ᠲᠦᠷᠦᠭᠦᠭᠡᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠰᠢᠨ᠎ᠡ᠎ᠪᠡᠷ ᠠᠵᠢᠯ᠎ᠳᠤ ᠭᠠᠷᠤᠬᠰᠠᠨ ᠺᠠᠳ᠋ᠷ᠂ ᠵᠠᠩᠭᠢᠯᠠᠭ᠎ᠠ᠎ᠶᠢᠨ ᠠᠵᠢᠯ᠎ᠤᠨ ᠪᠠᠢᠷᠢ᠎ᠶᠢᠨ ᠺᠠᠳ᠋ᠷ ᠪᠠ ᠵᠠᠯᠠᠭᠤ ᠺᠠᠳ᠋ᠷ ᠵᠡᠷᠭᠡ 37 ᠺᠠᠳ᠋ᠷ ᠴᠠᠭᠳᠠᠭ᠎ᠠ᠎ᠶᠢᠨ ᠲᠥᠯᠥᠭᠡᠯᠡᠭᠴᠢ᠎ᠶᠢ ᠵᠣᠬᠢᠶᠠᠨ ᠪᠠᠢᠭᠤᠯᠵᠤ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠰᠢᠭᠦᠬᠦ ᠬᠣᠷᠢᠶ᠎ᠠ᠎ᠳᠤ ᠬᠦᠷᠴᠦ᠂ 《ᠬᠡᠷᠡᠭ᠎ᠢᠶᠡᠷ ᠲᠣᠯᠢ ᠪᠣᠯᠭᠠᠵᠤ ᠬᠣᠷᠢᠭ᠎ᠠ ᠱᠤᠭᠤᠮ᠎ᠢ ᠴᠤᠬᠴᠠᠯᠠᠨ ᠰᠠᠬᠢᠯᠭ᠎ᠠ ᠪᠠᠲᠤ᠎ᠶᠢ ᠴᠢᠩᠲᠠᠯᠠᠨ ᠬᠠᠤᠯᠢ ᠴᠠᠭᠠᠵᠠ᠎ᠶᠢ ᠰᠠᠬᠢᠵᠤ ᠠᠷᠢᠭᠤᠨ ᠴᠢᠬᠡᠴᠢ᠎ᠶᠢ ᠪᠠᠲᠤᠯᠠᠬᠤ》 ᠲᠢᠩᠬᠢᠮ᠎ᠦᠨ ᠰᠢᠭᠦᠯᠲᠡ᠎ᠵᠢ ᠦᠵᠡᠬᠦ ᠠᠵᠢᠯᠯᠠᠭ᠎ᠠ ᠥᠷᠨᠢᠭᠦᠯᠵᠦ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠬᠥᠮᠦᠵᠢᠯ ᠭᠥᠷᠳᠡᠭᠡᠪᠡ᠃
ᠲᠢᠩᠬᠢᠮ᠎ᠦᠨ ᠰᠢᠭᠦᠯᠲᠡ᠎ᠶᠢᠨ ᠶᠠᠪᠤᠴᠠ᠎ᠳᠤ᠂ ᠺᠠᠳ᠋ᠷ ᠴᠠᠭᠳᠠᠭ᠎ᠠ᠎ᠶᠢᠨ ᠲᠥᠯᠥᠭᠡᠯᠡᠭᠴᠢ ᠬᠡᠷᠡᠭ᠎ᠦᠨ ᠰᠢᠭᠦᠯᠲᠡ᠎ᠶᠢᠨ ᠶᠠᠪᠤᠴᠠ᠎ᠶᠢ ᠨᠠᠷᠢᠨ ᠬᠢᠨᠠᠮᠠᠭᠠᠢ ᠰᠤᠯᠠ ᠰᠣᠨᠣᠰᠴᠤ᠂ ᠰᠢᠭᠦᠬᠦ ᠲᠢᠩᠬᠢᠮ᠎ᠦᠨ ᠪᠠᠢᠴᠠᠭᠠᠯᠲᠠ᠂ ᠭᠡᠷᠡᠴᠢ ᠳᠤᠷᠠᠳᠴᠤ ᠲᠤᠯᠭᠠᠨ ᠭᠡᠷᠡᠴᠢᠯᠡᠬᠦ᠂ ᠰᠢᠭᠦᠬᠦ ᠲᠢᠩᠬᠢᠮ᠎ᠦᠨ ᠮᠠᠷᠭᠤᠯᠳᠤᠭᠠᠨ ᠵᠡᠷᠭᠡ ᠵᠠᠩᠭᠢᠯᠠᠭ᠎ᠠ᠎ᠶᠢᠨ ᠭᠣᠭᠴᠣᠭ᠎ᠠ ᠵᠢᠴᠢ ᠠᠯᠪᠠᠨ ᠵᠠᠭᠠᠯᠳᠤᠭ᠍ᠴᠢᠶᠢᠨ ᠵᠠᠭᠠᠯᠳᠤᠭᠳᠠᠭ᠍ᠴᠢᠶᠢᠨ ᠶᠠᠯ᠎ᠠ ᠬᠢᠭᠰᠡᠨ ᠪᠣᠳᠠᠲᠤ ᠶᠠᠪᠤᠳᠠᠯ᠎ᠢ ᠲᠣᠳᠣᠷᠬᠠᠢ ᠵᠠᠭᠠᠯᠳᠤᠭᠰᠠᠨ᠂ ᠵᠠᠭᠠᠯᠳᠤᠭᠳᠠᠭ᠍ᠴᠢᠶᠢᠨ ᠭᠦᠨ ᠭᠡᠮᠰᠢᠯ ᠵᠡᠷᠭᠡ ᠵᠢ ᠦᠵᠡᠬᠦ ᠪᠡᠷ ᠳᠠᠮᠵᠢᠨ᠂ ᠺᠠᠳ᠋ᠷ ᠴᠠᠭᠳᠠᠭ᠎ᠠ᠎ᠶᠢᠨ ᠲᠥᠯᠥᠭᠡᠯᠡᠭᠴᠢ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠦᠶ᠋ᠯᠡ ᠠᠵᠢᠯᠯᠠᠭ᠎ᠠ ᠡᠴᠡ ᠪᠣᠯᠤᠭᠰᠠᠨ ᠯᠤᠲᠤ ᠶᠡᠬᠡ ᠬᠣᠣᠷ ᠬᠥᠨᠥᠭᠡᠯ᠎ᠢ ᠴᠢᠨᠠᠬᠰᠢᠲᠠ ᠲᠣᠳᠣᠷᠬᠠᠢ ᠪᠣᠯᠭᠠᠪᠠ᠃
ᠲᠣᠰ ᠤᠳᠠᠭᠠᠨ᠎ᠤ ᠲᠢᠩᠬᠢᠮ᠎ᠦᠨ ᠰᠢᠭᠦᠯᠲᠡ ᠵᠢ ᠦᠵᠡᠬᠦ ᠠᠵᠢᠯᠯᠠᠭ᠎ᠠ ᠨᠢ ᠦᠪᠡᠷᠲᠡᠭᠡᠨ ᠵᠠᠰᠬᠠᠤ ᠤᠷᠤᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠶᠢᠨ ᠠᠷᠢᠭᠤᠨ ᠴᠢᠬᠡᠴᠢ᠎ᠪᠡᠷ ᠵᠠᠰᠠᠭ ᠪᠠᠷᠢᠬᠤ ᠰᠣᠶᠣᠯ᠎ᠤᠨ ᠪᠠᠢᠭᠤᠯᠤᠯᠲᠠ᠎ᠶᠢ ᠴᠢᠩᠭᠠᠳᠬᠠᠬᠤ ᠪᠣᠳᠠᠲᠠᠢ ᠦᠢᠯᠡᠳᠦᠯᠭᠡ ᠪᠣᠯᠤᠭᠰᠠᠨ᠎ᠤ ᠬᠤᠪᠢ᠎ᠳᠤ᠂ ᠰᠢᠭᠤᠳ ᠪᠥᠭᠡᠳ ᠭᠦᠨᠵᠡᠭᠡᠢ ᠬᠡᠯᠪᠡᠷᠢ᠎ᠪᠡᠷ ᠺᠠᠳ᠋ᠷ ᠴᠠᠭᠳᠠᠭ᠎ᠠ ᠨᠠᠷ᠎ᠲᠤ ᠰᠡᠷᠡᠮᠵᠢ᠎ᠶᠢᠨ ᠳᠣᠬᠢᠶ᠎ᠠ ᠥᠭᠴᠡᠢ᠃ ᠺᠠᠳ᠋ᠷ ᠴᠠᠭᠳᠠᠭ᠎ᠠ᠎ᠶᠢᠨ ᠲᠥᠯᠥᠭᠡᠯᠡᠭᠴᠢᠳ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠬᠤ ᠡᠴᠦᠰ᠎ᠦᠨ ᠰᠡᠷᠭᠡᠢᠯᠡᠯᠲᠡ᠎ᠶᠢᠨ ᠱᠤᠭᠤᠮ ᠪᠣᠯᠤᠭᠰᠠᠨ᠎ᠤ ᠬᠤᠪᠢ᠎ᠳᠤ᠂ ᠨᠡᠩ ᠴᠤ᠌ ᠬᠣᠢᠰᠢᠳᠠ᠎ᠶᠢᠨ ᠠᠵᠢᠯ ᠠᠮᠢᠳᠤᠷᠠᠯ᠎ᠤᠨ ᠳᠤᠮᠳᠠ ᠴᠠᠭ ᠢᠮᠠᠭᠲᠠ ᠪᠡᠶ᠎ᠡ᠎ᠪᠡᠨ ᠲᠤᠩᠭᠠᠨ ᠰᠡᠷᠡᠮᠵᠢᠯᠡᠭᠦᠯᠵᠦ᠂ ᠪᠡᠶ᠎ᠡ᠎ᠪᠡᠷ᠎ᠢᠶᠡᠨ ᠬᠡᠪ ᠳᠠᠭᠤᠷᠢᠶᠠᠯ ᠪᠣᠯᠵᠤ᠂ ᠪᠡᠶ᠎ᠡ᠎ᠪᠡᠨ ᠪᠠᠷᠢᠬᠤ ᠰᠡᠳᠬᠢᠯ᠎ᠢ ᠦᠷᠭᠦᠯᠵᠢ ᠡᠪᠦᠷᠯᠡᠵᠦ᠂ ᠬᠤᠪᠳᠤᠭ ᠰᠢᠨᠤᠯ᠎ᠤᠨ ᠬᠣᠣᠷ ᠬᠥᠨᠥᠭᠡᠯ᠎ᠢ ᠦᠷᠭᠦᠯᠵᠢ ᠪᠣᠳᠣᠯᠬᠢᠯᠠᠵᠤ᠂ ᠬᠤᠪᠢ᠎ᠶᠢᠨ ᠪᠤᠰᠤ ᠪᠤᠳᠤᠯ᠎ᠢ ᠦᠷᠭᠦᠯᠵᠢ ᠠᠷᠢᠯᠭᠠᠨ᠎ᠠ ᠭᠡᠵᠦ ᠢᠯᠡᠷᠬᠡᠢᠯᠡᠵᠡᠭᠡᠪᠡ᠃