ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠶ᠋ᠢ ᠬᠦᠴᠢᠷᠳᠡᠯ ᠢ ᠱᠢᠢᠳᠪᠦᠷᠢᠯᠡᠬᠦ᠌᠂ ᠬᠥᠭ᠌ᠵᠢᠯᠲᠡ᠎ᠶ᠋ᠢ ᠠᠬᠢᠭᠤᠯᠬᠤ ᠵᠡᠷᠭᠡ᠎ᠲᠡᠶ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠦᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ ᠪᠠᠢᠨ᠎ᠠ ᠃
ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠭᠣᠨ ᠮᠠᠯᠵᠢᠬᠤ ᠣᠷᠣᠨ ᠤ ᠲᠢᠩᠬᠢᠮ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠠᠵᠢᠯ᠎ᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠲᠠᠯ ᠤᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ᠎ᠪᠡᠷ ᠮᠠᠯ ᠠᠵᠤ ᠠᠬᠤᠶ ᠲᠠᠷᠢᠶᠠᠯᠠᠩ ᠤ᠋ᠨ ᠬᠥᠭ᠌ᠵᠢᠯᠲᠡ᠎ᠶ᠋ᠢᠨ ᠱᠢᠨ᠎ᠡ ᠠᠮᠵᠢᠯᠲᠠ ᠤᠯᠬᠤ᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠭᠣᠨ ᠮᠠᠯᠵᠢᠬᠤ ᠣᠷᠣᠨ ᠤ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠢᠴᠢᠯᠠᠬᠤ᠎ᠶ᠋ᠢ ᠪᠠᠷᠢᠮᠲᠠᠯᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠳᠠᠢᠴᠢᠯᠠᠨ《 ᠭᠤᠷᠪᠠᠨ ᠬᠤᠷᠠᠯ ᠨᠢᠭᠡ ᠬᠢᠴᠢᠶᠡᠯ》᠂ 《ᠳᠥᠷᠪᠡᠨ ᠱᠠᠲᠤ ᠬᠠᠮᠲᠤᠷᠠᠨ ᠰᠤᠷᠤᠯᠴᠠᠬᠤ》 ᠵᠡᠷᠭᠡ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠪᠡ᠃ 《ᠤᠳᠤᠷᠢᠳᠭᠤ ᠪᠠᠭ — ᠨᠠᠮ᠎ᠤᠨ ᠡᠭᠦᠷ — ᠨᠠᠮ᠎ᠤᠨ ᠭᠡᠱᠢᠭᠦᠨ 》 ᠭᠤᠷᠪᠠᠨ ᠱᠠᠲᠤᠨ᠎ᠤ ᠥᠪᠡᠰᠦᠪᠡᠨ ᠪᠠᠢᠴᠠᠭᠠᠬᠤ ᠱᠢᠰᠲ᠋ᠧᠮ ᠢ ᠪᠠᠢᠭᠤᠯᠵᠤ᠂ 《ᠬᠣᠶᠠᠷ ᠨᠠᠷᠢᠨ ᠲᠠᠩᠰᠠ 》 ᠲᠠᠢ ᠬᠠᠷᠭᠤᠭᠤᠯᠵᠤ᠂ 《7 + 3 》ᠠᠷᠭ᠎ᠠ ᠵᠠᠮ᠎ᠢᠶᠠᠷ ᠨᠢᠭᠡ ᠪᠦᠯᠦᠭ ᠠᠰᠠᠭᠤᠳᠠᠯ᠎ᠢ ᠪᠠᠢᠴᠠᠭᠠᠨ ᠭᠠᠷᠭᠠᠪᠠ; ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠭᠤ᠂ ᠨᠠᠮ ᠢᠶᠠᠨ ᠳᠠᠭᠠᠵᠤ ᠤᠷᠤᠬᠰᠢᠯᠠᠬᠤ ᠣᠯᠠᠨ ᠲᠦᠮᠡᠨᠴᠢ ᠬᠥᠮᠦᠵᠢᠯ ᠤᠨ《1257》 ᠠᠵᠢᠯᠯᠠᠭ᠎ᠠ᠎ᠶ᠋ᠢ ᠪᠠᠢᠩᠭᠤ ᠥᠷᠨᠢᠭᠦᠯᠬᠦ᠌᠎ᠲᠡᠶ ᠤᠶᠠᠯᠳᠤᠭᠤᠯᠤᠨ᠂ ᠢᠯᠡ ᠪᠡᠷ ᠰᠠᠨᠠᠯ ᠵᠥᠪᠯᠡᠯᠭᠡ ᠬᠤᠷᠢᠶᠠᠬᠤ᠂ 《12345 》 ᠲᠤᠰᠭᠠᠶ ᠤᠲᠠᠰᠤ ᠵᠡᠷᠭᠡ ᠠᠷᠭ᠎ᠠ ᠵᠠᠮ᠎ᠤᠨ ᠠᠴᠢᠶᠠᠯᠠᠪᠤᠷᠢ᠎ᠪᠠᠷ ᠳᠠᠮᠵᠢᠨ᠂ 5 《 ᠰᠤᠷᠲᠠᠯ ᠤᠨ ᠠᠵᠢᠭ᠍ᠯᠠᠯᠲᠠ᠎ᠶ᠋ᠢᠨ ᠴᠡᠭ》 ᠭᠠᠷᠭᠠᠵᠤ᠂ ᠨᠢᠭᠡ ᠪᠦᠯᠦᠭ ᠰᠠᠨᠠᠯ ᠰᠠᠨᠠᠭᠤᠯᠭ᠎ᠠ ᠪᠠ ᠪᠠᠢᠳᠠᠯ ᠤᠨ ᠲᠤᠰᠬᠠᠯᠳᠠ᠎ᠵᠢ ᠬᠦᠯᠢᠶᠡᠨ ᠠᠪᠤᠪᠠ᠃ ᠴᠡᠭ᠌ᠴᠡᠯᠡᠨ ᠰᠠᠢᠵᠢᠷᠠᠭᠤᠯᠬᠤ 《ᠨᠢᠭᠡ ᠱᠤᠭᠤᠮ》᠎ᠤ᠋ᠨ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠡᠮᠦᠨ᠎ᠡ ᠹᠷᠣᠨᠲ᠎ᠲᠤ ᠵᠢᠭ᠍ᠰᠠᠭᠠᠨ ᠪᠠᠢᠴᠠᠭᠠᠬᠤ᠂ ᠱᠠᠲᠤ ᠬᠤᠪᠢᠶᠠᠨ ᠰᠤᠳᠤᠯᠤᠨ ᠮᠠᠭᠠᠳᠯᠠᠬᠤ᠂ ᠲᠠᠩᠰᠠ ᠡᠯᠭᠦᠨ ᠱᠠᠯᠠᠪᠳᠠᠭᠤᠯᠤᠨ ᠱᠢᠶ᠋ᠳᠪᠦᠷᠢᠯᠡᠬᠦ᠌᠂ ᠦᠷ᠎ᠡ ᠪᠦᠲᠦᠮᠵᠢ᠎ᠶ᠋ᠢ ᠮᠥᠷᠳᠡᠨ ᠠᠰᠠᠭᠤᠬᠤ᠂ ᠡᠬᠢ ᠡᠭᠦᠰᠦᠯ᠎ᠡᠴᠡ᠎ᠨᠢ ᠰᠡᠷᠭᠡᠢᠯᠡᠨ ᠵᠠᠰᠠᠬᠤ 《ᠲᠠᠪᠤᠨ ᠠᠯᠬᠤᠮ᠎ᠤᠨ ᠠᠵᠢᠯᠯᠠᠬᠤ ᠠᠷᠭ᠎ᠠ 》 ᠶ᠋ᠢ ᠬᠡᠷᠡᠭ᠌ᠵᠢᠭᠦᠯᠵᠦ᠍᠂ ᠰᠢᠢᠳᠪᠦᠷᠢᠯᠡᠵᠤ ᠲᠠᠭᠤᠰᠬᠠᠨ ᠲᠠᠩᠰᠠᠨ ᠡᠴᠡ ᠭᠠᠷᠭᠠᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠦᠨᠳᠦᠰᠦᠨ ᠱᠠᠲᠤᠨ᠎ᠤ ᠣᠯᠠᠨ ᠲᠦᠮᠡᠨ᠎ᠢ ᠬᠠᠪᠰᠤᠷᠤᠨ ᠨᠢᠭᠡ ᠪᠦᠯᠦᠭ ᠪᠠᠴᠢᠮᠳᠡᠵᠦ ᠬᠦᠴᠢᠷᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ ᠢ ᠨᠢ ᠱᠢᠶ᠋ᠳᠪᠦᠷᠢᠯᠡᠵᠦ᠍ ᠥᠭ᠌ᠪᠡ᠃ 《ᠪᠠᠷᠢᠨ ᠴᠡᠭᠴᠡᠯᠡᠨ ᠰᠠᠢᠵᠢᠷᠠᠭᠤᠯᠬᠤ》 ᠪᠠ 《ᠣᠷᠳᠣ ᠬᠤᠭᠤᠴᠠᠭ᠎ᠠ᠎ᠪᠠᠷ ᠠᠳᠬᠤᠬᠤ》 ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠲᠢᠩᠬᠢᠮ ᠦᠨ ᠱᠢᠰᠲ᠋ᠧᠮ ᠦᠨ 40 ᠵᠦᠶ᠋ᠯ ᠦᠨ ᠳᠣᠲᠣᠭᠠᠳᠤ ᠡᠵᠡᠮᠳᠡᠯ᠎ᠤᠨ ᠲᠦᠷᠢᠮ᠎ᠢ ᠡᠮᠬᠢᠯᠡᠨ ᠳᠢᠭ᠌ᠯᠡᠵᠦ᠍᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠂ ᠠᠯᠪᠠᠨ ᠶᠠᠪᠤᠳᠠᠯ᠎ᠤᠨ ᠵᠣᠴᠢᠯᠠᠭ᠎ᠠ᠎ᠶ᠋ᠢ ᠵᠢᠷᠤᠮᠵᠢᠭᠤᠯᠬᠤ ᠵᠡᠷᠭᠡ 7 ᠵᠦᠶ᠋ᠯ᠎ᠦᠨ ᠲᠦᠷᠢᠮ᠎ᠳᠦ ᠵᠠᠰᠠᠪᠤᠷᠢ ᠣᠷᠣᠭᠤᠯᠤᠨ᠂ ᠲᠣᠭ᠍ᠲᠠᠭᠠᠯ᠎ᠠᠴᠠ ᠵᠥᠷᠢᠴᠡᠨ ᠠᠷᠢᠬᠢ ᠤᠤᠭᠤᠬᠤ᠎ᠳᠤ ᠴᠢᠭᠯᠡᠭᠦᠯᠦᠨ 《ᠠᠷᠪᠠ᠎ᠶ᠋ᠢ ᠴᠢᠩᠭ᠎ᠠ ᠴᠠᠭᠠᠵᠠᠯᠠᠬᠤ》 ᠶ᠋ᠢ ᠳᠤᠷᠠᠳᠴᠤ᠌᠂《ᠠᠷᠢᠭᠤᠨ ᠴᠢᠬᠡᠴᠢ᠎ᠪᠡᠷ ᠵᠠᠰᠠᠭ ᠪᠠᠷᠢᠬᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠭᠠᠷ ᠳᠡᠪᠲᠡᠷ》 ᠢ᠋ ᠳᠠᠷᠤᠮᠠᠯᠯᠠᠨ ᠲᠠᠷᠬᠠᠭᠠᠵᠤ᠂ 《ᠨᠢᠭᠡ ᠠᠰᠠᠭᠤᠳᠠᠯ》 ᠢ᠋ ᠱᠢᠶ᠋ᠳᠪᠦᠷᠢᠯᠡᠬᠦ᠌᠎ᠡᠴᠡ 《ᠨᠢᠭᠡ ᠲᠥᠷᠥᠯ ᠦᠨ ᠠᠰᠠᠭᠤᠳᠠᠯ》 ᠢ᠋ ᠱᠢᠶ᠋ᠳᠪᠦᠷᠢᠯᠡᠬᠦ᠌ ᠬᠦᠷᠲᠡᠯ᠎ᠡ ᠤᠷᠲᠤᠳᠭᠠᠬᠤ᠎ᠶ᠋ᠢ ᠠᠬᠢᠭᠤᠯᠪᠠ᠃
ᠥᠪᠥᠷ ᠮᠣᠩᠭᠣᠯ᠎ᠤᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠨᠢ 《ᠪᠢ ᠪᠠᠭ᠍ᠰᠢ ᠰᠤᠷᠤᠭ᠍ᠴᠢᠳ᠎ᠲᠤ ᠪᠣᠳᠠᠲᠤ ᠶᠠᠪᠤᠳᠠᠯ ᠬᠢᠵᠦ᠍ ᠥᠭ᠌ᠭᠦ》 ᠪᠡᠷ ᠭᠤᠤᠯ ᠰᠡᠳᠦᠪ ᠪᠣᠯᠭᠠᠵᠤ᠂ ᠪᠠᠭ᠍ᠰᠢ ᠰᠤᠷᠤᠭ᠍ᠴᠢᠳ᠎ᠤᠨ ᠪᠠᠴᠢᠮᠳᠡᠵᠦ ᠬᠦᠴᠢᠷᠳᠡᠵᠦ ᠵᠣᠪᠠᠨᠢᠵᠦ ᠬᠦᠰᠡᠵᠦ ᠪᠠᠢᠭ᠎ᠠ ᠵᠦᠢᠯ ᠢ ᠦᠨᠡᠨ ᠬᠦ᠌ ᠱᠢᠶ᠋ᠳᠪᠦᠷᠢᠯᠡᠪᠡ᠃ ᠳᠡᠭᠡᠳᠦ ᠰᠤᠷᠭᠠᠭᠤᠯᠢ ᠡᠭᠦᠳᠡ᠎ᠪᠡᠨ ᠨᠡᠭᠡᠭᠡᠵᠦ᠍ ᠰᠠᠨᠠᠯ ᠵᠥᠪᠯᠡᠯᠭᠡ ᠬᠤᠷᠢᠶᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠳᠤ ᠲᠦᠱᠢᠭ᠌ᠯᠡᠨ᠂ ᠳᠡᠭᠡᠳᠦ ᠰᠤᠷᠭᠠᠭᠤᠯᠢ᠎ᠶ᠋ᠢᠨ ᠠᠯᠪᠠᠨ᠎ᠤ ᠵᠢᠷᠬᠢᠶ᠎ᠡ ᠲᠠᠪᠴᠠᠩ ᠳ᠋ᠤ《ᠦᠶ᠋ᠯᠡᠴᠢᠯᠡᠭᠡᠨ᠎ᠦ E ᠥᠷᠲᠡᠭᠡ 》ᠵᠢ ᠪᠠᠢᠭᠤᠯᠵᠤ᠂ ᠪᠠᠭ᠍ᠰᠢ ᠰᠤᠷᠤᠭ᠍ᠴᠢᠳ᠎ᠤᠨ ᠲᠤᠰᠭᠠᠭ᠍ᠰᠠᠨ ᠨᠡᠢᠲᠡᠯᠢᠭ ᠴᠢᠨᠠᠷᠲᠠᠶ ᠬᠡᠷᠡᠭ᠌ᠴᠡᠭᠡ ᠪᠠ ᠲᠦᠭᠡᠮᠡᠯ ᠴᠢᠨᠠᠷᠲᠠᠶ ᠠᠰᠠᠭᠤᠳᠠᠯ᠎ᠢ ᠱᠢᠶ᠋ᠳᠪᠦᠷᠢᠯᠡᠵᠦ᠍᠂ ᠪᠠᠭ᠍ᠰᠢ ᠰᠤᠷᠤᠭ᠍ᠴᠢᠳ᠎ᠤᠨ ᠬᠦᠰᠡᠯ ᠱᠠᠭᠠᠷᠳᠠᠯᠭ᠎ᠠ ᠵᠢ 《ᠨᠢᠭᠡ ᠯᠡ ᠳᠠᠷᠤᠪᠴᠢ ᠪᠠᠷ ᠲᠤᠱᠢᠶᠠᠬᠤ》᠂《ᠪᠥᠬᠥ᠌ ᠶᠠᠪᠤᠴᠠ ᠳ᠋ᠤ ᠮᠥᠷᠳᠡᠬᠦ᠌》᠎ᠶ᠋ᠢ ᠪᠡᠶᠡᠯᠡᠭᠦᠯᠪᠡ᠃ ᠰᠤᠷᠤᠭ᠍ᠴᠢ ᠵᠢᠨ ᠠᠵᠢᠯ᠎ᠤᠨ ᠰᠠᠯᠠᠭ᠎ᠠ ᠮᠥᠴᠢᠷ᠎ᠦᠨ ᠲᠣᠭ᠎ᠠ ᠪᠠᠷᠢᠮᠲᠠ᠎ᠶ᠋ᠢ ᠢᠵᠢᠯ ᠠᠯᠬᠤᠮ᠎ᠢᠶᠠᠷ ᠵᠣᠯᠭᠠᠭᠤᠯᠵᠤ᠂ ᠰᠤᠷᠤᠯᠭ᠎ᠠ᠎ᠶ᠋ᠢᠨ ᠰᠡᠷᠡᠮᠵᠢᠯᠡᠭᠦᠯᠦᠯ᠂ ᠰᠡᠳᠭᠢᠴᠡ᠎ᠶ᠋ᠢᠨ ᠡᠷᠡᠭᠦᠯ ᠮᠡᠨᠳᠦ ᠵᠡᠷᠭᠡ ᠲᠤᠰᠭᠠᠶ ᠲᠣᠭ᠎ᠠ ᠪᠠᠷᠢᠮᠲᠠ᠎ᠶ᠋ᠢᠨ ᠬᠥᠮᠥᠷᠭᠡ᠎ᠶ᠋ᠢ ᠪᠠᠢᠭᠤᠯᠤᠨ᠂ ᠲᠣᠮᠣ ᠳ᠋ᠠᠢᠲ᠋ᠠ᠎ᠶ᠋ᠢᠨ ᠵᠠᠳᠠᠯᠤᠯᠲᠠ᠎ᠪᠠᠷ ᠳᠠᠮᠵᠢᠨ ᠳᠠᠯᠳᠠ ᠬᠡᠷᠡᠭ᠌ᠴᠡᠭᠡ᠎ᠶ᠋ᠢ ᠣᠨᠣᠪᠴᠢᠲᠠᠶ ᠢᠯᠭᠠᠨ ᠲᠠᠨᠢᠪᠠ᠃ ᠳᠡᠭᠡᠳᠦ ᠰᠤᠷᠭᠠᠭᠤᠯᠢ᠎ᠶ᠋ᠢᠨ ᠤᠳᠤᠷᠢᠳᠭᠤ ᠪᠠᠭ ᠨᠢ 《ᠡᠮᠦᠨ᠎ᠡ ᠹᠷᠣᠨᠲ᠎ᠤᠨ ᠠᠵᠢᠯᠯᠠᠬᠤ ᠠᠷᠭ᠎ᠠ》 ᠶ᠋ᠢ ᠪᠠᠷᠢᠮᠲᠠᠯᠠᠵᠤ᠂ ᠬᠤᠪᠢᠳᠠᠨ ᠬᠠᠮᠢᠶᠠᠷᠴᠤ᠌ ᠪᠠᠢᠭ᠎ᠠ ᠰᠠᠯᠠᠭ᠎ᠠ ᠮᠥᠴᠢᠷ ᠪᠠ ᠬᠠᠷᠢᠯᠴᠠᠬᠤ ᠴᠡᠭ᠎ᠲᠡᠬᠡᠨ ᠭᠦᠨᠵᠡᠭᠡᠢᠷᠡᠨ᠂ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠂ ᠶᠠᠷᠢᠯᠴᠠᠬᠤ ᠬᠤᠷᠠᠯ ᠬᠢᠵᠦ᠍ ᠰᠣᠯᠢᠯᠴᠠᠬᠤ ᠵᠡᠷᠭᠡ᠎ᠪᠡᠷ ᠳᠠᠮᠵᠢᠨ ᠪᠠᠭ᠍ᠰᠢ ᠰᠤᠷᠤᠭ᠍ᠴᠢᠳ᠎ᠤᠨ ᠰᠠᠨᠠᠯ᠎ᠢ ᠬᠤᠷᠢᠶᠠᠬᠤ᠎ᠶ᠋ᠢᠨ ᠬᠠᠮᠲᠤ ᠠᠰᠠᠭᠤᠳᠠᠯ ᠢ ᠵᠣᠬᠢᠴᠠᠭᠤᠯᠤᠨ ᠱᠢᠶ᠋ᠳᠪᠦᠷᠢᠯᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠲᠦᠷᠦᠭᠦᠯᠡᠨ ᠰᠤᠷᠲᠠᠯ᠎ᠢᠶᠠᠨ ᠬᠤᠪᠢᠷᠠᠭᠤᠯᠬᠤ᠎ᠶ᠋ᠢ ᠬᠥᠲᠥᠯᠥᠨ ᠵᠢᠯᠣᠭᠣᠳᠪᠠ᠃ ᠡᠭᠦᠨ᠎ᠡᠴᠡ ᠭᠠᠳᠠᠨ᠎ᠠ᠂ ᠳᠡᠭᠡᠳᠦ ᠰᠤᠷᠭᠠᠭᠤᠯᠢ ᠨᠢ《ᠨᠠᠷᠢᠨ ᠲᠠᠩᠰᠠᠵᠢᠭᠤᠯᠤᠨ ᠠᠬᠢᠭᠤᠯᠬᠤ᠂ ᠬᠠᠷᠢᠭᠤᠴᠠᠯᠭ᠎ᠠ ᠲᠤᠬᠳᠠᠭᠠᠨ ᠳᠠᠭᠠᠭᠠᠴᠢᠯᠠᠨ ᠬᠠᠷᠢᠯᠴᠠᠬᠤ᠂ ᠵᠠᠩᠬᠢᠯᠠᠭ᠎ᠠ ᠵᠢᠨ ᠴᠡᠭ᠎ᠢᠶᠡᠷ ᠭᠤᠤᠯ ᠪᠤᠯᠭᠠᠨ ᠱᠠᠯᠠᠪᠳᠠᠭᠤᠯᠤᠨ ᠭᠦᠶ᠋ᠴᠡᠳᠭᠡᠯᠬᠡᠬᠦ》 ᠠᠵᠢᠯ ᠤᠨ ᠲᠣᠭ᠍ᠲᠠᠴᠠ᠎ᠶ᠋ᠢ ᠪᠠᠢᠭᠤᠯᠵᠤ᠂ ᠤᠴᠢᠷ ᠶᠠᠪᠤᠳᠠᠯ ᠪᠣᠯᠭᠠᠨ᠎ᠳᠤ ᠬᠠᠷᠢᠭᠤ ᠥᠭ᠌ᠬᠦ᠎ᠶ᠋ᠢ ᠪᠠᠲᠤᠯᠠᠪᠠ᠃ ᠱᠠᠲᠤ ᠬᠤᠪᠢᠶᠠᠨ ᠲᠥᠷᠥᠯ ᠬᠤᠪᠢᠶᠠᠨ ᠨᠠᠷᠢᠨ ᠲᠠᠩᠰᠠ ᠪᠠᠢᠭᠤᠯᠵᠤ᠂ ᠬᠠᠷᠢᠭᠤ ᠲᠤᠰᠭᠠᠭ᠍ᠰᠠᠨ ᠠᠰᠠᠭᠤᠳᠠᠯ ᠰᠠᠨᠠᠭᠤᠯᠭ᠎ᠠ᠎ᠶ᠋ᠢ ᠪᠠᠷᠢᠨ ᠭᠦᠶ᠋ᠴᠡᠳᠭᠡᠬᠦ᠌ ᠲᠥᠷᠥᠯ᠂ ᠬᠠᠮᠲᠤᠷᠠᠨ ᠬᠥᠳᠡᠯᠦᠯᠴᠡᠬᠦ᠌ ᠲᠥᠷᠥᠯ᠂ ᠪᠣᠭᠣᠮᠲᠠ ᠱᠢᠪᠲᠤᠯᠬᠤ ᠲᠥᠷᠥᠯ ᠭᠡᠬᠦ ᠭᠤᠷᠪᠠᠨ ᠳᠡᠰ᠎ᠤᠨ ᠨᠠᠷᠢᠨ ᠲᠠᠩᠰᠠ ᠬᠤᠪᠢᠶᠠᠵᠦ᠂ ᠡᠭᠦᠨ᠎ᠳᠦ᠂ ᠪᠠᠷᠢᠨ ᠭᠦᠶ᠋ᠴᠡᠳᠭᠡᠬᠦ᠌ ᠲᠥᠷᠥᠯ ᠢ 48 ᠴᠠᠭ᠎ᠤᠨ ᠳᠣᠲᠣᠷ᠎ᠠ ᠱᠢᠶ᠋ᠳᠪᠦᠷᠢᠯᠡᠵᠦ᠍᠂ ᠬᠠᠮᠲᠤᠷᠠᠨ ᠬᠥᠳᠡᠯᠦᠯᠴᠡᠬᠦ᠌ ᠲᠥᠷᠥᠯ᠎ᠢ 3 ᠰᠠᠷ᠎ᠠ᠎ᠶ᠋ᠢᠨ ᠳᠣᠲᠣᠷ᠎ᠠ ᠨᠠᠢᠳᠠᠪᠤᠷᠢᠵᠢᠭᠤᠯᠵᠤ᠂ ᠪᠣᠭᠣᠮᠲᠠ ᠱᠢᠪᠲᠤᠯᠬᠤ ᠲᠥᠷᠥᠯ᠎ᠢ ᠬᠤᠪᠢᠳᠠᠨ ᠬᠠᠮᠢᠶᠠᠷᠬᠤ ᠳᠡᠭᠡᠳᠦ ᠰᠤᠷᠭᠠᠭᠤᠯᠢ᠎ᠵᠢᠨ ᠤᠳᠤᠷᠢᠳᠤᠯᠭ᠎ᠠ᠎ᠠᠴᠠ ᠲᠦᠷᠦᠭᠦᠯᠡᠨ ᠠᠬᠢᠭᠤᠯᠤᠨ᠎ᠠ᠃《ᠳᠡᠭᠡᠳᠦ ᠰᠤᠷᠭᠠᠭᠤᠯᠢ᠎ᠵᠢᠨ ᠤᠳᠤᠷᠢᠳᠤᠯᠭ᠎ᠠ ᠲᠦᠷᠦᠭᠦᠯᠡᠨ ᠬᠦᠴᠢᠷᠳᠡᠯ ᠢ ᠱᠢᠶ᠋ᠳᠪᠦᠷᠢᠯᠡᠬᠦ᠌》ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠤᠳᠤᠷᠢᠳᠭᠤ ᠪᠠᠭ ᠤᠨ ᠪᠦᠷᠢᠯᠳᠦᠬᠦᠨ ᠰᠠᠨᠠᠭᠠᠴᠢᠯᠠᠭ᠎ᠠ᠎ᠠᠴᠠ᠎ᠪᠠᠨ ᠬᠣᠯᠪᠣᠭᠠᠯᠠᠨ ᠪᠣᠭᠣᠮᠲᠠ ᠱᠢᠪᠲᠤᠯᠬᠤ ᠲᠥᠷᠥᠯ ᠵᠦᠶ᠋ᠯ᠎ᠢ ᠳᠠᠭᠠᠭᠠᠨ ᠠᠪᠴᠤ᠌᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠲᠤᠰᠭᠠᠶ ᠰᠡᠳᠦᠪᠲᠦ ᠠᠬᠢᠭᠤᠯᠬᠤ ᠬᠤᠷᠠᠯ ᠬᠤᠷᠠᠯᠳᠤᠭᠤᠯᠪᠠ᠃ 《ᠭᠠᠷᠠᠭᠨᠢᠬᠡ ᠪᠦᠷᠢ ᠲᠣᠬᠢᠷᠠᠭᠤᠯᠤᠯᠳᠠ ᠬᠢᠬᠦ᠂ ᠰᠠᠷ᠎ᠠ ᠨᠢᠬᠡ ᠪᠦᠷᠢ ᠮᠡᠳᠡᠭᠦᠯᠬᠦ᠌᠂ ᠤᠯᠠᠷᠢᠯ ᠨᠢᠬᠡ ᠪᠦᠷᠢ ᠱᠢᠯᠭᠠᠨ ᠦᠨᠡᠯᠡᠬᠦ᠌》 ᠱᠠᠯᠠᠪᠳᠠᠭᠤᠯᠤᠨ ᠭᠦᠢᠴᠡᠳᠭᠡᠯᠬᠡᠬᠦ᠌ ᠳᠦᠷᠢᠮ ᠢ ᠪᠠᠢᠭᠤᠯᠵᠤ᠂ ᠳᠡᠭᠡᠳᠦ ᠰᠤᠷᠭᠠᠭᠤᠯᠢ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠠᠯᠪᠠᠨ ᠭᠡᠷ ᠨᠢ ᠪᠦᠬᠦ᠌ ᠶᠠᠪᠤᠴᠠ᠎ᠳᠤ ᠮᠥᠷᠳᠡᠨ ᠦᠷ᠎ᠡ ᠪᠦᠲᠦᠮᠵᠢ᠎ᠶ᠋ᠢ ᠠᠰᠠᠭᠤᠪᠠ᠃ 2025 ᠣᠨ᠎ᠳᠤ᠂ ᠲᠤᠰ ᠳᠡᠭᠡᠳᠦ ᠰᠤᠷᠭᠠᠭᠤᠯᠢ ᠣᠯᠠᠨ ᠠᠷᠭ᠎ᠠ ᠵᠠᠮ ᠢᠶᠠᠷ ᠲᠤᠰᠭᠠᠭ᠍ᠰᠠᠨ ᠠᠰᠠᠭᠤᠳᠠᠯ᠎ᠢ ᠨᠡᠢᠲᠡ 67 ᠬᠤᠪᠢ ᠡᠮᠬᠢᠯᠡᠵᠦ᠍᠂ ᠨᠢᠭᠡᠨᠲᠡ 64 ᠬᠤᠪᠢ᠎ᠶ᠋ᠢ ᠨᠢ ᠱᠢᠶ᠋ᠳᠪᠦᠷᠢᠯᠡᠨ ᠳᠠᠭᠤᠰᠭᠠᠵᠤ᠂ 3 ᠬᠤᠪᠢ᠎ᠶ᠋ᠢ ᠨᠢ ᠪᠣᠭᠣᠮᠲᠠ ᠱᠢᠪᠲᠤᠯᠬᠤ ᠲᠥᠷᠥᠯ᠎ᠳᠦ ᠣᠷᠣᠭᠤᠯᠪᠠ; ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠂ ᠶᠠᠷᠢᠯᠴᠠᠬᠤ ᠬᠤᠷᠠᠯ ᠬᠢᠵᠦ᠍ ᠰᠣᠯᠢᠯᠴᠠᠬᠤ ᠵᠡᠷᠭᠡ᠎ᠪᠡᠷ ᠳᠠᠮᠵᠢᠨ ᠪᠠᠭ᠍ᠰᠢ ᠰᠤᠷᠤᠭ᠍ᠴᠢ᠎ᠶ᠋ᠢᠨ 172 ᠭᠠᠷᠤᠢ ᠬᠦᠰᠡᠯ ᠱᠠᠭᠠᠷᠳᠠᠯᠭ᠎ᠠ᠎ᠶ᠋ᠢ ᠴᠤᠭ᠍ᠯᠠᠭᠤᠯᠵᠤ᠂ ᠣᠳᠣᠬᠠᠨ᠎ᠳᠤ ᠠᠰᠠᠭᠤᠳᠠᠯ᠎ᠢ ᠢᠳᠡᠪᠬᠢᠲᠡᠢ ᠱᠢᠢᠳᠪᠦᠷᠢᠯᠡᠵᠦ᠍ ᠪᠠᠢᠨ᠎ᠠ᠃