ᠭᠠᠯᠠᠭᠤ ᠲᠡᠵᠢᠭᠡᠵᠤ ᠣᠷᠣᠯᠭ᠎ᠠ ᠪᠠᠨ ᠨᠡᠮᠡᠭᠳᠡᠭᠦᠯᠤᠨ᠎ᠡ
2025-07-18 11:50:25
ᠵᠣᠬᠢᠶᠠᠭ᠍ᠴᠢ᠄
​ ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

7 ᠰᠠᠷ᠎ᠠ ᠶ᠋ᠢᠨ 13 ᠤ᠋ ᠡᠳᠦᠷ ᠂ ᠬᠦᠷᠢᠶ᠎ᠡ ᠬᠣᠰᠢᠭᠤᠨ ᠤ᠋ ᠵᠢᠷᠭᠤᠭᠠᠨᠭᠡᠷ ᠪᠠᠯᠭᠠᠰᠤ ᠵᠢᠨ ᠬᠠᠯᠠᠭᠠᠢ ᠶ᠋ᠢᠨ ᠭᠤᠤ ᠲᠣᠰᠬᠣᠨ ᠤ᠋ ᠡᠮᠦᠨ᠎ᠡ ᠲᠠᠯ᠎ᠠ ᠶ᠋ᠢᠨ ᠭᠣᠣᠯ ᠤ᠋ᠨ ᠵᠠᠮ ᠳ᠋ᠤ ᠰᠦᠷᠦᠭ ᠭᠠᠯᠠᠭᠤ ᠳᠠᠪᠠᠳᠠᠢᠬᠠᠨ ᠲᠤᠭᠤᠷᠢᠵᠤ ᠢᠳᠡᠰᠢ ᠬᠠᠢᠨ᠎ᠠ᠃


QQ20250718-115001.png


ᠭᠠᠯᠠᠭᠤᠨ ᠰᠦᠷᠦᠭ


QQ20250718-115009.png


ᠭᠠᠯᠠᠭᠤ ᠳ᠋ᠠᠭᠠᠨ ᠢᠳᠡᠰᠢ ᠦᠭᠭᠦᠨ᠎ᠠ


ᠬᠠᠯᠠᠭᠠᠢ ᠶ᠋ᠢᠨ ᠭᠤᠤ ᠲᠣᠰᠬᠣᠨ ᠤ᠋ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠶ᠋ᠢ ᠳᠠᠭᠠᠭᠠᠴᠢᠯᠠᠨ ᠬᠠᠷᠢᠭᠤᠴᠠᠬᠤ ᠨᠢᠭᠡᠴᠢ ᠪᠣᠯᠤᠭᠰᠠᠨ ᠤ᠋ ᠬᠤᠪᠢ ᠳ᠋ᠤ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠦ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠨᠢᠳᠤᠨᠤᠨ ᠲᠤᠰ ᠲᠣᠰᠬᠣᠨ ᠤ᠋ 76 ᠡᠷᠦᠬᠡ ᠳ᠋ᠤ ᠲᠤᠰᠪᠤᠷᠢ 20 ᠥᠨᠳᠡᠭᠡᠨ ᠭᠠᠯᠠᠭᠤ ᠶ᠋ᠢ ᠦᠨ᠎ᠡ ᠲᠦᠯᠦᠪᠤᠷᠢ ᠦᠭᠡᠢ ᠪᠡᠷ ᠬᠤᠪᠢᠶᠠᠨ ᠥᠭᠴᠦ᠂ ᠬᠦᠷᠢᠶ᠎ᠠ ᠬᠠᠰᠢᠶ᠎ᠠ ᠶ᠋ᠢᠨ ᠲᠡᠵᠢᠭᠡᠨ ᠦᠷᠡᠵᠢᠭᠦᠯᠬᠦ ᠦᠢᠯᠡᠰ ᠢ᠋ ᠬᠥᠭᠵᠢᠭᠦᠯᠬᠦ ᠶ᠋ᠢ ᠨᠢ ᠳᠡᠮᠵᠢᠪᠡ᠃ ᠤᠳᠤ ᠲᠤᠰ ᠲᠣᠰᠬᠣᠨ ᠤ᠋ ᠬᠢᠨ ᠨᠡᠢᠳᠡ 1500 ᠭᠠᠷᠤᠢ ᠭᠠᠯᠠᠭᠤ ᠲᠡᠵᠢᠭᠡᠵᠦ᠂ ᠭᠠᠯᠠᠭᠤ ᠪᠠ ᠦᠨᠳᠡᠭᠡ ᠬᠤᠳᠠᠯᠳᠤᠬᠤ ᠪᠠᠷ ᠳᠡᠮᠵᠢᠨ ᠡᠷᠦᠬᠡ ᠪᠦᠷᠢ ᠶ᠋ᠢᠨ ᠵᠢᠯ ᠤ᠋ᠨ ᠳᠤᠮᠳᠠᠴᠢ ᠣᠷᠣᠯᠭ᠎ᠠ 4000 ᠭᠠᠷᠤᠢ ᠲᠥᠭᠥᠷᠢᠭ᠎ᠨᠡᠮᠡᠭᠳᠡᠨ᠂ ᠬᠣᠯᠠ ᠣᠢᠷ᠎ᠠ ᠳ᠋ᠠᠭᠠᠨ ᠠᠯᠳᠠᠷᠰᠢᠭ᠍ᠰᠠᠨ 《ᠴᠠᠭᠠᠨ ᠭᠠᠯᠠᠭᠤ ᠵᠢᠨ ᠲᠣᠰᠬᠣᠨ》 ᠪᠠ ᠬᠦᠷᠢᠶ᠎ᠡ ᠬᠠᠰᠢᠶᠠᠨ ᠤ᠋ ᠠᠵᠤ ᠠᠬᠤᠢ ᠶ᠋ᠢᠨ ᠵᠢᠱ᠌ᠢᠶ᠎ᠡ ᠦᠵᠡᠭᠦᠯᠬᠦ ᠲᠣᠰᠬᠣᠨ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号