ᠲᠥᠪ᠎ᠦᠨ ᠨᠠᠢ᠍ᠮᠠᠨ ᠲᠣᠭ᠍ᠲᠠᠭᠠᠯ ᠪᠤᠯ ᠥᠨᠢ ᠤᠳᠠᠭᠠᠨ ᠠᠮᠤᠷ ᠲᠦᠪᠱᠢᠨ ᠪᠠᠢᠬᠣ ᠵᠢᠨ ᠪᠠᠲᠤ ᠰᠠᠭᠤᠷᠢ ᠮᠦᠨ
2025-07-21 15:47:22
ᠵᠣᠬᠢᠶᠠᠭ᠍ᠴᠢ᠄
​ᠵᠠᠩ ᠶᠠᠨ
ᠣᠩᠱᠢᠭ᠍ᠰᠠᠨ ᠣᠳᠠᠭ᠎ᠠ᠄
★★★☆☆

ᠭᠣᠣᠯ ᠰᠠᠨᠠᠭᠤᠯᠤᠮᠵᠢ

· ᠨᠠᠮ᠎ᠤᠨ ᠰᠤᠷᠲᠠᠯ ᠨᠢ ᠨᠠᠮ᠎ᠤᠨ ᠲᠦᠷᠢ ᠲᠥᠷᠬᠦ᠌᠎ᠳᠦ ᠬᠣᠯᠪᠣᠭ᠍ᠳᠠᠵᠤ᠂ ᠬᠥᠮᠦᠰ᠎ᠦᠨ ᠰᠡᠳᠭᠢᠯ᠎ᠦᠨ ᠬᠠᠨᠳᠤᠰᠢ᠎ᠳᠦ ᠬᠣᠯᠪᠣᠭ᠍ᠳᠠᠵᠤ᠂ ᠨᠠᠮ᠎ᠤᠨ ᠮᠠᠨᠳᠤᠵᠤ ᠮᠥᠬᠥᠬᠦ᠌᠎ᠳᠦ  ᠬᠣᠯᠪᠣᠭ᠍ᠳᠠᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠪᠦᠲᠦᠵᠦ᠍ ᠪᠦᠷᠢᠯᠬᠦ᠌᠎ᠶ᠋ᠢ ᠲᠣᠭ᠍ᠲᠠᠭᠠᠳᠠᠭ᠃

· ᠲᠥᠪ᠎ᠦᠨ ᠨᠠᠢ᠍ᠮᠠᠨ ᠲᠣᠭ᠍ᠲᠠᠭᠠᠯ᠎ᠢ ᠲᠣᠭ᠍ᠲᠠᠭᠠᠨ ᠨᠠᠢᠳᠠᠪᠤᠷᠢᠵᠢᠭᠤᠯᠬᠤ ᠪᠣᠯ ᠮᠠᠨ᠎ᠤ ᠨᠠᠮ᠎ᠤᠨ ᠰᠠᠨᠠᠭᠠᠴᠢᠯᠠᠭ᠎ᠠ᠎ᠠᠴᠠ᠎ᠪᠠᠨ ᠥᠪᠡᠷ᠎ᠢ᠎ᠪᠡᠨ ᠬᠢᠵᠠᠭᠠᠷᠯᠠᠬᠤ᠂ ᠥᠪᠡᠷ᠎ᠢ᠎ᠪᠡᠨ ᠵᠢᠷᠤᠮᠵᠢᠭᠤᠯᠬᠤ᠂ ᠥᠪᠡᠷ᠎ᠦᠨ ᠪᠡᠶ᠎ᠡ᠎ᠳᠡᠭᠡᠨ ᠬᠢᠨᠠᠯᠲᠠ ᠲᠠᠯᠪᠢᠬᠤ᠎ᠶ᠋ᠢᠨ ᠠᠮᠢᠳᠤᠯᠢᠭ ᠢᠯᠡᠷᠡᠯ ᠮᠥᠨ᠃

