ᠤᠨᠴᠠᠯᠢᠭᠲᠦ ᠡᠷᠡᠭᠦᠯᠵᠢᠯ ᠤ᠋ᠨ ᠪᠦᠲᠦᠭᠡᠭᠳᠡᠭᠦᠨ ᠤ᠋ ᠦᠢᠯᠡᠰ ᠢ᠋ ᠬᠦᠭᠵᠢᠭᠦᠯᠬᠦ ᠭᠤᠤᠯᠳᠠᠯᠭ᠎ᠠ
2025-07-18 11:47:03
ᠵᠣᠬᠢᠶᠠᠭ᠍ᠴᠢ᠄
​ᠼᠠᠢ ᠬᠤᠩ
ᠣᠩᠱᠢᠭ᠍ᠰᠠᠨ ᠣᠳᠠᠭ᠎ᠠ᠄
★★★☆☆

— ᠦᠪᠦᠷ ᠮᠤᠡᠭᠭᠤᠯ ᠤ᠋ᠨ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢᠨ 10 ᠭᠤᠤᠯᠳᠠᠯᠭᠠᠲᠤ ᠲᠦᠷᠦᠯ ᠵᠦᠢᠯ⑨


ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠵᠦᠪᠰᠢᠶᠡᠷᠡᠯ ᠶ᠋ᠢᠡᠷ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠠᠯᠪᠠᠨ ᠲᠢᠩᠬᠢᠮ ᠤᠢᠷ᠎ᠠ ᠳ᠋ᠤ 《 ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭᠠᠨ ᠤ᠋ ᠲᠦᠰᠦᠯ(2025 — 2027 ) 》  ᠢ᠋ ᠳᠠᠷᠤᠮᠠᠯᠯᠠᠨ ᠲᠠᠷᠬᠠᠭᠠᠵᠤ᠂ 3 ᠵᠢᠯ ᠤ᠋ᠨ ᠬᠤᠭᠤᠴᠠᠭ᠎ᠠ ᠪᠦᠬᠦᠢ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢ ᠡᠬᠢᠯᠡᠭᠦᠯᠪᠡ᠃ ᠡᠭᠦᠨ ᠳ᠋ᠤ ᠤᠨᠴᠠᠯᠢᠭᠲᠦ ᠡᠷᠡᠭᠦᠯᠵᠢᠯ ᠤ᠋ᠨ ᠪᠦᠲᠦᠭᠡᠭᠳᠡᠭᠦᠨ ᠤ᠋ ᠦᠢᠯᠡᠰ ᠢ᠋ ᠭᠤᠤᠯᠳᠠᠯᠭ᠎ᠠ ᠲᠠᠢ ᠬᠦᠭᠵᠢᠬᠦᠯᠬᠦ 10 ᠲᠦᠷᠦᠯ ᠵᠤᠢᠯ ᠤ᠋ᠨ ᠨᠢᠬᠡ ᠪᠤᠯᠭᠠᠵᠤ᠂ ᠤᠷᠤᠨ ᠪᠦᠰᠡ ᠵᠢᠨ ᠪᠠᠢᠷᠢᠰᠢᠭᠤᠯᠤᠯᠳᠠ ᠪᠠ ᠭᠤᠤᠯ ᠰᠢᠪᠳᠤᠯᠤᠯᠳᠠ ᠵᠢᠨ ᠴᠢᠭᠯᠡᠯ ᠢ᠋ ᠲᠤᠳᠤᠷᠬᠠᠢᠯᠠᠨ᠂ ᠬᠦᠭᠵᠢᠯᠳᠡ ᠵᠢᠨ ᠵᠠᠮ ᠱᠤᠭᠤᠮ ᠤ᠋ᠨ ᠵᠢᠷᠤᠭ ᠢ᠋ ᠲᠤᠳᠤᠷᠬᠠᠢ ᠲᠤᠭᠳᠠᠭᠠᠪᠠ᠃

ᠤᠷᠤᠨ ᠪᠦᠰᠡ ᠶ᠋ᠢᠨ ᠪᠠᠢᠷᠢᠰᠢᠭᠤᠯᠤᠯᠲᠠ᠄ ᠣᠷᠳᠣᠰ ᠬᠤᠳᠠ᠂ ᠤᠯᠠᠭᠠᠨᠬᠠᠳᠠ ᠬᠣᠲᠠ᠂ ᠬᠥᠬᠡᠬᠣᠲᠠ᠂ ᠠᠯᠠᠱᠠ ᠠᠢᠮᠠᠭ᠂ ᠪᠠᠶᠠᠨᠨᠠᠭᠤᠷ ᠬᠣᠲᠠ᠂ ᠪᠤᠭᠤᠲᠤ ᠬᠣᠲᠠ ᠵᠡᠷᠭᠡ ᠠᠢᠮᠠᠭ ᠬᠣᠲᠠ ᠪᠠᠷ ᠭᠣᠣᠯᠳᠠᠯᠭ᠎ᠠ ᠪᠣᠯᠭᠠᠨ᠎ᠠ᠃

ᠭᠤᠤᠯ ᠰᠢᠪᠲᠤᠯᠤᠯᠲᠠ ᠶ᠋ᠢᠨ ᠴᠢᠭᠯᠡᠯ᠄ ᠠᠵᠤ ᠦᠶ᠋ᠯᠡᠰ ᠬᠠᠷᠢᠴᠠᠩᠭᠤᠢ ᠪᠡᠷ ᠬᠤᠵᠢᠭᠤ ᠬᠦᠭᠵᠢᠭᠰᠡᠨ᠂ ᠰᠠᠭᠤᠷᠢ ᠨᠢᠮᠭᠡᠨ᠂ ᠰᠤᠳᠤᠯᠤᠨ ᠨᠡᠭᠡᠭᠡᠬᠦ᠌ ᠴᠢᠳᠠᠪᠤᠷᠢ ᠬᠦᠷᠦᠯᠴᠡᠬᠦ᠌ ᠥᠬᠡᠶ ᠵᠡᠷᠭᠡ ᠠᠰᠠᠭᠤᠳᠠᠯ ᠳ᠋ᠦ ᠴᠢᠭ᠌ᠯᠡᠭᠦᠯᠦᠨ ᠠᠷᠠᠯᠵᠢᠶᠠᠴᠢᠨ ᠤᠷᠢᠵᠤ ᠪᠡᠯᠡ ᠮᠦᠡᠭᠬᠦ ᠤᠷᠤᠭᠤᠯᠤᠨ ᠠᠪᠴᠢᠷᠠᠬᠤ ᠭᠤᠤᠯᠳᠠᠯᠭ᠎ᠠ ᠲᠠᠢ ᠲᠦᠷᠦᠯ ᠵᠦᠢᠯ ᠢ᠋ ᠨᠠᠢᠳᠠᠪᠤᠷᠢᠵᠢᠭᠤᠯᠬᠤ ᠵᠢ ᠳᠡᠮᠵᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠭᠠᠨ ᠨᠡᠭᠡᠭᠡᠯᠳᠡ ᠬᠢᠬᠦ ᠪᠠ ᠰᠤᠳᠤᠯᠭᠠᠨ ᠤ᠋ ᠦᠷ᠎ᠠ ᠪᠦᠲᠦᠭᠡᠯ ᠢ᠋ ᠤᠨᠳᠤᠤᠰᠢᠭᠤᠯᠬᠤ ᠠᠵᠢᠯᠯᠠᠭ᠎ᠠ ᠦᠷᠨᠢᠭᠦᠯᠦᠨ᠂ ᠤᠷᠢᠶᠠᠮᠠᠭ ᠵᠠᠮᠠᠭ᠂ ᠴᠠᠭᠠᠨ ᠭᠤᠶᠤᠤ᠂ ᠬᠤᠨᠴᠢᠷ᠂ ᠴᠢᠨᠣ᠎ᠠ ᠶ᠋ᠢᠨ ᠬᠠᠷᠮᠠᠭ᠂ ᠬᠤᠷᠳᠤᠨ ᠴᠠᠭᠠᠨ ᠤ᠋ ᠡᠷᠡᠭᠦᠯᠵᠢᠯ ᠤ᠋ᠨ ᠪᠦᠲᠦᠭᠡᠭᠳᠡᠭᠦᠨ ᠪᠠ ᠤᠭᠤᠷᠠᠭ ᠤ᠋ᠨ ᠫᠧᠫᠲ᠋ᠢᠳ᠋᠂ ᠴᠠᠪᠠᠤᠯᠢᠭ ᠤᠭᠤᠷᠠᠭ᠂ ᠴᠢᠴᠠᠷᠭᠠᠨ᠎ᠠ ᠶ᠋ᠢᠨ ᠲᠣᠰᠣ ᠵᠡᠷᠭᠡ ᠪᠦᠲᠦᠭᠡᠭᠳᠡᠭᠦᠨ ᠢ᠋ ᠭᠤᠤᠯᠳᠠᠯᠭ᠎ᠠ ᠲᠠᠢ ᠬᠥᠭ᠌ᠵᠢᠭᠦᠯᠵᠦ᠍᠂ ᠣᠲᠣᠭ ᠤ᠋ᠨ ᠤᠷᠢᠶᠠᠮᠠᠭ ᠵᠠᠮᠠᠭ᠂ ᠠᠯᠠᠱᠠ ᠶ᠋ᠢᠨ ᠴᠠᠭᠠᠨ ᠭᠣᠶᠣᠣ ᠵᠡᠷᠭᠡ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ᠌ ᠢ᠋ ᠴᠤᠭᠴᠠᠯᠠᠨ᠎ᠠ᠃

ᠤᠨᠴᠠᠯᠢᠭᠲᠦ ᠪᠦᠲᠦᠭᠡᠭᠳᠡᠭᠦᠨ᠄

ᠤᠷᠢᠶᠠᠮᠠᠭ ᠵᠠᠮᠠᠭ ᠤ᠋ᠨ ᠡᠷᠡᠭᠦᠯᠵᠢᠯ ᠤ᠋ᠨ ᠪᠦᠲᠦᠭᠡᠭ᠌ᠳᠡᠬᠦᠨ ᠨᠢ ᠴᠢᠰᠤ ᠳᠤᠲᠠᠬᠤ ᠶ᠋ᠢ ᠨᠠᠮᠳᠠᠭᠤᠯᠵᠤ᠂ ᠰᠥᠰᠥᠨ ᠤ᠋ ᠭᠤᠨᠠᠨ ᠠᠯᠺᠣᠣᠯ᠂ ᠴᠢᠰᠤᠨ ᠳᠠᠷᠤᠯᠲᠠ ᠵᠢᠴᠢ ᠴᠢᠰᠤᠨ ᠤ᠋ ᠥᠭᠡᠬᠦ᠌ ᠶ᠋ᠢ ᠪᠠᠭᠤᠷᠠᠭᠤᠯᠤᠨ᠂ ᠵᠢᠷᠦᠬᠡ ᠲᠠᠷᠢᠬᠢᠨ ᠤ᠋ ᠴᠢᠰᠤᠨ ᠰᠤᠳᠠᠯ ᠤ᠋ᠨ ᠡᠪᠡᠳᠴᠢᠨ ᠢ᠋ ᠰᠡᠷᠭᠡᠢᠯᠡᠵᠤ᠂ ᠬᠤᠷᠭᠤᠰᠤᠯᠠᠬᠤ ᠵᠢ ᠨᠠᠮᠳᠠᠭᠤᠯᠬᠤ ᠵᠡᠷᠭᠡ ᠴᠢᠳᠠᠮᠵᠢ ᠲᠠᠢ᠃ ᠤᠷᠳᠤᠰ ᠬᠤᠲᠠ ᠶ᠋ᠢᠨ ᠣᠲᠣᠭ ᠬᠣᠱᠢᠭᠤᠨ ᠤ᠋ ᠣᠷᠢᠶᠠᠮᠠᠭ ᠵᠠᠮᠠᠭ ᠪᠤᠯ ᠪᠦᠬᠦ ᠳᠡᠯᠡᠬᠡᠢ ᠶ᠋ᠢᠨ ᠱᠢᠮ᠎ᠡ ᠲᠡᠵᠢᠭᠡᠯ ᠶ᠋ᠢᠡᠷ ᠬᠠᠮᠤᠭ ᠤ᠋ᠨ ᠥᠨᠳᠥᠷ ᠵᠠᠮᠠᠭ ᠤ᠋ᠨ ᠲᠥᠷᠥᠯ ᠤ᠋ᠨ ᠪᠦᠲᠦᠭᠡᠭᠳᠡᠭᠦᠨ ᠪᠤᠯᠤᠨ᠎ᠠ᠃ ᠤᠳᠤᠬ ᠬᠣᠱᠢᠭᠤᠨ ᠤ᠋ ᠣᠷᠢᠶᠠᠮᠠᠭ ᠵᠠᠮᠠᠭ ᠤ᠋ᠨ ᠠᠵᠤ ᠦᠢᠯᠡᠰ ᠦ᠋ᠨ ᠬᠦᠷᠢᠶᠡᠯᠡᠩ ᠲᠣᠭᠣᠷᠢᠭ (ᠤᠯᠠᠭᠠᠨᠪᠠᠯᠭᠠᠰᠤ) ᠪᠣᠯ ᠳᠡᠯᠡᠬᠡᠢ ᠶ᠋ᠢᠨ ᠣᠷᠢᠶᠠᠮᠠᠭ ᠵᠠᠮᠠᠭ ᠦᠢᠯᠡᠳᠪᠤᠷᠢᠯᠡᠬᠦ ᠬᠠᠮᠤᠭ ᠤ᠋ᠨ ᠶᠡᠬᠡ ᠰᠠᠭᠤᠷᠢᠨ ᠪᠠᠢᠵᠤ᠂ ᠵᠢᠯ ᠤ᠋ᠨ 5200 ᠲᠣᠨ ᠵᠠᠮᠠᠭ ᠤ᠋ᠨ ᠲᠠᠯᠬ᠎ᠠ ᠦᠢᠯᠡᠳᠪᠦᠷᠢᠯᠡᠨ᠂ ᠪᠦᠬᠦ ᠤᠯᠤᠰ ᠤ᠋ᠨ 60%᠂ ᠪᠦᠬᠦ ᠳᠡᠯᠡᠬᠡᠢ ᠶ᠋ᠢᠨ 40% ᠶ᠋ᠢ ᠡᠵᠡᠯᠡᠵᠦ᠂ 40 ᠭᠠᠷᠤᠢ ᠤᠯᠤᠰ ᠲᠦ᠍ ᠪᠤᠷᠤᠯᠠᠭᠤᠯᠤᠭᠳᠠᠨ᠂ ᠦᠢᠯᠡᠳᠭᠦᠨ ᠤ᠋ ᠦᠷᠳᠡᠭ ᠨᠢ 5 ᠳ᠋ᠦᠩᠰᠢᠭᠤᠷ ᠲᠦᠭᠦᠷᠢᠭ ᠢ᠋ ᠳᠠᠪᠠᠵᠤ ᠪᠠᠢᠨ᠎ᠠ᠃

ᠴᠠᠭᠠᠨ ᠭᠣᠶᠣᠣ ᠶ᠋ᠢᠨ ᠡᠷᠡᠭᠦᠯᠵᠢᠯ ᠤ᠋ᠨ ᠪᠦᠲᠦᠭᠡᠭᠳᠡᠭᠦᠨ ᠨᠢ ᠦᠷᠡᠵᠢᠯ ᠤ᠋ᠨ ᠰᠢᠰᠲᠸᠮ ᠤ᠋ᠨ ᠴᠢᠳᠠᠪᠤᠷᠢ ᠶ᠋ᠢ ᠰᠠᠢᠵᠢᠷᠠᠭᠤᠯᠬᠤ᠂ ᠦᠳᠡᠯᠬᠦ ᠶ᠋ᠢ ᠤᠳᠠᠭᠠᠰᠢᠷᠠᠭᠤᠯᠬᠤ᠂ ᠡᠪᠡᠳᠴᠢᠨ ᠢ᠋ ᠡᠰᠡᠷᠭᠦᠴᠡᠬᠦ ᠴᠢᠳᠠᠪᠤᠷᠢ ᠶ᠋ᠢ ᠳᠡᠭᠡᠭᠰᠢᠯᠡᠭᠦᠯᠬᠦ᠂ ᠵᠢᠷᠦᠭᠡ ᠲᠠᠷᠢᠬᠢᠨ ᠤ᠋ ᠴᠢᠰᠦᠨ ᠰᠤᠳᠠᠯ ᠢ᠋ ᠬᠠᠮᠠᠭᠠᠯᠠᠬᠤ ᠦᠢᠯᠡᠳᠦᠯ ᠲᠠᠢ ᠪᠡᠷ ᠶ᠋ᠢᠡᠨ 《ᠡᠯᠡᠰᠦᠨ ᠳ᠋ᠡᠬᠢ ᠤᠷᠬᠤᠳᠠᠢ》 ᠬᠡᠮᠡᠭᠳᠡᠵᠤ᠂ ᠨᠠᠰᠤ ᠠᠬᠢᠭᠰᠠᠨ ᠪᠡᠶ᠎ᠠ ᠪᠠᠭᠤᠷᠠᠢ ᠬᠦᠮᠦᠰ᠂ ᠬᠦᠩᠭᠡᠵᠢᠭᠰᠡᠨ ᠪᠦᠰᠡᠭᠦᠢ ᠪᠠ ᠦᠷᠭᠦᠯᠵᠢ ᠬᠤᠷᠭᠤᠰᠤᠯᠠᠳᠠᠭ ᠬᠦᠮᠦᠰ ᠲᠤ᠌ ᠤᠨᠴᠠᠭᠠᠢ ᠳᠤᠬᠢᠷᠠᠨ᠎ᠠ᠃ ᠠᠯᠠᠱᠠ ᠠᠢᠮᠠᠭ ᠪᠤᠯ ᠮᠠᠨ ᠤ᠋ ᠤᠷᠤᠨ ᠤ᠋ ᠴᠠᠭᠠᠨ ᠭᠤᠶᠤᠤ ᠶ᠋ᠢᠨ ᠭᠤᠤᠯ ᠭᠠᠷᠤᠯᠲᠠ ᠶ᠋ᠢᠨ ᠤᠷᠤᠨ ᠪᠠᠢᠵᠤ᠂ ᠵᠢᠯ ᠤ᠋ᠨ ᠭᠠᠷᠤᠯᠲᠠ ᠨᠢ 8000 ᠳᠤᠨ ᠢ᠋ ᠳᠠᠪᠠᠨ᠂ ᠪᠦᠬᠦ ᠤᠷᠤᠨ ᠤ᠋ 80%᠂ ᠪᠦᠬᠦ ᠤᠯᠤᠰ ᠤ᠋ᠨ 50% ᠵᠢ ᠡᠵᠡᠯᠡᠵᠤ᠂ ᠦᠢᠯᠡᠳᠬᠦᠨ ᠤ᠋ ᠦᠷᠳᠡᠭ ᠨᠢ 10 ᠳ᠋ᠦ᠋ᠡᠭᠰᠢᠭᠤᠷ ᠲᠦᠭᠦᠷᠢᠭ ᠢ᠋ ᠳᠠᠪᠠᠵᠤ ᠪᠠᠢᠨ᠎ᠠ᠃

ᠬᠤᠷᠳᠤᠨ ᠴᠠᠭᠠᠨ ᠤ᠋ ᠡᠷᠡᠭᠦᠯᠵᠢᠯ ᠤ᠋ᠨ ᠪᠦᠲᠦᠭᠡᠭᠳᠡᠭᠦᠨ ᠳ᠋ᠦ ᠰᠠᠫᠤᠨᠢᠨ᠂ ᠣᠯᠠᠨᠴᠢ ᠱᠢᠬᠢᠷ᠂ ᠱᠢᠷ᠎ᠠ ᠺᠧᠲ᠋ᠣᠨ ᠪᠣᠯᠤᠨ ᠸᠢᠲ᠋ᠠᠮᠢᠨ ᠵᠡᠷᠭᠡ ᠢᠳᠡᠪᠬᠢ ᠪᠤᠳᠠᠰ ᠡᠯᠪᠡᠭ ᠠᠭᠤᠯᠤᠭᠳᠠᠵᠤ᠂ ᠤᠳᠠᠭᠠᠨ ᠴᠢᠨᠠᠷᠲᠠᠶ ᠵᠠᠯᠭᠢᠭᠤᠷ ᠤ᠋ᠨ ᠦᠷᠪᠢᠰᠦᠯ᠂ ᠭᠦᠢᠯᠡᠰᠦᠨ ᠪᠤᠯᠴᠢᠷᠬᠠᠶ ᠶ᠋ᠢᠨ ᠦᠷᠪᠢᠰᠦᠯ ᠡᠴᠡ ᠪᠣᠯᠤᠭ᠍ᠰᠠᠨ ᠬᠣᠭᠣᠯᠠᠶ ᠬᠠᠪᠤᠳᠴᠤ᠌ ᠡᠪᠡᠳᠬᠦ᠌᠎ᠶ᠋ᠢ ᠨᠠᠮᠳᠠᠭᠤᠯᠬᠤ᠂ ᠡᠪᠡᠳᠴᠢᠨ ᠢ᠋ ᠡᠰᠡᠷᠭᠦᠴᠡᠬᠦ ᠴᠢᠳᠠᠪᠤᠷᠢ ᠵᠢ ᠰᠠᠢᠵᠢᠷᠠᠭᠤᠯᠬᠤ᠂ ᠬᠣᠷᠭᠣᠰᠣᠯᠠᠬᠤ ᠶ᠋ᠢ ᠨᠠᠮᠳᠠᠭᠤᠯᠬᠤ᠂ ᠬᠣᠳᠣᠭᠣᠳᠣᠨ ᠤ᠋ ᠰᠠᠯᠢᠰᠤᠲᠤ ᠪᠦᠷᠬᠦᠪᠴᠢ ᠶ᠋ᠢᠨ ᠱᠢᠷᠬᠠᠯᠠᠭ᠎ᠠ ᠶ᠋ᠢ ᠠᠨᠠᠭᠠᠬᠤ᠂ ᠰᠥᠰᠥᠨ ᠤ᠋ ᠭᠤᠨᠠᠨ ᠠᠯᠺᠣᠣᠯ ᠢ᠋ ᠵᠣᠬᠢᠴᠠᠭᠤᠯᠬᠤ᠂ ᠬᠦᠷᠢᠨ ᠤ᠋ ᠭᠠᠳᠠᠨᠠᠬᠢ ᠲᠤᠶᠠᠭ᠎ᠠ ᠡᠴᠡ ᠪᠤᠯᠤᠭᠰᠠᠨ ᠠᠷᠠᠰᠤᠨ ᠤ᠋ ᠭᠡᠮᠲᠦᠯ ᠢ᠋ ᠨᠠᠮᠳᠠᠭᠤᠯᠬᠤ ᠵᠡᠷᠭᠡ ᠦᠢᠯᠡᠳᠦᠯ ᠲᠠᠢ᠃ ᠤᠯᠠᠭᠠᠨᠬᠠᠳᠠ ᠬᠤᠲᠠ ᠪᠤᠯ ᠮᠠᠨ ᠤ᠋ ᠤᠷᠤᠨ ᠤ᠋ ᠬᠤᠷᠳᠤᠨ ᠴᠠᠭᠠᠨ ᠤ᠋ ᠭᠤᠤᠯ ᠭᠠᠷᠤᠯᠲᠠ ᠶ᠋ᠢᠨ ᠤᠷᠤᠨ ᠪᠠᠢᠵᠤ᠂ ᠭᠠᠷᠤᠯᠲᠠ ᠨᠢ ᠪᠥᠬᠥ᠌ ᠤᠯᠤᠰ ᠤ᠋ᠨ 65% — 70% ᠵᠢ ᠡᠵᠡᠯᠡᠵᠤ᠂ ᠶᠡᠷᠦᠩᠬᠡᠢᠯᠡᠭ᠌ᠰᠡᠨ ᠦᠢᠯᠡᠳᠬᠦᠨ ᠤ᠋ ᠦᠷᠳᠡᠭ ᠨᠢ 30 ᠳ᠋ᠦ᠋ᠡᠭᠰᠢᠭᠤᠷ ᠲᠥᠭᠥᠷᠢᠭ ᠢ᠋ ᠳᠠᠪᠠᠵᠤ ᠪᠠᠢᠨ᠎ᠠ᠃ ᠬᠠᠷᠠᠴᠢᠨ ᠬᠣᠱᠢᠭᠤ 10 ᠲᠦᠮᠡᠨ ᠮᠦ᠍ ᠶ᠋ᠢᠨ ᠲᠠᠷᠢᠮᠠᠯ ᠤ᠋ᠨ ᠬᠡᠪᠴᠢᠶ᠎ᠡ ᠪᠡᠷ 《ᠳᠤᠮᠳᠠᠳᠤ ᠤᠯᠤᠰ ᠤ᠋ᠨ ᠬᠤᠷᠳᠤᠨ ᠴᠠᠭᠠᠨ ᠤ᠋ ᠨᠤᠲᠤᠭ》 ᠬᠡᠮᠡᠭᠳᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号