7 ᠰᠠᠷ᠎ᠠ᠎ᠶᠢᠨ 16᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠨᠠᠮ᠎ᠤᠨ ᠬᠣᠷᠢᠶ᠎ᠠ ᠵᠢᠨ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠬᠡᠷ᠎ᠡᠴᠡ ᠭᠤᠤᠯᠯᠠᠨ
ᠡᠷᠭᠢᠯᠡᠭᠰᠡᠨ 2025 ᠥᠪᠥᠷ ᠮᠣᠩᠭᠣᠯ᠎ᠤᠨ 《ᠰᠦᠯᠵᠢᠶ᠎ᠡ᠎ᠪᠡᠷ ᠤᠮᠠᠷᠠᠲᠤ᠌ ᠬᠢᠯᠢ᠎ᠶᠢᠨ ᠢᠳᠡᠪᠬᠢ ᠡᠨᠧᠷᠭᠢ᠎ᠶ᠋ᠢ ᠬᠤᠷᠠᠮᠳᠤᠭᠤᠯᠤᠶ᠎ᠠ》ᠭᠡᠬᠦ ᠰᠦᠯᠵᠢᠶᠡᠨ᠎ᠦ ᠪᠣᠯᠪᠠᠰᠤᠨ᠎ᠤ ᠤᠯᠠᠷᠢᠯ ᠵᠢᠴᠢ ᠪᠥᠬᠥ᠌ ᠠᠷᠠᠳ᠎ᠤᠨ ᠲᠣᠭᠠᠴᠢᠯᠠᠭᠰᠠᠨ
ᠬᠡᠪ ᠪᠣᠯᠪᠠᠰᠤᠷᠠᠯ ᠪᠣᠯᠤᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ᠌ ᠰᠠᠷ᠎ᠠ᠎ᠶᠢᠨ ᠦᠵᠡᠭᠦᠯᠭᠡ᠎ᠶᠢᠨ ᠠᠵᠢᠯᠯᠠᠭ᠎ᠠ
ᠬᠥᠬᠡᠬᠣᠲᠠ᠎ᠳᠤ ᠡᠬᠢᠯᠡᠪᠡ᠃
ᠲᠣᠰ ᠤᠳᠠᠭᠠᠨ᠎ᠤ ᠠᠵᠢᠯᠯᠠᠭ᠎ᠠ᠎ᠨᠢ 《ᠰᠦᠯᠵᠢᠶ᠎ᠡ᠎ᠪᠡᠷ ᠤᠮᠠᠷᠠᠲᠤ᠌
ᠬᠢᠯᠢ᠎ᠶᠢᠨ ᠢᠳᠡᠪᠬᠢ ᠡᠨᠧᠷᠭᠢ᠎ᠶ᠋ᠢ ᠬᠤᠷᠠᠮᠳᠤᠭᠤᠯᠤᠶ᠎ᠠ》ᠭᠡᠬᠦ ᠭᠤᠤᠯ
ᠰᠡᠳᠦᠪ ᠲᠠᠢ ᠪᠠᠢᠵᠤ᠂ ᠰᠦᠯᠵᠢᠶᠡᠨ᠎ᠦ ᠪᠣᠯᠪᠠᠰᠤᠨ᠎ᠤ ᠣᠢᠯᠠᠭᠠᠭ᠍ᠳᠠᠬᠤᠨ᠎ᠢ ᠶᠡᠬᠡᠪᠡᠷ ᠤᠯᠠᠮᠵᠢᠯᠠᠨ ᠳᠡᠯᠭᠡᠷᠡᠭᠦᠯᠵᠦ᠍᠂
ᠪᠥᠬᠥ᠌ ᠠᠷᠠᠳ᠎ᠤᠨ ᠲᠣᠭᠠᠴᠢᠯᠠᠭᠰᠠᠨ ᠬᠡᠪ ᠪᠣᠯᠪᠠᠰᠤᠷᠠᠯ ᠪᠣᠯᠤᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠵᠦ᠍᠂
ᠥᠪᠥᠷ ᠮᠣᠩᠭᠣᠯ᠎ᠤᠨ ᠰᠦᠯᠵᠢᠶᠡᠨ᠎ᠦ ᠪᠣᠯᠪᠠᠰᠤᠨ᠎ᠤ ᠪᠠᠶ᠋ᠢᠭᠤᠯᠤᠯᠲᠠ᠎ᠶᠢᠨ ᠠᠮᠢᠳᠤᠯᠢᠭ ᠦᠢᠯᠡᠳᠦᠯᠭᠡ ᠪᠣᠯᠤᠨ ᠠᠵᠢᠯ᠎ᠤᠨ
ᠦᠷ᠎ᠡ ᠪᠦᠲᠦᠮᠵᠢ᠎ᠶᠢ ᠳᠡᠯᠭᠡᠨ ᠦᠵᠡᠭᠦᠯᠵᠦ᠍᠂ ᠪᠣᠯᠪᠠᠰᠤᠨ᠎ᠢᠶᠠᠷ ᠰᠦᠯᠵᠢᠶ᠎ᠡ ᠡᠷᠭᠢᠯᠡᠬᠦ᠌᠂ ᠪᠣᠯᠪᠠᠰᠤᠨ᠎ᠢᠶᠠᠷ
ᠰᠦᠯᠵᠢᠶ᠎ᠡ ᠬᠡᠷᠡᠭᠯᠡᠬᠦ᠌᠂ ᠪᠣᠯᠪᠠᠰᠤᠨ᠎ᠢᠶᠠᠷ ᠰᠦᠯᠵᠢᠶᠡᠨ᠎ᠳᠦ ᠭᠠᠷᠬᠤ ᠰᠦᠯᠵᠢᠶᠡᠨ᠎ᠦ ᠪᠣᠯᠪᠠᠰᠤᠨ᠎ᠤ ᠰᠢᠨ᠎ᠡ
ᠬᠡᠪ ᠰᠤᠷᠲᠠᠯ᠎ᠢ ᠪᠣᠶ ᠪᠣᠯᠭᠠᠬᠤ᠎ᠶᠢ ᠠᠬᠢᠭᠤᠯᠬᠤ᠎ᠶᠢᠨ ᠲᠥᠯᠥᠭᠡ ᠶᠤᠮ᠃ ᠠᠵᠢᠯᠯᠠᠭ᠎ᠠ᠎ᠳᠤ 《ᠣᠶᠣᠨᠴᠢ·ᠤᠮᠠᠷᠠᠲᠤ᠌ ᠬᠢᠯᠢ》᠂ 《ᠠᠮᠢᠵᠢᠷᠠᠯ· ᠤᠮᠠᠷᠠᠲᠤ᠌
ᠬᠢᠯᠢ》᠂ 《ᠪᠣᠯᠪᠠᠰᠤᠨ·ᠤᠮᠠᠷᠠᠲᠤ᠌ ᠬᠢᠯᠢ》 ᠵᠡᠷᠭᠡ ᠭᠤᠷᠪᠠᠨ ᠶᠡᠬᠡ
ᠠᠭᠤᠯᠭ᠎ᠠ᠎ᠶᠢ ᠪᠠᠭᠲᠠᠭᠠᠵᠤ᠂ ᠠᠬᠤᠶ ᠪᠠᠶ᠋ᠢᠳᠠᠯ᠎ᠢ ᠲᠣᠭᠠᠴᠢᠬᠤ᠂ ᠬᠡᠷᠡᠭ᠎ᠦᠨ ᠵᠢᠱ᠌ᠢᠶ᠎ᠡ᠎ᠶᠢ ᠬᠤᠪᠢᠶᠠᠯᠴᠠᠬᠤ᠂ ᠦᠷ᠎ᠡ
ᠪᠦᠲᠦᠭᠡᠯ᠎ᠢ ᠨᠡᠶ᠋ᠢᠲᠡᠯᠡᠬᠦ᠌᠂ ᠪᠡᠶᠡᠴᠢᠯᠡᠨ ᠣᠶ᠋ᠢᠯᠠᠭᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ 《ᠰᠢᠨᠵᠢᠯᠡᠬᠦ᠌ ᠤᠬᠠᠭᠠᠨ ᠮᠡᠷᠭᠡᠵᠢᠯ + ᠪᠣᠯᠪᠠᠰᠤᠨ + ᠰᠢᠨ᠎ᠡ᠎ᠶᠢ ᠡᠭᠦᠳᠬᠦ᠌》
ᠶᠡᠷᠦᠩᠬᠡᠶ᠋ᠢᠯᠡᠭᠰᠡᠨ ᠦᠵᠡᠵᠦ᠍ ᠰᠣᠨᠣᠰᠤᠨ ᠪᠡᠶᠡᠴᠢᠯᠡᠨ ᠣᠶ᠋ᠢᠯᠠᠭᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ᠂ ᠰᠦᠯᠵᠢᠶᠡᠨ᠎ᠦ ᠪᠣᠯᠪᠠᠰᠤᠨ᠎ᠢ ᠬᠠᠮᠲᠤ᠎ᠪᠠᠷ
ᠪᠠᠶ᠋ᠢᠭᠤᠯᠵᠤ ᠬᠠᠮᠲᠤ᠎ᠪᠠᠷ ᠡᠳ᠋ᠯᠡᠬᠦ᠌ ᠤᠮᠠᠷᠠᠲᠤ᠌ ᠬᠢᠯᠢ᠎ᠶᠢᠨ ᠱᠢᠨ᠎ᠡ ᠬᠠᠭᠤᠳᠠᠰᠤ᠎ᠶᠢ ᠳᠡᠯᠭᠡᠨ ᠦᠵᠡᠭᠦᠯᠦᠨ᠎ᠡ᠃
ᠠᠵᠢᠯᠯᠠᠭ᠎ᠠ᠎ᠶᠢᠨ ᠲᠤᠬᠠᠶ᠎ᠶᠢᠨ ᠲᠠᠯᠠᠪᠠᠶ᠎ᠳᠤ 《2024 ᠣᠨ᠎ᠤ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠦ ᠪᠣᠯᠪᠠᠰᠤᠨ᠎ᠤ ᠪᠠᠶ᠋ᠢᠭᠤᠯᠤᠯᠲᠠ᠎ᠶᠢᠨ ᠰᠢᠯᠢᠳᠡᠭ ᠬᠡᠷᠡᠭ᠎ᠦᠨ
ᠵᠢᠱ᠌ᠢᠶ᠎ᠡ》᠂ 《2024 ᠣᠨ᠎ᠤ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠦ ᠨᠡᠶ᠋ᠢᠲᠡ᠎ᠶᠢᠨ ᠠᠰᠠᠷᠠᠮᠵᠢ᠎ᠶᠢᠨ ᠰᠢᠯᠢᠳᠡᠭ
ᠬᠡᠷᠡᠭ᠎ᠦᠨ ᠵᠢᠱ᠌ᠢᠶ᠎ᠡ》᠂ 《2025
ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ IPv6 / IPv6 +
ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠡᠷᠡᠭᠯᠡᠭᠡᠨ᠎ᠦ ᠬᠡᠷᠡᠭ᠎ᠦᠨ ᠵᠢᠱ᠌ᠢᠶ᠎ᠡ ᠪᠠ ᠨᠡᠶ᠋ᠢᠲᠡᠯᠢᠭ ᠬᠡᠷᠡᠭ᠎ᠦᠨ
ᠵᠢᠱ᠌ᠢᠶ᠎ᠡ》᠎ᠶᠢ ᠨᠡᠶ᠋ᠢᠲᠡᠯᠡᠵᠦ᠍᠂ 2025 ᠣᠨ᠎ᠤ 《ᠰᠦᠯᠵᠢᠶ᠎ᠡ᠎ᠪᠡᠷ ᠤᠮᠠᠷᠠᠲᠤ᠌ ᠬᠢᠯᠢ᠎ᠶᠢᠨ ᠢᠳᠡᠪᠬᠢ ᠡᠨᠧᠷᠭᠢ᠎ᠶ᠋ᠢ ᠬᠤᠷᠠᠮᠳᠤᠭᠤᠯᠤᠶ᠎ᠠ》 ᠭᠡᠬᠦ ᠭᠤᠤᠯ ᠰᠡᠳᠦᠪᠲᠦ ᠰᠦᠯᠵᠢᠶᠡᠨ᠎ᠦ ᠪᠣᠯᠪᠠᠰᠤᠨ᠎ᠤ ᠤᠯᠠᠷᠢᠯ᠎ᠤᠨ ᠰᠢᠷᠢᠰ ᠠᠵᠢᠯᠯᠠᠭ᠎ᠠ᠎ᠶᠢ ᠡᠬᠢᠯᠡᠭᠦᠯᠪᠡ᠃
ᠬᠤᠯᠪᠤᠭᠳᠠᠯ ᠪᠥᠬᠥᠶ ᠰᠠᠯᠠᠭ᠎ᠠ ᠮᠥᠴᠢᠷ᠎ᠦᠨ ᠠᠵᠢᠯᠲᠠᠨ᠂ ᠱᠠᠩᠨᠠᠯ ᠭᠥᠷᠳᠡᠭᠰᠡᠨ ᠵᠠᠷᠢᠮ ᠵᠣᠬᠢᠶᠠᠨ ᠪᠠᠶ᠋ᠢᠭᠤᠯᠤᠯᠲᠠ᠎ᠶᠢᠨ
ᠲᠥᠯᠥᠭᠡᠯᠡᠭᠴᠢ 《ᠰᠦᠯᠵᠢᠶᠡᠨ᠎ᠦ ᠪᠣᠯᠪᠠᠰᠤᠨ᠎ᠤ ᠰᠢᠨ᠎ᠡ ᠰᠤᠷᠲᠠᠯ᠎ᠢ ᠪᠣᠶ
ᠪᠣᠯᠭᠠᠵᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠌ ᠨᠡᠶ᠋ᠢᠯᠡᠮᠡᠯ ᠬᠦᠴᠦᠨ᠎ᠢ ᠨᠢᠭᠲᠠᠷᠠᠭᠤᠯᠬᠤ》 ᠵᠡᠷᠭᠡ ᠠᠭᠤᠯᠭ᠎ᠠ᠎ᠶᠢᠨ ᠲᠣᠭᠣᠷᠢᠨ᠎ᠳᠤ ᠦᠢᠯᠡᠳᠦᠯᠭᠡ᠎ᠶᠢᠨ ᠬᠡᠷᠡᠭ᠎ᠦᠨ ᠵᠢᠱ᠌ᠢᠶ᠎ᠡ᠎ᠲᠡᠶ ᠪᠠᠨ ᠤᠶᠠᠯᠳᠤᠭᠤᠯᠤᠨ ᠬᠡᠷᠡᠭ᠎ᠤᠨ ᠵᠢᠱ᠌ᠢᠶ᠎ᠡ ᠪᠠᠨ ᠬᠤᠪᠢᠶᠠᠯᠴᠠᠪᠠ᠃
ᠢᠷᠡᠯᠲᠡ᠄ ᠳᠠᠯ᠎ᠠ
ᠨᠤᠳᠤᠭ᠎ᠤᠨ ᠡᠭᠦᠯᠡ ᠰᠢᠯᠵᠢᠶ᠎ᠠ