· ᠱᠢᠰᠲ᠋ᠧᠮ᠎ᠲᠡᠶ᠂ ᠪᠠᠢ᠌ᠩᠭᠤᠵᠢᠬ᠍ᠰᠡᠨ ᠤᠷᠢᠳᠴᠢᠯᠠᠨ ᠰᠡᠷᠭᠡᠢᠯᠡᠬᠦ᠌ ᠲᠦᠷᠢᠮ ᠪᠣᠯᠤᠭ᠍ᠰᠠᠨ᠎ᠤ ᠬᠤᠪᠢ᠎ᠳᠤ᠂ ᠲᠥᠪ᠎ᠦᠨ ᠨᠠᠢ᠍ᠮᠠᠨ ᠲᠣᠭ᠍ᠲᠠᠭᠠᠯ ᠨᠢ ᠪᠦᠷᠢᠨ ᠪᠦᠲᠦᠨ ᠂ ᠬᠡᠷᠡᠭ᠌ᠵᠢᠭᠦᠯᠵᠦ᠍ ᠪᠣᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠦᠷᠢᠮ᠎ᠢᠶᠡᠷ ᠳᠠᠮᠵᠢᠨ ᠰᠤᠷᠲᠠᠯ ᠴᠢᠬᠡᠴᠢ ᠣᠪᠣᠷ ᠲᠥᠪ ᠣᠷᠴᠢᠨ᠎ᠢ ᠪᠤᠢ ᠪᠣᠯᠭᠠᠵᠤ᠂ᠲᠦᠷᠢᠮ᠎ᠦᠨ ᠳᠠᠪᠬᠤᠷᠭ᠎ᠠ᠎ᠠᠴᠠ ᠢᠯᠵᠢᠷᠡᠯ ᠪᠦᠷᠢᠯᠳᠦᠬᠦ᠌ ᠬᠡᠯᠬᠢᠶ᠎ᠡ᠎ᠶ᠋ᠢ ᠲᠠᠰᠤᠯᠬᠤ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠣᠨ᠎ᠠ᠃


ᠨᠠᠮ᠎ᠤᠨ ᠰᠤᠷᠲᠠᠯ ᠨᠢ ᠨᠠᠮ᠎ᠤᠨ ᠲᠦᠷᠢ ᠲᠥᠷᠬᠦ᠌᠎ᠳᠦ ᠬᠣᠯᠪᠣᠭ᠍ᠳᠠᠵᠤ᠂ ᠬᠥᠮᠦᠰ᠎ᠦᠨ ᠰᠡᠳᠭᠢᠯ᠎ᠦᠨ ᠬᠠᠨᠳᠤᠰᠢ᠎ᠳᠦ ᠬᠣᠯᠪᠣᠭ᠍ᠳᠠᠵᠤ᠂ ᠨᠠᠮ᠎ᠤᠨ ᠮᠠᠨᠳᠤᠵᠤ ᠮᠥᠬᠥᠬᠦ᠌᠎ᠳᠦ ᠬᠣᠯᠪᠣᠭ᠍ᠳᠠᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠪᠦᠲᠦᠵᠦ᠍ ᠪᠦᠷᠢᠯᠬᠦ᠌᠎ᠶ᠋ᠢ ᠲᠣᠭ᠍ᠲᠠᠭᠠᠳᠠᠭ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠲᠥᠪ᠎ᠦᠨ ᠨᠠᠢ᠍ᠮᠠᠨ ᠲᠣᠭ᠍ᠲᠠᠭᠠᠯ᠎ᠢ ᠲᠣᠭ᠍ᠲᠠᠭᠠᠨ ᠨᠠᠢᠳᠠᠪᠤᠷᠢᠵᠢᠭᠤᠯᠬᠤ ᠪᠠᠷ ᠡᠬᠢᠯᠡᠯᠲᠡ ᠪᠣᠯᠭᠠᠵᠤ᠂ ᠨᠠᠮ᠎ᠤᠨ ᠳᠣᠲᠣᠭᠠᠳᠤ᠎ᠳᠤ ᠣᠷᠣᠱᠢᠵᠤ ᠪᠠᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ᠌ ᠦᠵᠡᠯ ᠪᠣᠯᠤᠨ ᠱᠠᠯᠢᠨ ᠪᠦᠷᠢᠯᠭᠡᠬᠦ᠌ ᠰᠤᠷᠲᠠᠯ ᠵᠡᠷᠭᠡ ᠳᠤᠪᠤᠢ᠌ᠮ᠎ᠠ ᠠᠰᠠᠭᠤᠳᠠᠯ᠎ᠢ ᠴᠡᠭ᠌ᠴᠡᠯᠡᠨ ᠵᠠᠰᠠᠬᠤ᠎ᠠᠴᠠ ᠡᠬᠢᠯᠡᠨ ᠠᠳᠭᠤᠵᠤ᠂ ᠤᠳᠤᠷᠢᠳᠭᠤ ᠺᠠᠳ᠋ᠷ᠎ᠠᠴᠠ ᠡᠬᠢᠯᠡᠨ ᠠᠳᠭᠤᠵᠤ᠂ ᠪᠠᠭ᠎ᠠ᠎ᠪᠠᠷ ᠶᠡᠬᠡ᠎ᠶ᠋ᠢ ᠬᠠᠷᠠᠭᠤᠯᠵᠤ᠂ ᠪᠠᠭ᠎ᠠ᠎ᠪᠠᠷ ᠶᠡᠬᠡ᠎ᠶ᠋ᠢ ᠳᠠᠭᠠᠭᠤᠯᠵᠤ᠂ ᠳᠡᠭᠡᠷ᠎ᠡ ᠱᠠᠳᠤ ᠨᠢ ᠳᠤᠤᠷ᠎ᠡ ᠱᠠᠳᠤ᠎ᠪᠠᠨ ᠳᠠᠭᠠᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠱᠢᠨ᠎ᠡ ᠳᠦᠷᠰᠦ ᠪᠠᠢᠳᠠᠯ᠎ᠢᠶᠠᠷ ᠠᠷᠠᠳ ᠤᠯᠠᠨ᠎ᠤ ᠢᠲᠡᠭᠡᠯ ᠬᠦᠷᠢᠶᠡᠯᠡᠯ᠎ᠢ ᠣᠯᠤᠭ᠍ᠰᠠᠨ ᠪᠠᠢᠨ᠎ᠠ᠃ ᠲᠥᠪ᠎ᠦᠨ ᠨᠠᠢ᠍ᠮᠠᠨ ᠲᠣᠭ᠍ᠲᠠᠭᠠᠯ ᠪᠣᠯ ᠰᠤᠷᠲᠠᠯ᠎ᠢ ᠰᠠᠢᠵᠢᠷᠠᠭᠤᠯᠬᠤ᠎ᠶ᠋ᠢᠨ ᠭᠠᠷᠳᠠᠬᠤ ᠴᠡᠭ ᠪᠠ ᠲᠠᠢ᠌ᠴᠢᠯᠠᠯᠳᠠ᠎ᠶ᠋ᠢᠨ ᠵᠠᠷᠯᠢᠭ ᠮᠥᠨ᠂ ᠤᠷᠳᠤ ᠬᠤᠭᠤᠴᠠᠭᠠᠨ᠎ᠤ ᠪᠦᠲᠦᠮᠵᠢᠲᠡᠢ ᠲᠦᠷᠢᠮ ᠲᠣᠭ᠍ᠲᠠᠭᠠᠯ ᠮᠦᠨ᠂ ᠬᠠᠲᠠᠭᠤ ᠲᠣᠭ᠍ᠲᠠᠭᠠᠯ ᠮᠥᠨ᠂ ᠲᠡᠷᠡ ᠨᠢ ᠨᠠᠮ᠎ᠤᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠢ ᠨᠥᠯᠥᠭᠡᠯᠡᠵᠦ᠍ ᠪᠠᠢᠳᠠᠭ᠃

