ᠪᠤᠳᠠᠰ ᠎ᠤᠨ ᠪᠤᠰᠤ ᠰᠤᠶᠤᠯ ᠎ᠤᠨ ᠦᠪ ᠎ᠢ ᠰᠢᠨ᠎ᠠ ᠴᠠᠭ ᠦᠶ᠎ᠠ᠎ᠳᠤ ᠭᠦᠭᠵᠢᠭᠦᠯᠦᠨ ᠪᠠᠳᠠᠷᠠᠭᠤᠯᠤᠶ᠎ᠠ
2025-07-02 15:40:49
ᠵᠣᠬᠢᠶᠠᠭ᠍ᠴᠢ᠄
ᠭᠤᠤ ᠷᠦᠢ ᠹᠸᠩ
ᠣᠩᠱᠢᠭ᠍ᠰᠠᠨ ᠣᠳᠠᠭ᠎ᠠ᠄
★★★☆☆

ᠰᠢᠨ᠎ᠡ ᠴᠠᠭ᠎ᠦᠶ᠎ᠡ᠎ᠳᠤ ᠪᠤᠳᠠᠰ᠎ᠤᠨ ᠪᠤᠰᠤ ᠰᠤᠶᠤᠯ᠎ᠤᠨ ᠦᠪ ᠨᠢ ᠤᠷᠢᠳ ᠡᠮᠦᠨ᠎ᠠ ᠭᠠᠷᠤᠭ᠎ᠠ ᠦᠭᠡᠢ ᠠᠵᠠ ᠲᠤᠭᠢᠶᠠᠯ ᠪᠠ ᠦᠷᠢᠰᠦᠯᠳᠦᠭᠡᠨ᠎ᠳᠤ ᠲᠤᠯᠭᠠᠷᠠᠵᠠᠢ᠃ ᠪᠤᠳᠠᠰ᠎ᠤᠨ ᠪᠤᠰᠤ ᠰᠤᠶᠤᠯ᠎ᠤᠨ ᠦᠪ ᠎ᠢ ᠬᠡᠷᠭᠢᠨ ᠭᠦᠭᠵᠢᠭᠦᠯᠭᠦ  ᠪᠤᠯ  ᠲᠤᠯᠭᠠᠮ  ᠰᠢᠢᠳᠪᠦᠷᠢᠯᠡᠭᠦᠰᠢᠳᠡᠢ ᠠᠰᠠᠭᠤᠳᠠᠯ ᠪᠤᠯᠤᠨ᠎ᠠ᠃

ᠰᠢᠨ᠎ᠠ ᠵᠢ ᠡᠭᠦᠳᠭᠦ ᠪᠤᠯ ᠪᠤᠳᠠᠰ᠎ᠤᠨ ᠪᠤᠰᠤ ᠰᠤᠶᠤᠯ᠎ᠤᠨ ᠦᠪ᠎ᠢ ᠤᠯᠠᠮᠵᠢᠯᠠᠨ ᠵᠠᠯᠭᠠᠮᠵᠢᠯᠠᠬᠤ ᠭᠤᠤᠯ ᠭᠦᠳᠡᠯᠭᠡᠭᠦᠷ ᠮᠦᠨ᠃ ᠨᠢᠭᠡ ᠲᠠᠯ᠎ᠠ ᠪᠡᠷ ᠪᠤᠳᠠᠰ᠎ᠤᠨ ᠪᠤᠰᠤ ᠰᠤᠶᠤᠯ᠎ᠤᠨ ᠦᠪ᠎ᠤᠨ ᠮᠡᠷᠭᠡᠵᠢᠯ᠎ᠤᠨ ᠰᠢᠨᠡᠴᠢᠯᠡᠯᠳᠡ ᠵᠢ ᠠᠭᠢᠭᠤᠯᠤᠨ᠎ᠠ᠃ ᠤᠯᠠᠮᠵᠢᠯᠠᠯᠳᠤ ᠮᠡᠷᠭᠡᠵᠢᠯ ᠤᠷᠠᠯᠢᠭ ᠨᠢ ᠡᠷᠭᠡᠪᠰᠢ ᠤᠳᠤᠭᠢᠴᠢᠯᠠᠭᠰᠠᠨ ᠰᠢᠨᠵᠢᠯᠡᠭᠡ ᠮᠡᠷᠭᠡᠵᠢᠯ ᠲᠠᠢ ᠤᠶᠠᠯᠳᠤᠬᠤ᠂ ᠵᠢᠱ᠌ᠢᠶᠠᠯᠡᠪᠠᠯ 3D  ᠬᠡᠪᠯᠡᠭᠦ ᠮᠡᠷᠭᠡᠵᠢᠯ᠂ ᠲᠤᠭᠠᠴᠢᠯᠠᠭᠰᠠᠨ ᠭᠡᠪ ᠵᠤᠭᠢᠶᠠᠬᠤ ᠮᠡᠷᠭᠡᠵᠢᠯ ᠭᠡᠭᠦ ᠮᠡᠳᠦ᠃ ᠨᠦᠭᠦᠭᠡ ᠲᠠᠯ᠎ᠠ ᠪᠡᠷ ᠠᠭᠤᠯᠭ᠎ᠠ ᠵᠢᠨ ᠰᠢᠨᠡᠴᠢᠯᠡᠯᠳᠡ ᠵᠢ ᠪᠠᠰᠠ ᠤᠮᠳᠤᠭᠠᠢᠯᠠᠵᠤ ᠪᠤᠯᠬᠤ ᠦᠭᠡᠢ᠂ ᠤᠳᠤᠬᠠᠨ ᠎ᠤ  ᠰᠢᠨ᠎ᠠ ᠡᠯᠸᠮᠸᠨ᠋ᠲ᠎ᠢ ᠪᠤᠳᠠᠰ᠎ᠤᠨ ᠪᠤᠰᠤ ᠰᠤᠶᠤᠯ ᠎ᠤᠨ ᠦᠪ᠎ᠤᠨ ᠪᠦᠳᠦᠭᠡᠯ᠎ᠳᠤ ᠠᠭᠤᠰᠤᠭᠤᠯᠤᠨ᠂ ᠲᠡᠭᠦᠨ᠎ᠢ ᠨᠡᠩ ᠤᠳᠤᠬᠠᠨ ᠎ᠤ  ᠠᠮᠢᠳᠤᠷᠠᠯ᠎ᠳᠤ ᠤᠢᠷᠠᠳᠤᠭᠤᠯᠤᠭᠰᠠᠨ ᠪᠠᠢᠬᠤ ᠭᠡᠷᠡᠭᠳᠡᠢ᠃

ᠰᠤᠷᠭᠠᠨ ᠭᠦᠮᠦᠵᠢᠯ ᠪᠤᠯ ᠪᠤᠳᠠᠰ᠎ᠤᠨ ᠪᠤᠰᠤ ᠰᠤᠶᠤᠯ᠎ᠤᠨ ᠦᠪ᠎ᠢ ᠵᠠᠯᠭᠠᠮᠵᠢᠯᠠᠬᠤ ᠵᠢᠨ ᠴᠢᠬᠤᠯᠠ ᠰᠠᠭᠤᠷᠢ ᠪᠤᠯᠤᠨ᠎ᠠ᠃ ᠰᠤᠷᠭᠠᠭᠤᠯᠢ ᠨᠢ ᠪᠤᠳᠠᠰ᠎ᠤᠨ ᠪᠤᠰᠤ ᠰᠤᠶᠤᠯ᠎ᠤᠨ ᠦᠪ᠎ᠤᠨ ᠰᠤᠷᠭᠠᠨ ᠭᠦᠮᠦᠵᠢᠯ ᠎ᠤᠨ ᠭᠤᠤᠯ ᠰᠠᠭᠤᠷᠢᠨ ᠪᠠᠢᠵᠤ᠂ ᠡᠯᠪᠡᠭ ᠪᠠᠶᠠᠯᠢᠭ ᠪᠤᠳᠠᠰ᠎ᠤᠨ ᠪᠤᠰᠤ ᠰᠤᠶᠤᠯ ᠎ᠤᠨ ᠦᠪ ᠎ᠤᠨ ᠭᠢᠴᠢᠶᠡᠯᠯᠡᠭᠡ ᠨᠡᠭᠡᠭᠡᠵᠤ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠭᠴᠢ ᠵᠢ ᠤᠷᠢᠵᠤ ᠭᠢᠴᠢᠶᠠᠯ ᠤᠷᠤᠭᠤᠯᠤᠨ᠂ ᠰᠤᠷᠤᠭᠴᠢᠳ ᠲᠤ᠌ ᠪᠤᠳᠠᠰ᠎ᠤᠨ ᠪᠤᠰᠤ ᠰᠤᠶᠤᠯ᠎ᠤᠨ ᠦᠪ᠎ᠤᠨ ᠠᠭᠤᠯᠬᠤᠨ ᠎ᠢ ᠮᠡᠳᠡᠭᠦᠯᠵᠤ᠂ ᠪᠠᠭ᠎ᠠ ᠡᠴᠡ ᠨᠢ ᠤᠯᠠᠮᠵᠢᠯᠠᠨ ᠵᠠᠯᠭᠠᠮᠵᠢᠯᠠᠬᠤ ᠤᠬᠠᠮᠰᠠᠷ ᠲᠠᠢ ᠪᠤᠯᠭᠠᠪᠠᠯ ᠵᠤᠭᠢᠨ᠎ᠠ᠃

ᠵᠠᠬ᠎ᠠ ᠲᠡᠯᠭᠡᠭᠦᠷ ᠪᠤᠯ ᠪᠤᠳᠠᠰ᠎ᠤᠨ ᠪᠤᠰᠤ ᠰᠤᠶᠤᠯ ᠎ᠤᠨ ᠦᠪ᠎ᠢ ᠤᠯᠠᠮᠵᠢᠯᠠᠨ ᠵᠠᠯᠭᠠᠮᠵᠢᠯᠠᠭᠰᠠᠨ ᠦᠷ᠎ᠠ ᠪᠦᠳᠦᠮᠵᠢ ᠵᠢᠨ ᠰᠢᠯᠭᠠᠭᠤᠷ ᠮᠦᠨ᠃ ᠲᠦᠷᠦᠯ ᠲᠡᠮᠳᠡᠭ᠎ᠤᠨ ᠪᠦᠳᠦᠭᠡᠨ ᠪᠠᠢᠭᠤᠯᠤᠯᠳᠠ ᠵᠢ ᠴᠢᠨᠭᠭᠠᠳᠬᠠᠨ᠂ ᠪᠤᠳᠠᠰ᠎ᠤᠨ ᠪᠤᠰᠤ ᠰᠤᠶᠤᠯ ᠎ᠤᠨ ᠦᠪ᠎ᠤᠨ ᠠᠭᠤᠯᠬᠤᠨ ᠎ᠢ ᠠᠭᠤᠳᠠᠯᠵᠤ᠂ ᠤᠨᠴᠠᠯᠢᠭ ᠲᠠᠢ ᠨᠦᠯᠦᠭᠡᠯᠡᠭᠦ ᠬᠦᠴᠦᠨ ᠲᠠᠢ ᠲᠦᠷᠦᠯ ᠲᠡᠮᠳᠡᠭ᠎ᠢ ᠡᠭᠦᠳᠭᠦ ᠭᠡᠷᠡᠭᠳᠡᠢ᠃ ᠡᠭᠦᠨ᠎ᠤ ᠬᠠᠮᠳᠤ ᠪᠤᠷᠤᠯᠠᠭᠤᠯᠭ᠎ᠠ ᠵᠢᠨ ᠵᠠᠮ ᠵᠢᠡᠨ ᠦᠷᠭᠡᠳᠭᠡᠵᠤ᠂ ᠡᠯᠸᠺᠲᠷᠤᠨ ᠬᠤᠳᠠᠯᠳᠤᠭᠠᠨ ᠎ᠤ ᠲᠠᠪᠴᠠᠩ᠎ᠢ ᠠᠰᠢᠭᠯᠠᠨ ᠭᠠᠵᠠᠷ ᠤᠷᠤᠨ ᠎ᠤ  ᠭᠢᠵᠠᠭᠠᠷᠯᠠᠯ᠎ᠢ ᠲᠠᠪᠠᠵᠤ᠂ ᠨᠡᠩ ᠤᠯᠠᠨ ᠬᠤᠳᠠᠯᠳᠤᠨ ᠠᠪᠤᠭᠴᠢ ᠎ᠳ᠋ᠤ᠌ ᠲᠦᠭᠦᠮ ᠦᠵᠡᠭᠦᠯᠪᠠᠯ  ᠵᠤᠭᠢᠨ᠎ᠠ᠃

ᠰᠤᠶᠤᠯ ᠎ᠢ ᠤᠯᠠᠮᠵᠢᠯᠠᠨ ᠲᠡᠯᠭᠡᠷᠡᠭᠦᠯᠭᠦ ᠨᠢ ᠪᠤᠳᠠᠰ ᠎ᠤᠨ ᠪᠤᠰᠤ ᠰᠤᠶᠤᠯ᠎ᠤᠨ ᠦᠪ᠎ᠢ ᠤᠯᠠᠮᠵᠢᠯᠠᠨ ᠵᠠᠯᠭᠠᠮᠵᠢᠯᠠᠬᠤ᠎ᠳᠤ ᠦᠷᠭᠡᠨ ᠲᠡᠯᠭᠡᠷ ᠲᠠᠪᠴᠠᠩ ᠬᠠᠨᠭᠭᠠᠵᠠᠢ᠃ ᠰᠢᠨ᠎ᠠ ᠵᠠᠭᠤᠴᠢᠯᠠᠭᠤᠷ᠎ᠢ ᠠᠰᠢᠭᠯᠠᠵᠤ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠪᠦᠳᠦᠭᠡᠭᠳᠡᠭᠦᠨ᠎ᠢ ᠵᠤᠭᠢᠶᠠᠨ ᠪᠦᠳᠦᠭᠡᠭᠦ ᠶᠠᠪᠤᠴᠠ ᠵᠢ ᠰᠡᠭᠦᠳᠡᠷᠯᠡᠵᠤ ᠰᠢᠨᠭᠭᠡᠭᠡᠭᠦ᠂ ᠦᠯᠢᠭᠡᠷ ᠲᠡᠦᠭᠡ ᠵᠢ ᠨᠢ ᠶᠠᠷᠢᠵᠤ ᠦᠭᠭᠦ ᠵᠡᠷᠭᠡ ᠠᠷᠭ᠎ᠠ ᠪᠡᠷ ᠨᠡᠩ ᠤᠯᠠᠨ ᠭᠦᠮᠦᠨ ᠎ᠤ  ᠠᠨᠭᠬᠠᠷᠤᠯ᠎ᠳᠤ ᠭᠦᠷᠭᠡᠵᠦ ᠪᠤᠯᠤᠨ᠎ᠠ᠃

ᠰᠢᠨ᠎ᠠ ᠴᠠᠭ ᠦᠶ᠎ᠠ ᠎ᠳ᠋ᠤ᠌ ᠪᠤᠳᠠᠰ ᠎ᠤᠨ ᠪᠤᠰᠤ ᠰᠤᠶᠤᠯ᠎ᠤᠨ ᠦᠪ᠎ᠢ ᠤᠯᠠᠮᠵᠢᠯᠠᠨ ᠵᠠᠯᠭᠠᠮᠵᠢᠯᠠᠵᠤ᠂ ᠰᠢᠨ᠎ᠠ ᠵᠢ ᠡᠭᠦᠳᠦᠨ᠂ ᠰᠤᠷᠭᠠᠨ ᠭᠦᠮᠦᠵᠢᠯ᠂ ᠵᠠᠬ᠎ᠠ ᠲᠡᠯᠭᠡᠭᠦᠷ᠂ ᠤᠬᠠᠭᠤᠯᠭ᠎ᠠ ᠵᠡᠷᠭᠡ ᠤᠯᠠᠨ ᠲᠠᠯ᠎ᠠ ᠪᠡᠷ ᠭᠦᠴᠦᠯᠡᠪᠠᠯ ᠰᠠᠶᠢ ᠪᠤᠳᠠᠰ᠎ᠤᠨ ᠪᠤᠰᠤ ᠰᠤᠶᠤᠯ᠎ᠤᠨ ᠦᠪ᠎ᠢ ᠨᠡᠩ ᠶᠡᠭᠡ ᠭᠦᠭᠵᠢᠯᠳᠡ ᠲᠠᠢ᠂ ᠨᠡᠩ ᠶᠡᠭᠡ ᠢᠷᠡᠭᠡᠳᠦᠢ ᠲᠠᠢ ᠪᠤᠯᠭᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号