠌ᠴᠡᠭᠡ᠂ ᠦᠨᠳᠦᠰᠦᠨ ᠱᠠᠲᠤᠨ ᠤ᠋ ᠬᠦᠰᠡᠯ ᠡᠷᠡᠮᠡᠯᠵᠡᠯ ᠳ᠋ᠤ ᠴᠠᠭ ᠲᠤᠬᠠᠶ ᠳ᠋ᠤᠨᠢ ᠬᠠᠷᠢᠭᠤᠯᠲᠠ ᠥᠭ᠌ᠴᠦ᠂ ᠰᠤᠷᠲᠠᠯ ᠢ᠋ ᠠᠳᠭᠤᠨ ᠠᠵᠢᠯ ᠢ᠋ ᠠᠬᠢᠭᠤᠯᠬᠤ᠂ ᠠᠵᠢᠯ ᠢ᠋ ᠠᠳᠭᠤᠨ ᠰᠤᠷᠲᠠᠯ ᠢ᠋ ᠴᠢᠩᠭᠠᠳᠭᠠᠬᠤ ᠰᠠᠢᠨ ᠣᠷᠴᠢᠯ ᠢ᠋ ᠪᠦᠷᠢᠯᠳᠦᠭᠦᠯᠵᠦ᠍᠂ ᠰᠤᠷᠲᠠᠯ ᠢ᠋ᠶ᠋ᠡᠨ ᠬᠤᠪᠢᠷᠠᠭᠤᠯᠤᠬᠰᠠᠨ ᠪᠤᠳᠠᠳᠤ ᠪᠠᠢᠳᠠᠯ ᠢ᠋ᠶ᠋ᠡᠷ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠮᠵᠢ ᠵᠢ ᠱᠢᠯᠭᠠᠪᠠ᠃ 《ᠪᠠᠷᠢᠮᠵᠢᠶ᠎ᠠ ᠶᠣᠰᠣᠭᠠᠷ ᠵᠥᠷᠢᠶ᠎ᠡ ᠪᠠᠨ ᠡᠷᠢᠵᠦ᠍᠂ ᠲᠡᠷᠢᠭᠦᠨ ᠤ᠋ ᠬᠢ ᠪᠤᠯᠬᠤ ᠪᠠᠷ ᠴᠢᠷᠮᠠᠢᠬᠤ》ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠺᠠᠳ᠋ᠷᠴᠤᠳ ᠢ᠋ ᠤᠷᠮᠠᠱᠢᠭᠤᠯᠤᠨ ᠵᠣᠷᠢᠭ᠍ᠵᠢᠭᠤᠯᠬᠤ 《ᠲᠤᠨᠭᠬᠠᠭ ᠨᠡᠢᠲᠡᠯᠡᠨ ᠮᠠᠨᠭᠯᠠᠢᠯᠠᠬᠴᠢ ᠡᠯᠰᠡᠬᠦ》 ᠠᠵᠢᠯᠯᠠᠭ᠎ᠠ ᠵᠢ ᠯᠠᠪᠳᠠᠭᠤᠨ ᠢ᠋ᠶ᠋ᠡᠷ ᠠᠬᠢᠭᠤᠯᠵᠤ᠂ 《 ᠠᠵᠤ ᠠᠬᠤᠢᠯᠠᠯ ᠡᠴᠡ ᠰᠡᠳᠦᠪ ᠭᠠᠷᠭᠠᠬᠤ᠂ ᠵᠠᠰᠠᠭ ᠤ᠋ᠨ ᠣᠷᠳᠣᠨ ᠡᠴᠡ ᠰᠡᠳᠦᠪ ᠪᠤᠳᠤᠬᠤ》 ᠲᠤᠰᠭᠠᠶ ᠠᠵᠢᠯᠯᠠᠭ᠎ᠠ ᠵᠢ ᠱᠢᠨ᠎ᠡ ᠵᠢ ᠡᠭᠦᠳᠦᠨ ᠥᠷᠨᠢᠭᠦᠯᠵᠦ᠍᠂ ᠮᠥᠩᠭᠥᠨ ᠭᠦᠶ᠋ᠯᠭᠡᠭᠡᠨ ᠤ᠋ ᠦᠶ᠋ᠯᠡᠴᠢᠯᠡᠭᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠥᠷᠥᠯ ᠵᠦᠶ᠋ᠯ ᠵᠡᠷᠭᠡ ᠲᠠᠢ ᠬᠤᠯᠪᠤᠭᠳᠠᠭᠰᠠᠨ 111 ᠬᠦᠴᠢᠷ ᠠᠰᠠᠭᠤᠳᠠᠯ ᠢ᠋ ᠬᠠᠨᠳᠤᠯᠭᠠᠲᠤ ᠴᠢᠨᠠᠷᠲᠠᠶ ᠪᠡᠷ ᠱᠢᠶ᠋ᠳᠪᠦᠷᠢᠯᠡᠪᠡ᠃