ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠱᠢᠯᠢ᠎ᠶ᠋ᠢᠨ ᠭᠣᠣᠯ ᠠᠢᠮᠠᠭ ᠪᠣᠯᠤᠨ ᠬᠥᠯᠥᠨ ᠪᠤᠢ᠌ᠷ ᠬᠤᠳᠠ᠎ᠶ᠋ᠢᠨ ᠬᠢᠨ ᠭᠣᠣᠯ ᠠᠵᠢᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠴᠢᠩᠭ᠎ᠠ ᠱᠠᠭᠠᠷᠳᠠᠬᠤ᠂ ᠥᠨᠳᠥᠷ ᠪᠠᠷᠢᠮᠵᠢᠶ᠎ᠠ᠎ᠲᠠᠶ ᠪᠠᠢᠬᠤ᠎ᠶ᠋ᠢ ᠪᠠᠷᠢᠮᠲᠠᠯᠠᠵᠤ᠂ ᠠᠵᠢᠯ᠎ᠢᠶᠠᠨ ᠠᠬᠢᠭᠤᠯᠤᠭ᠍ᠰᠠᠨ᠎ᠢᠶᠠᠷ ᠬᠦᠷᠦᠯᠴᠡᠬᠦ᠌ ᠦᠭᠡᠢ᠂ ᠭᠣᠣᠯᠳᠠᠯᠭ᠎ᠠ᠎ᠲᠠᠶ ᠠᠰᠠᠭᠤᠳᠠᠯ ᠲᠤᠪᠤᠢ᠌ᠮ᠎ᠠ ᠪᠠᠢᠭ᠎ᠠ ᠭᠠᠵᠠᠷ ᠣᠷᠣᠨ ᠪᠣᠯᠤᠨ ᠨᠢᠭᠡᠴᠢ᠎ᠳᠦ ᠤᠨᠢᠨ ᠳᠡᠭᠡᠷ᠎ᠡ ᠨᠢ ᠴᠡᠭᠴᠡᠯᠡᠵᠦ᠂ ᠤᠨᠢᠨ ᠳᠡᠭᠡᠷ᠎ᠡ ᠨᠢ ᠱᠠᠯᠠᠪᠳᠠᠭᠤᠯᠤᠨ ᠵᠢᠯᠣᠭᠣᠳᠴᠤ᠌᠂ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠣᠭᠣᠳᠭᠤ᠎ᠪᠠᠷ ᠲᠤᠪᠤᠢ᠌ᠮ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃
ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠣᠷᠢᠶ᠎ᠠ ᠵᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠶ ᠠᠩᠭᠢ ᠪᠥᠬᠥ᠌ ᠠᠢᠮᠠᠭ᠎ᠤᠨ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠠᠬᠢᠭᠤᠯᠬᠤ ᠬᠤᠷᠠᠯ ᠵᠢᠴᠢ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠤᠨ ᠳᠠᠢᠴᠢᠯᠠᠨ ᠪᠣᠯᠪᠠᠰᠤᠷᠠᠭᠤᠯᠬᠤ ᠬᠤᠷᠠᠯ᠎ᠢ ᠬᠤᠷᠠᠯᠳᠤᠭᠤᠯᠵᠤ᠂ ᠰᠦᠯᠵᠢᠶᠡᠨ ᠳᠡᠭᠡᠷ᠎ᠡ + ᠪᠤᠳᠠᠲᠤ ᠴᠤᠭᠴᠠᠵᠢᠨ ᠠᠷᠭ᠎ᠠ ᠬᠡᠯᠪᠡᠷᠢ᠎ᠶ᠋ᠢ ᠠᠪᠴᠤ᠌᠂ ᠠᠢᠮᠠᠭ ᠬᠣᠱᠢᠭᠤ ᠬᠣᠶᠠᠷ ᠱᠠᠲᠤᠨ᠎ᠤ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠳᠤ ᠪᠦᠬᠦᠨ᠎ᠢ ᠬᠠᠮᠤᠷᠬᠤ ᠪᠣᠯᠪᠠᠰᠤᠷᠠᠯ ᠬᠢᠵᠦ᠍᠂ ᠱᠠᠯᠠᠪᠳᠠᠭᠤᠯᠤᠨ ᠵᠢᠯᠣᠭᠣᠳᠭᠤ ᠬᠠᠷᠠᠯᠲᠠ᠂ ᠠᠵᠢᠯ᠎ᠤᠨ ᠠᠷᠭ᠎ᠠ ᠵᠠᠮ ᠪᠠ ᠪᠣᠳᠠᠲᠠᠶ ᠱᠠᠭᠠᠷᠳᠠᠯᠭ᠎ᠠ᠎ᠶ᠋ᠢ ᠲᠣᠳᠣᠷᠬᠠᠢᠯᠠᠪᠠ᠃ ᠡᠭᠦᠨ᠎ᠦ ᠬᠠᠮᠲᠤ᠂ ᠣᠨᠣᠯ᠎ᠤᠨ ᠰᠤᠷᠤᠯᠴᠠᠯᠭ᠎ᠠ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠲᠥᠪᠯᠡᠷᠡᠭᠦᠯᠦᠨ ᠴᠡᠭ᠌ᠴᠡᠯᠡᠨ ᠵᠠᠰᠠᠬᠤ᠂ ᠡᠭᠦᠳᠡ᠎ᠪᠡᠨ ᠨᠡᠭᠡᠭᠡᠵᠦ᠍ ᠬᠥᠮᠦᠵᠢᠭᠦᠯᠬᠦ᠌᠂ ᠲᠦᠷᠢᠮ ᠲᠣᠭ᠍ᠲᠠᠭᠠᠯ ᠲᠣᠭ᠍ᠲᠠᠭᠠᠬᠤ ᠵᠡᠷᠭᠡ ᠭᠤᠤᠯᠳᠠᠯᠭ᠎ᠠ᠎ᠲᠠᠶ ᠡᠭᠦᠷᠭᠡ᠎ᠶ᠋ᠢᠨ ᠲᠣᠭᠣᠷᠢᠨ᠎ᠳᠤ᠂《ᠰᠤᠷᠤᠯᠴᠠᠯᠭ᠎ᠠ ᠬᠥᠮᠦᠵᠢᠯ᠎ᠦᠨ ᠱᠠᠯᠠᠪᠳᠠᠭᠤᠯᠤᠨ ᠵᠢᠯᠣᠭᠣᠳᠭᠤ ᠠᠵᠢᠯ᠎ᠤᠨ ᠭᠠᠷ ᠳᠡᠪᠲᠡᠷ》᠎ᠢ᠋ ᠨᠠᠢᠷᠠᠭᠤᠯᠤᠨ ᠳᠠᠷᠤᠮᠠᠯᠯᠠᠵᠤ᠂ ᠡᠯ᠎ᠡ ᠱᠠᠲᠤᠨ᠎ᠤ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠳᠤ ᠬᠠᠪᠰᠤᠷᠤᠨ ᠵᠢᠯᠣᠭᠣᠳᠭᠤ ᠪᠣᠯᠪᠠᠰᠤᠷᠠᠯ ᠥᠷᠨᠢᠭᠦᠯᠵᠦ᠍᠂ ᠡᠭᠦᠷᠭᠡ᠎ᠶ᠋ᠢ ᠱᠠᠯᠠᠪᠳᠠᠭᠤᠯᠤᠨ᠂ ᠠᠬᠢᠴᠠ᠎ᠶ᠋ᠢ ᠱᠠᠯᠠᠪᠳᠠᠭᠤᠯᠤᠨ᠂ ᠦᠷ᠎ᠡ ᠪᠦᠲᠦᠮᠵᠢ᠎ᠶ᠋ᠢ ᠱᠠᠯᠠᠪᠳᠠᠭᠤᠯᠬᠤ᠎ᠵᠢᠨ ᠬᠠᠮᠲᠤ ᠪᠠᠰᠠ ᠲᠠᠨᠢᠯᠲᠠ᠎ᠶ᠋ᠢ ᠪᠠᠢᠴᠠᠭᠠᠨ᠂ ᠬᠠᠷᠢᠭᠤᠴᠠᠯᠭ᠎ᠠ᠎ᠶ᠋ᠢ ᠪᠠᠢᠴᠠᠭᠠᠨ᠂ ᠰᠤᠷᠲᠠᠯ᠎ᠢ ᠪᠠᠢᠴᠠᠭᠠᠵᠤ᠂ ᠴᠡᠭ᠎ᠡᠴᠡ ᠱᠢᠪᠲᠤᠯᠬᠤ᠎ᠪᠠᠷ ᠳᠠᠮᠵᠢᠭᠤᠯᠤᠨ ᠪᠥᠬᠥ᠌ ᠲᠠᠯ᠎ᠠ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠵᠢᠨ ᠪᠦᠬᠦᠯᠢ ᠴᠣᠭ᠍ᠴᠠ᠎ᠵᠢᠨ ᠳᠡᠭᠡᠭ᠌ᠰᠢᠯᠡᠯᠲᠡ᠎ᠵᠢ ᠳᠠᠢᠴᠢᠯᠠᠪᠠ᠃ ᠲᠣᠭᠣᠷᠢᠨ ᠪᠠᠢᠴᠠᠭᠠᠬᠤ ᠠᠯᠪᠠᠨ ᠬᠡᠷ᠂ ᠬᠢᠨᠠᠨ ᠪᠤᠳᠤᠬᠤ ᠲᠣᠪᠴᠢᠶ᠎ᠠ᠂ ᠡᠳ᠋᠎ᠦᠨ ᠵᠠᠰᠠᠭ᠎ᠤᠨ ᠲᠣᠪᠴᠢᠶ᠎ᠠ᠂ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ ᠨᠢᠭᠡᠴᠢ᠎ᠡᠴᠡ ᠢᠳᠡᠪᠬᠢᠲᠡᠶ᠎ᠪᠡᠷ ᠰᠠᠨᠠᠯ ᠬᠤᠷᠢᠶᠠᠵᠤ᠂ ᠠᠵᠢᠯ ᠲᠥᠷᠥᠯ᠎ᠦᠨ ᠬᠦᠷᠢᠶ᠎ᠡ ᠪᠠ ᠠᠵᠢᠯ᠎ᠤᠨ ᠬᠠᠮᠤᠷᠬᠤ ᠬᠡᠪᠴᠢᠶ᠎ᠡ᠎ᠶ᠋ᠢ ᠬᠠᠮᠲᠤᠳᠤᠨᠢ ᠬᠠᠷᠠᠭᠠᠯᠵᠠᠵᠤ᠂ ᠴᠤᠭ᠍ᠯᠠᠭᠤᠯᠤᠨ ᠡᠮᠬᠢᠯᠡᠬᠦ᠌᠂ ᠵᠠᠳᠠᠯᠤᠯᠲᠠ ᠬᠢᠵᠦ᠍ ᠰᠤᠳᠤᠯᠤᠨ ᠮᠠᠭᠠᠳᠯᠠᠬᠤ᠎ᠪᠠᠷ ᠳᠡᠮᠵᠢᠨ᠂ 7 ᠭᠠᠵᠠᠷ ᠣᠷᠣᠨ᠂ ᠨᠢᠭᠡᠴᠢ᠎ᠳᠦ ᠬᠠᠷᠠᠯᠲᠠ᠎ᠲᠠᠶ᠎ᠪᠠᠷ ᠱᠠᠯᠠᠪᠳᠠᠭᠤᠯᠤᠨ ᠵᠢᠯᠣᠭᠣᠳᠭᠤ ᠠᠵᠢᠯ ᠥᠷᠨᠢᠭᠦᠯᠬᠦ᠌᠎ᠶ᠋ᠢ ᠲᠣᠳᠣᠷᠬᠠᠢᠯᠠᠪᠠ᠃ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠤᠨ ᠪᠦᠷᠢᠯᠳᠦᠬᠦᠨ᠎ᠢ ᠱᠢᠯᠢᠳᠡᠭ᠎ᠢ᠎ᠨᠢ ᠰᠣᠩᠭᠣᠨ ᠳᠣᠭᠢᠷᠠᠭᠤᠯᠵᠤ᠂ ᠠᠢᠮᠠᠭ᠎ᠤᠨ ᠨᠠᠮ᠎ᠤᠨ ᠬᠣᠷᠢᠶ᠎ᠠ᠎ᠠᠴᠠ ᠬᠠᠮᠢᠶᠠᠷᠴᠤ᠌ ᠪᠠᠢᠭ᠎ᠠ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠲᠣᠭᠣᠷᠢᠨ ᠪᠠᠢᠴᠠᠭᠠᠬᠤ ᠠᠯᠪᠠᠨ ᠬᠡᠷ᠂ ᠪᠠᠢᠭᠤᠯᠭ᠎ᠠ᠎ᠶ᠋ᠢᠨ ᠨᠠᠮ᠎ᠤᠨ ᠠᠵᠢᠯᠯᠠᠬᠤ ᠬᠤᠷᠢᠶ᠎ᠡ᠂ ᠬᠠᠤᠯᠢ ᠴᠠᠭᠠᠵᠠ᠎ᠶ᠋ᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠎ᠶ᠋ᠢᠨ ᠭᠤᠤᠯᠯᠠᠭ᠍ᠴᠢ ᠬᠦᠴᠦᠨ᠎ᠢ ᠵᠣᠬᠢᠶᠠᠨ ᠪᠠᠢᠭᠤᠯᠵᠤ᠂ ᠱᠠᠯᠠᠪᠳᠠᠭᠤᠯᠤᠨ ᠵᠢᠯᠣᠭᠣᠳᠭᠤ 5 ᠳᠤᠭᠤᠢᠯᠠᠩ᠎ᠢ ᠵᠣᠬᠢᠶᠠᠨ ᠪᠠᠢᠭᠤᠯᠵᠤ᠂ ᠱᠠᠯᠠᠪᠳᠠᠭᠤᠯᠤᠨ ᠵᠢᠯᠣᠭᠣᠳᠭᠤ 15 ᠬᠥᠮᠦᠨ᠎ᠢ ᠲᠣᠮᠢᠯᠠᠪᠠ;13 ᠬᠣᠱᠢᠭᠤ ᠱᠢᠶᠠᠨ ᠬᠣᠲᠠ (ᠲᠣᠭᠣᠷᠢᠭ) ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠢ 24 ᠪᠠᠢᠭᠤᠯᠵᠤ᠂ ᠱᠠᠯᠠᠪᠳᠠᠭᠤᠯᠤᠨ ᠵᠢᠯᠣᠭᠣᠳᠭᠤ 90 ᠬᠦᠮᠦᠨ᠎ᠢ ᠲᠣᠮᠢᠯᠠᠪᠠ᠃
ᠬᠥᠯᠥᠨ ᠪᠣᠢᠷ ᠬᠣᠲᠠ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠠᠰᠠᠭᠤᠳᠠᠯ᠎ᠢ ᠪᠥᠬᠥ᠌ ᠲᠠᠯ᠎ᠠ᠎ᠪᠠᠷ᠂ ᠣᠨᠣᠪᠴᠢᠲᠠᠶ᠂ ᠪᠣᠳᠠᠲᠠᠶ ᠵᠡᠷᠭᠡ ᠲᠠᠯ᠎ᠠ᠎ᠡᠴᠡ ᠪᠠᠢᠴᠠᠭᠠᠨ ᠳᠡᠯᠭᠡᠬᠦ᠌᠎ᠶ᠋ᠢ ᠥᠷᠨᠢᠭᠦᠯᠪᠡ᠃ 《ᠲᠤᠢᠯᠪᠤᠷᠢᠲᠠᠢ ᠪᠠᠢᠴᠠᠭᠠᠬᠤ᠌》 ᠲᠠᠢ ᠤᠶᠠᠯᠳᠤᠭᠤᠯᠤᠨ ᠠᠰᠠᠭᠤᠳᠠᠯ᠎ᠢ ᠪᠦᠬᠦᠨ᠎ᠢ ᠡᠷᠢᠪᠡ᠃ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ ) ᠵᠢᠨ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ ᠪᠠᠷᠢᠮᠵᠢᠶᠠᠯᠠᠨ ᠬᠠᠷᠭᠤᠭᠤᠯᠵᠤ ᠬᠠᠷᠢᠴᠠᠭᠤᠯᠬᠤ ᠵᠠᠷᠴᠢᠮ᠎ᠢ ᠪᠠᠷᠢᠮᠲᠠᠯᠠᠵᠤ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠳᠤᠮᠳᠠ ᠴᠤᠬᠤᠢᠯᠲᠠ᠎ᠶ᠋ᠢᠨ ᠴᠢᠨᠠᠷᠲᠠᠢ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠦᠨ ᠵᠠᠯᠠᠷᠠᠭᠤᠯᠵᠤ ᠂ ᠡᠷᠬᠡᠪᠰᠢ ᠥᠷᠨᠢᠭᠦᠯᠬᠦ᠌ ᠭᠣᠣᠯᠳᠠᠯᠭ᠎ᠠ᠎ᠲᠠᠶ ᠠᠵᠢᠯ᠎ᠢ ᠰᠠᠨᠠᠭᠤᠯᠬᠤ ᠪᠠ ᠱᠠᠯᠠᠪᠳᠠᠭᠤᠯᠤᠨ ᠵᠢᠯᠣᠭᠣᠳᠴᠤ᠌᠂ ᠲᠣᠭᠣᠷᠢᠨ ᠪᠠᠢᠴᠠᠭᠠᠬᠤ ᠱᠠᠯᠠᠪᠳᠠᠭᠤᠯᠤᠨ ᠪᠠᠢᠴᠠᠭᠠᠬᠤ ᠬᠢᠨᠠᠨ ᠪᠤᠳᠤᠯᠲᠠ᠎ᠵᠢᠨ ᠠᠰᠠᠭᠤᠳᠠᠯ᠎ᠢ ᠶᠡᠬᠡᠪᠡᠷ ᠵᠢᠭ᠍ᠰᠠᠭᠠᠨ ᠪᠠᠢᠴᠠᠭᠠᠬᠤ ᠲᠤᠢᠯᠪᠤᠷᠢᠲᠠᠢ ᠪᠠᠢᠴᠠᠭᠠᠬᠤ ᠡᠨᠡ ᠬᠦ᠌ ᠤᠨᠴᠠᠯᠢᠬ᠍ᠳᠤ ᠠᠵᠢᠯ᠎ᠲᠠᠶ ᠤᠶᠠᠯᠳᠤᠭᠤᠯᠵᠤ᠂ ᠳᠤᠲᠠᠭᠤᠳᠠᠯ᠂ ᠭᠣᠭᠣᠵᠢᠭ᠍ᠳᠠᠯ ᠭᠠᠷᠬᠤ᠎ᠠᠴᠠ ᠵᠠᠢᠯᠠᠰᠭᠢᠪᠡ᠃ 《ᠳᠥᠷᠪᠡ᠎ᠵᠢ ᠦᠵᠡᠬᠦ᠌》᠎ᠶ᠋ᠢ ᠴᠢᠩᠭ᠎ᠠ ᠬᠢᠨᠠᠵᠤ ᠠᠰᠠᠭᠤᠳᠠᠯ᠎ᠢ ᠣᠨᠣᠪᠴᠢᠲᠠᠶ ᠡᠷᠢᠪᠡ᠃ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ ) ᠰᠤᠳᠤᠯᠤᠨ ᠠᠩᠬ᠎ᠠ ᠬᠢᠨᠠᠬᠤ᠂ ᠠᠵᠢᠯ᠎ᠤᠨ ᠲᠤᠰᠭᠠᠶ ᠠᠩᠭᠢ ᠳᠠᠬᠢᠨ ᠬᠢᠨᠠᠬᠤ 《ᠬᠤᠶᠠᠷ ᠲᠠᠯ᠎ᠠ ᠡᠴᠡ ᠴᠢᠨᠭᠳᠠᠯᠠᠬᠤ》 ᠲᠣᠭ᠍ᠲᠠᠴᠠ᠎ᠶ᠋ᠢ ᠪᠠᠢᠭᠤᠯᠵᠤ᠂ 《ᠳᠥᠷᠪᠡ᠎ᠵᠢ ᠦᠵᠡᠬᠦ᠌》 ᠪᠠᠷᠢᠮᠵᠢᠶ᠎ᠠ᠎ᠪᠠᠷ ᠠᠰᠠᠭᠤᠳᠠᠯ᠎ᠤᠨ ᠨᠠᠷᠢᠨ ᠳᠠᠨᠭᠰᠠ᠎ᠶ᠋ᠢ ᠴᠠᠭ ᠲᠤᠬᠠᠶ᠎ᠳᠤᠨᠢ ᠬᠢᠨᠠᠨ ᠬᠠᠷᠭᠤᠭᠤᠯᠵᠤ᠂ ᠬᠡᠪ ᠰᠤᠷᠲᠠᠯ ᠵᠢᠴᠢ ᠢᠯᠵᠠᠷᠠᠯ᠎ᠤᠨ ᠬᠡᠷᠡᠭ᠎ᠦᠨ ᠵᠢᠱ᠌ᠢᠶ᠎ᠡ ᠢᠯᠠᠩᠭᠤᠶ᠎ᠠ ᠲᠣᠰ ᠭᠠᠵᠠᠷ ᠣᠷᠣᠨ᠎ᠤ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠬᠡᠷᠡᠭ᠌ᠯᠡᠨ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠪᠠ᠃ ᠵᠠᠳᠠᠯᠤᠨ ᠰᠤᠳᠤᠯᠵᠤ ᠮᠠᠭᠠᠳᠯᠠᠬᠤ ᠪᠡᠷ ᠴᠡᠭ᠌ᠴᠡᠯᠡᠨ ᠵᠠᠰᠠᠵᠤ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠪᠥᠬᠥ᠌ ᠬᠣᠲᠠ᠎ᠶ᠋ᠢᠨ ᠱᠢᠶᠠᠨ ᠭᠠᠵᠠᠷ᠎ᠤᠨ ᠲᠠᠰ᠎ᠠᠴᠠ ᠳᠡᠭᠡᠭ᠌ᠰᠢᠬᠢ ᠤᠳᠤᠷᠢᠳᠭᠤ ᠪᠠᠭ᠎ᠤᠨ ᠪᠠᠢᠴᠠᠭᠠᠨ ᠳᠡᠯᠭᠡᠭ᠌ᠰᠡᠨ 1035 ᠵᠦᠶ᠋ᠯ᠎ᠦᠨ ᠠᠰᠠᠭᠤᠳᠠᠯ᠎ᠢ ᠨᠠᠷᠢᠨ ᠬᠢᠨᠠᠮᠠᠭᠠᠶ ᠵᠠᠳᠠᠯᠤᠨ ᠰᠤᠳᠤᠯᠤᠨ ᠮᠠᠭᠠᠳᠯᠠᠵᠤ᠂ ᠲᠥᠪᠯᠡᠷᠡᠨᠭᠭᠦᠢ ᠨᠡᠢᠲᠡᠴᠢ ᠴᠢᠨᠠᠷᠲᠠᠶ᠂ ᠠᠮᠠᠷᠬᠠᠨ ᠡᠭᠦᠰᠭᠦ ᠣᠯᠠᠨ ᠡᠭᠦᠰᠭᠦ᠂ ᠦᠨᠳᠦᠰᠦᠨ ᠱᠠᠲᠤᠨ᠎ᠤ ᠣᠯᠠᠨ ᠲᠦᠮᠡᠨ᠎ᠦ ᠨᠡᠢᠳᠡᠮ ᠠᠩᠬᠠᠷᠴᠤ᠌ ᠪᠠᠢᠭ᠎ᠠ ᠪᠠ ᠲᠤᠰᠭᠠᠯ ᠴᠢᠩᠭ᠎ᠠ ᠪᠠᠢᠭ᠎ᠠ 6 ᠠᠰᠠᠭᠤᠳᠠᠯ᠎ᠢ ᠬᠥᠯᠥᠨ ᠪᠣᠢᠷ ᠬᠣᠲᠠ᠎ᠶ᠋ᠢᠨ ᠲᠠᠰ᠎ᠤᠨ ᠲᠥᠪᠯᠡᠷᠡᠭᠦᠯᠦᠨ ᠴᠡᠭ᠌ᠴᠡᠯᠡᠨ ᠵᠠᠰᠠᠬᠤ ᠲᠥᠷᠥᠯ ᠵᠦᠶ᠋ᠯ᠎ᠢᠶᠡᠷ ᠲᠣᠭ᠍ᠲᠠᠭᠠᠪᠠ᠃ ᠣᠳᠣᠬᠠᠨ᠎ᠳᠤ᠂ ᠪᠥᠬᠥ᠌ ᠬᠣᠲᠠ᠎ᠳᠤ ᠨᠢᠭᠡᠨᠲᠡ 1350 ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠ᠎ᠶ᠋ᠢ ᠠᠩᠬ᠎ᠠ ᠠᠯᠬᠤᠮ ᠪᠠᠢᠭᠤᠯᠵᠤ᠂ ᠲᠥᠪᠯᠡᠷᠡᠭᠦᠯᠦᠨ ᠴᠡᠭ᠌ᠴᠡᠯᠡᠨ ᠵᠠᠰᠠᠬᠤ ᠲᠥᠷᠥᠯ ᠵᠦᠶ᠋ᠯ᠎ᠢ 1963 ᠲᠣᠭ᠍ᠲᠠᠭᠠᠵᠤ᠂ ᠵᠢᠵᠢᠭ ᠲᠠᠯ᠎ᠠ ᠡᠴᠡ ᠭᠠᠷᠳᠠᠨᠴᠡᠭ᠌ᠴᠡᠯᠡᠨ ᠵᠠᠰᠠᠬᠤ᠎ᠶ᠋ᠢ ᠴᠢᠩᠭ᠎ᠠ ᠠᠳᠭᠤᠵᠤ᠂ ᠣᠨᠣᠪᠴᠢᠲᠠᠶ᠎ᠪᠠᠷ 《ᠱᠢᠪᠲᠤᠯᠤᠯᠲᠠ ᠬᠢᠵᠦ᠍》᠂ ᠣᠯᠠᠨ ᠲᠦᠮᠡᠨ᠎ᠳᠦ ᠰᠤᠷᠤᠯᠴᠠᠯᠭ᠎ᠠ ᠬᠥᠮᠦᠵᠢᠯ᠎ᠦᠨ ᠠᠪᠴᠢᠷᠠᠭ᠍ᠰᠠᠨ ᠦᠷ᠎ᠡ ᠪᠦᠲᠦᠮᠵᠢ᠎ᠶ᠋ᠢ ᠦᠨᠡᠨ ᠬᠦ᠌ ᠮᠡᠳᠡᠷᠡᠭᠦᠯᠬᠦ᠌᠎ᠪᠡᠷ ᠴᠢᠷᠮᠠᠢᠵᠤ ᠪᠠᠢᠨ᠎ᠠ᠃