ᠨᠢᠭᠡ᠎ᠳᠦ᠂ ᠪᠠᠭ᠎ᠠ ᠳᠡᠭᠡᠷ᠎ᠡ ᠨᠢ ᠰᠡᠷᠭᠡᠢᠯᠡᠬᠦ᠌᠎ᠶ᠋ᠢ ᠪᠠᠷᠢᠮᠲᠠᠯᠠᠬᠣ ᠬᠡᠷᠡᠭᠳᠡᠢ᠃ ᠶᠡᠷᠦᠩᠬᠡᠢ ᠱᠦᠵᠢ ᠰᠢ ᠵᠢᠨ ᠫᠢᠩ 《ᠪᠠᠭ᠎ᠠ ᠶᠠᠪᠤᠳᠠᠯ ᠵᠢᠵᠢᠭ ᠶᠠᠪᠤᠳᠠᠯ᠎ᠡᠴᠡ ᠬᠡᠪ ᠪᠣᠯᠪᠠᠰᠤᠷᠠᠯ᠎ᠵᠢᠡᠨ ᠴᠢᠩᠭᠠᠳᠭᠠᠬᠤ᠎ᠶ᠋ᠢ ᠪᠠᠷᠢᠮᠲᠠᠯᠠᠵᠤ᠂ ᠪᠠᠭ᠎ᠠ ᠶᠠᠪᠤᠳᠠᠯ᠎ᠠᠴᠠ ᠭᠠᠷᠳᠠᠵᠦ ᠥᠪᠡᠷ ᠎ᠢ᠎ᠪᠡᠨ ᠲᠡᠭᠦᠯᠳᠡᠷᠵᠢᠭᠦᠯᠵᠦ᠍᠂ ᠪᠡᠶ᠎ᠡ᠎ᠪᠡᠨ ᠴᠢᠩᠭ᠎ᠠ ᠵᠠᠰᠠᠵᠤ᠂ ᠲᠥᠪ ᠭᠣᠣᠯᠴᠢ᠎ᠪᠠᠷ ᠶᠣᠰᠣ ᠤᠴᠢᠷ᠎ᠢ ᠲᠣᠳᠣᠷᠬᠠᠢᠯᠠᠵᠤ᠂ ᠪᠠᠭ᠎ᠠ ᠳᠡᠭᠡᠷ᠎ᠡ ᠨᠢ ᠰᠡᠷᠭᠡᠢᠯᠡᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠲᠥᠪ᠎ᠦᠨ ᠨᠠᠢ᠍ᠮᠠᠨ ᠲᠣᠭ᠍ᠲᠠᠭᠠᠯ᠎ᠢ ᠲᠣᠭ᠍ᠲᠠᠭᠠᠨ ᠨᠠᠢᠳᠠᠪᠤᠷᠢᠵᠢᠭᠤᠯᠬᠤ᠎ᠳᠤ ᠢᠯᠡᠷᠡᠭᠦᠯᠦᠭ᠌ᠰᠡᠨ ᠲᠡᠦᠬᠡ᠎ᠶ᠋ᠢᠨ ᠳᠡᠭᠡᠳᠦ ᠬᠡᠮᠵᠢᠶᠡᠨ᠎ᠦ ᠪᠠᠷᠠᠯᠠᠯᠳᠦ ᠴᠢᠨᠠᠷ ᠨᠢ ᠶᠠᠭ ᠡᠨᠡ ᠬᠦ᠌ ᠣᠢᠯᠠᠭᠠᠭ᠍ᠳᠠᠬᠤᠨ᠎ᠲᠠᠶ ᠨᠡᠢᠴᠡᠵᠦ᠍ ᠪᠠᠢᠬᠤ ᠶᠤᠮ᠃

ᠬᠤᠸᠠᠩ ᠶᠠᠨ ᠫᠸᠢ ᠲᠠᠢ ᠮᠠᠤ ᠽᠸ ᠳ᠋ᠦᠩ ᠨᠥᠬᠥᠷ ᠶᠠᠨ ᠠᠨ᠎ᠤ ᠨᠦᠭᠡᠨ ᠭᠡᠷ᠎ᠲᠦ ᠰᠠᠮᠠᠭᠤᠷᠠᠯ᠎ᠢ ᠲᠦᠪᠰᠢᠳᠬᠡᠵᠦ ᠳᠡᠭ᠌ᠵᠢᠷᠡᠨ ᠲᠤᠷᠤᠢ᠌ᠳᠠᠬᠤ ᠲᠡᠦᠬᠡᠨ ᠦᠶᠡᠯᠡᠯ᠎ᠦᠨ ᠳᠠᠪᠳᠠᠮᠵᠢ᠎ᠶ᠋ᠢᠨ ᠲᠤᠬᠠᠢ ᠶᠠᠷᠢᠯᠴᠠᠬᠤ᠎ᠳᠠᠭᠠᠨ᠂ ᠣᠷᠴᠢᠨ ᠠᠬᠤᠢ ᠠᠭᠠᠵᠢᠮ᠎ᠢᠶᠠᠷ ᠰᠠᠢᠵᠢᠷᠠᠵᠤ᠂ ᠦᠵᠡᠯ  ᠰᠠᠨᠠᠭ᠎ᠠ ᠨᠢ ᠴᠦ᠍ ᠠᠭᠠᠵᠢᠮ᠎ᠢᠶᠠᠷ ᠠᠮᠣᠷ ᠲᠠᠢᠪᠣᠭᠣ ᠪᠣᠯᠵᠦ᠂ ᠠᠶᠠᠨᠳᠠᠭᠠᠨ ᠬᠣᠢᠷᠭᠣᠱᠢᠵᠤ᠂ ᠴᠥᠭᠡᠩᠬᠢ ᠨᠢ ᠤᠯᠠᠨ ᠲᠣᠭ᠎ᠠ ᠪᠣᠯᠤᠨ ᠤᠯᠠᠷᠢᠨ ᠬᠤᠪᠢᠷᠠᠵᠤ᠂ ᠬᠡᠪ ᠰᠤᠷᠲᠠᠯ ᠪᠣᠯᠤᠨ ᠪᠦᠷᠢᠯᠳᠦᠵᠦ᠍᠂ ᠬᠡᠳᠦᠢᠪᠡᠷ ᠶᠡᠬᠡ ᠬᠦᠴᠦᠨ᠎ᠲᠡᠶ ᠪᠤᠯᠤᠬᠰᠠᠨ ᠪᠣᠯᠪᠠᠴᠤ᠌ ᠬᠤᠪᠢᠷᠠᠭᠤᠯᠬᠤ᠎ᠶ᠋ᠢᠨ ᠠᠷᠭ᠎ᠠ ᠦᠭᠡᠢ ᠪᠣᠯᠤᠭ᠍ᠰᠠᠨ ᠪᠥᠭᠡᠳ ᠨᠥᠬᠥᠪᠥᠷᠢᠯᠡᠬᠦ᠌᠎ᠶ᠋ᠢᠨ ᠠᠷᠭ᠎ᠠ ᠦᠭᠡᠢ ᠪᠣᠯᠳᠠᠭ ᠭᠡᠵᠦ ᠲᠣᠷᠠᠳᠴᠠᠢ᠃ ᠰᠤᠷᠲᠠᠯ᠎ᠤᠨ ᠠᠰᠠᠭᠤᠳᠠᠯ ᠶᠡᠷᠦ᠍ ᠨᠢ ᠵᠢᠵᠢᠭ ᠰᠠᠵᠢᠭ ᠵᠦᠢᠯ᠎ᠡᠴᠡ ᠡᠬᠢᠯᠡᠳᠡᠭ᠂ ᠬᠡᠷᠪᠡ ᠴᠠᠭ ᠲᠤᠬᠠᠶ᠎ᠳᠤᠨᠢ ᠢᠯᠡᠷᠡᠭᠦᠯᠦᠨ ᠵᠠᠯᠠᠷᠠᠭᠤᠯᠬᠤ ᠦᠭᠡᠶ᠂ ᠳᠤᠷ᠎ᠠ᠎ᠪᠠᠷ ᠨᠢ ᠲᠠᠯᠪᠢᠪᠠᠯ ᠴᠠᠰᠤᠨ ᠪᠥᠮᠪᠥᠭᠡ ᠥᠩᠬᠥᠷᠢᠬᠦ᠌ ᠱᠢᠭ᠎ᠶᠠᠪᠤᠬᠤ ᠲᠤᠲᠤᠮ ᠲᠣᠮᠣᠷᠠᠵᠤ᠂ ