ᠮᠠᠨ᠎ᠤ ᠤᠷᠤᠨ᠎ᠤ ᠠᠩᠬᠠᠳᠠᠭᠴᠢ ᠤᠷᠤᠨ ᠨᠤᠲᠤᠭ᠎ᠤᠨ ᠰᠤᠶᠤᠯ᠎ᠤᠨ ᠭᠤᠤᠯ ᠰᠡᠳᠦᠪᠲᠦ ᠱᠠᠩᠨᠠᠯᠲᠤ ᠰᠤᠭᠤᠯᠤᠭ᠎ᠠ ᠵᠠᠬ᠎ᠠ᠎ᠳᠤ ᠭᠠᠷᠪᠠ
2025-07-02 17:06:38
ᠵᠣᠬᠢᠶᠠᠭ᠍ᠴᠢ᠄
ᠵᠠᠩ ᠢ ᠹᠠᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 30᠎ᠤ ᠡᠳᠦᠷ᠂ 《ᠦᠵᠡᠰᠬᠦᠯᠡᠩᠲᠦ ᠰᠠᠢᠬᠠᠨ ᠥᠪᠥᠷ ᠮᠣᠩᠭᠣᠯ·ᠤᠮᠠᠷᠠᠲᠤ ᠬᠢᠯᠢ᠎ᠶᠢᠨ ᠰᠣᠶᠣᠯ》 ᠣᠷᠣᠨ ᠨᠤᠲᠤᠭ᠎ᠤᠨ ᠭᠣᠣᠯ ᠰᠡᠳᠦᠪᠲᠦ ᠪᠡᠶ᠎ᠡ᠎ᠶᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶᠢᠨ ᠠᠩᠬ᠎ᠠ ᠲᠠᠷᠬᠠᠭᠠᠬᠤ ᠶᠣᠰᠣᠯᠠᠯ ᠬᠥᠬᠡᠬᠣᠲᠠ᠎ᠳᠤ ᠶᠠᠪᠤᠭᠳᠠᠪᠠ᠂ ᠡᠨᠡ ᠨᠢ ᠥᠪᠥᠷ ᠮᠣᠩᠭᠣᠯ᠎ᠤᠨ ᠠᠩᠬᠠᠳᠠᠭ᠍ᠴᠢ ᠪᠥᠬᠥ ᠤᠯᠤᠰ᠎ᠲᠤ ᠬᠠᠨᠳᠤᠭᠤᠯᠤᠨ ᠲᠠᠷᠬᠠᠭᠠᠵᠤ ᠪᠠᠢᠭ᠎ᠠ ᠣᠷᠣᠨ ᠨᠤᠲᠤᠭ᠎ᠤᠨ ᠰᠣᠶᠣᠯ᠎ᠤᠨ ᠭᠣᠣᠯ ᠰᠡᠳᠦᠪᠲᠦ ᠱᠠᠩᠨᠠᠯᠲᠤ ᠰᠤᠭᠤᠯᠤᠭ᠎ᠠ᠎ᠶᠢᠨ ᠵᠠᠬ᠎ᠠ ᠳᠡᠯᠭᠡᠭᠦᠷ᠎ᠲᠦ ᠭᠠᠷᠤᠭᠰᠠᠨ᠎ᠢ ᠬᠠᠷᠠᠭᠤᠯᠵᠤ ᠪᠠᠢᠨ᠎ᠠ᠃ ᠲᠣᠰ ᠱᠠᠩᠨᠠᠯᠲᠤ ᠰᠤᠭᠤᠯᠤᠭ᠎ᠠ ᠨᠢ ᠤᠮᠠᠷᠠᠲᠤ ᠬᠢᠯᠢ᠎ᠶᠢᠨ ᠰᠣᠶᠣᠯ᠎ᠤᠨ ᠭᠣᠣᠯ ᠡᠯᠧᠮᠧᠨ᠋ᠲ ᠪᠠ ᠨᠡᠶ᠋ᠢᠲᠡ᠎ᠶᠢᠨ ᠠᠰᠠᠷᠠᠮᠵᠢ᠎ᠶᠢᠨ ᠰᠢᠨᠵᠢ ᠴᠢᠨᠠᠷ ᠎ᠢ ᠠᠭᠤᠰᠤᠯᠴᠠᠭᠤᠯᠬᠤ ᠪᠠᠷ ᠳᠡᠮᠵᠢᠨ᠂ ᠥᠪᠥᠷ ᠮᠣᠩᠭᠣᠯ᠎ᠤᠨ ᠭᠠᠵᠠᠷ ᠣᠷᠣᠨ᠎ᠤ ᠷᠢᠳᠢ ᠰᠢᠳᠢ᠎ᠶᠢ ᠢᠯᠡᠷᠡᠭᠦᠯᠬᠦ᠂ ᠰᠣᠶᠣᠯ᠎ᠤᠨ ᠳᠠᠮᠵᠢᠭᠤᠯᠭ᠎ᠠ᠎ᠶᠢ ᠠᠬᠢᠭᠤᠯᠬᠤ ᠰᠢᠨ᠎ᠡ᠎ᠶᠢ ᠡᠭᠦᠳᠬᠦ ᠠᠴᠢᠶᠠᠯᠠᠪᠤᠷᠢ ᠪᠣᠯᠤᠭᠰᠠᠨ ᠪᠠᠢᠨ᠎ᠠ᠃


QQ截图20250224163902.png


QQ截图20250224163936.png


ᠣᠢᠯᠠᠭᠠᠭᠰᠠᠨ᠎ᠢᠶᠠᠷ᠂ ᠡᠨᠡ ᠤᠳᠠᠭ᠎ᠠ ᠵᠢᠨ ᠲᠠᠷᠬᠠᠭᠠᠭᠰᠠᠨ ᠱᠠᠩᠨᠠᠯᠲᠤ ᠰᠤᠭᠤᠯᠤᠭ᠎ᠠ ᠨᠢ ᠤᠮᠠᠷᠠᠲᠤ ᠬᠢᠯᠢ᠎ᠶᠢᠨ ᠰᠣᠶᠣᠯ᠎ᠤᠨ ᠲᠠᠪᠤᠨ ᠶᠡᠬᠡ ᠭᠣᠣᠯᠳᠠᠯᠭ᠎ᠠ᠎ᠶᠢᠨ ᠲᠣᠭᠣᠷᠢᠨ᠎ᠳᠤ᠂ ᠥᠪᠥᠷ ᠮᠣᠩᠭᠣᠯ᠎ᠤᠨ ᠣᠨᠴᠠᠯᠢᠭ᠍ᠲᠤ ᠰᠣᠶᠣᠯ᠎ᠤᠨ ᠲᠡᠮᠳᠡᠭ ᠎ᠢ ᠱᠠᠩᠨᠠᠯᠲᠤ ᠰᠤᠭᠤᠯᠤᠭ᠎ᠠ ᠵᠢᠨ ᠵᠢᠷᠤᠭ ᠲᠥᠯᠥᠪᠯᠡᠭᠡ᠎ᠳᠦ ᠣᠷᠣᠭᠤᠯᠵᠤ᠂ ᠲᠠᠯ᠎ᠠ ᠨᠤᠲᠤᠭ᠎ᠤᠨ ᠭᠠᠵᠠᠷ᠎ᠤᠨ ᠭᠠᠳᠠᠷᠭᠤ᠂ ᠲᠡᠦᠬᠡ᠎ᠶᠢᠨ ᠤᠯᠠᠮᠵᠢᠯᠠᠯ᠂ ᠰᠣᠶᠣᠯ ᠢᠷᠭᠡᠨᠰᠢᠯ᠎ᠦᠨ ᠵᠣᠷᠢᠭ᠋ ᠰᠠᠨᠠᠭ᠎ᠠ᠎ᠶᠢ ᠰᠢᠰᠲᠧᠮ᠎ᠲᠠᠢ ᠢᠯᠡᠷᠡᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ ᠴᠠᠭ ᠦᠶ᠎ᠡ᠎ᠶᠢᠨ ᠵᠢᠷᠤᠭ ᠲᠥᠰᠥᠪ᠎ᠢ ᠠᠮᠢᠳᠤᠯᠢᠭ᠋᠎ᠢᠶᠠᠷ ᠲᠠᠢᠯᠪᠤᠷᠢᠯᠠᠪᠠ᠃ ᠱᠠᠩᠨᠠᠯᠲᠤ ᠰᠤᠭᠤᠯᠤᠭ᠎ᠠ᠎ᠶᠢ ᠪᠦᠬᠦ ᠤᠯᠤᠰ᠎ᠤᠨ 31 ᠮᠤᠵᠢ ᠣᠷᠣᠨ ᠬᠤᠳᠠ᠎ᠶᠢᠨ 25 ᠲᠦᠮᠡ ᠰᠢᠬᠠᠮ ᠬᠤᠪᠢ᠎ᠶᠢᠨ ᠱᠠᠩᠨᠠᠯᠲᠤ ᠰᠤᠭᠤᠯᠤᠭ᠎ᠠ᠎ᠶᠢᠨ ᠪᠣᠳᠠᠲᠤ ᠴᠣᠭᠴᠠ᠎ᠶᠢᠨ ᠳᠡᠯᠭᠡᠭᠦᠷ᠎ᠢᠶᠡᠷ ᠵᠡᠷᠭᠡ ᠪᠡᠷ ᠪᠣᠷᠣᠯᠠᠭᠤᠯᠵᠤ᠂ 《ᠤᠮᠠᠷᠠᠲᠤ ᠬᠢᠯᠢ᠎ᠶᠢᠨ ᠰᠣᠶᠣᠯ》᠎ᠤᠨ ᠲᠦᠷᠦᠯ ᠲᠡᠮᠳᠡᠭ᠎ᠢ ᠠᠩᠬ᠎ᠠ ᠤᠳᠠᠭ᠎ᠠ ᠤᠯᠤᠰ᠎ᠤᠨ ᠨᠡᠶ᠋ᠢᠲᠡ᠎ᠶᠢᠨ ᠠᠰᠠᠷᠠᠮᠵᠢ᠎ᠶᠢᠨ ᠱᠠᠩᠨᠠᠯᠲᠤ ᠰᠤᠭᠤᠯᠤᠭ᠎ᠠ᠎ᠶᠢᠨ ᠲᠠᠪᠴᠠᠩ᠎ᠢ ᠠᠰᠢᠭ᠍ᠯᠠᠨ ᠪᠦᠬᠦ ᠤᠯᠤᠰ᠎ᠲᠤ ᠴᠢᠭᠯᠡᠭᠦᠯᠬᠦ ᠪᠤᠯᠵᠠᠢ᠂ ᠡᠨᠡ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠠᠬᠢᠭᠤᠯᠬᠤ ᠰᠢᠨ᠎ᠡ᠎ᠶᠢ ᠡᠭᠦᠳᠦᠭᠰᠡᠨ ᠦᠢᠯᠡᠳᠦᠯᠭᠡ ᠪᠣᠯᠬᠤ ᠪᠥᠭᠡᠳ ᠪᠡᠶ᠎ᠡ ᠎ᠶᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶᠢᠨ ᠣᠷᠣᠨ ᠨᠤᠲᠤᠭ᠎ᠤᠨ ᠰᠣᠶᠣᠯ᠎ᠤᠨ ᠪᠠᠢᠭᠤᠯᠤᠯᠲᠠ᠂ ᠠᠵᠤ ᠠᠬᠤᠢ᠎ᠶᠢᠨ ᠬᠥᠭᠵᠢᠯᠲᠡ᠎ᠶᠢᠨ ᠴᠢᠬᠤᠯᠠ ᠰᠦᠪᠡᠭᠴᠢᠯᠡᠯ ᠪᠣᠯᠬᠤ ᠶᠤᠮ᠃


QQ截图20250415164924.png


QQ截图20241204103623.png


ᠲᠠᠷᠬᠠᠭᠠᠬᠤ ᠶᠣᠰᠣᠯᠠᠯ ᠳᠡᠭᠡᠷ᠎ᠡ᠂ ᠬᠣᠶᠠᠳᠤᠭᠠᠷ ᠪᠦᠯᠦᠭ᠎ᠦᠨ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠳᠦᠷᠢ ᠲᠥᠷᠬᠦ᠎ᠶᠢᠨ ᠣᠷᠣᠯᠠᠨ ᠥᠭᠦᠯᠡᠭᠴᠢ᠎ᠶᠢ ᠵᠢᠩᠬᠢᠨᠢ᠎ᠪᠡᠷ ᠤᠷᠢᠨ ᠲᠣᠮᠢᠯᠠᠵᠤ᠂ ᠨᠢᠳᠤᠷᠭᠠᠨ ᠲᠡᠮᠡᠴᠡᠭᠡᠨ᠂ ᠲᠦᠷᠭᠡᠨ ᠲᠡᠰᠢᠯᠲᠡ᠂ ᠡᠪᠦᠯ᠎ᠦᠨ ᠤᠯᠠᠷᠢᠯ᠎ᠤᠨ ᠬᠣᠶᠠᠷ ᠲᠦᠷᠦᠯ ᠵᠡᠷᠭᠡ ᠤᠷᠤᠯᠳᠤᠭᠠᠨ᠎ᠤ ᠲᠠᠮᠢᠷᠴᠢᠨ᠂ ᠵᠠᠭᠤᠴᠢᠯᠠᠭᠤᠷ ᠎ᠤᠨ ᠰᠤᠷᠪᠤᠯᠵᠢᠯᠠᠭ᠍ᠴᠢ ᠎ᠶᠢ ᠬᠠᠮᠤᠷᠴᠤ᠂ ᠲᠦᠷᠦᠭᠦᠸ᠋ ᠪᠦᠯᠦᠭ᠎ᠦᠨ ᠣᠷᠣᠯᠠᠨ ᠥᠭᠦᠯᠡᠭᠴᠢᠳ᠎ᠲᠠᠢ ᠬᠠᠮᠲᠤ᠎ᠪᠠᠷ ᠳᠡᠯᠡᠬᠡᠢ᠎ᠶᠢᠨ ᠮᠠᠩᠯᠠᠢ᠂ ᠣᠯᠠᠨ ᠲᠦᠮᠡᠨ᠎ᠦ ᠪᠡᠶ᠎ᠡ᠎ᠶᠢᠨ ᠲᠠᠮᠢᠷ᠎ᠤᠨ ᠵᠢᠯᠣᠭᠣᠳᠤᠭ᠍ᠴᠢ᠂ ᠰᠣᠨᠢᠨ ᠮᠡᠳᠡᠭᠡᠨ᠎ᠦ ᠵᠠᠭᠤᠴᠢᠯᠠᠭᠤᠷ ᠵᠡᠷᠭᠡ ᠣᠯᠠᠨ ᠬᠦᠷᠢᠶᠡᠨ᠎ᠦ ᠨᠡᠶ᠋ᠢᠲᠡ᠎ᠶᠢᠨ ᠠᠰᠠᠷᠠᠮᠵᠢ᠎ᠶᠢᠨ ᠵᠢᠭ᠍ᠰᠠᠭᠠᠯ ᠎ᠢ ᠪᠠᠢᠭᠤᠯᠵᠤ᠂ ᠭᠠᠷ ᠬᠣᠯᠪᠣᠨ ᠨᠡᠶ᠋ᠢᠲᠡ᠎ᠶᠢᠨ ᠠᠰᠠᠷᠠᠮᠵᠢ᠎ᠶᠢᠨ ᠵᠣᠷᠢᠭ᠋ ᠰᠠᠨᠠᠭ᠎ᠠ᠎ᠶᠢ ᠳᠠᠮᠵᠢᠭᠤᠯᠪᠠ᠃


QQ截图20240904155222.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号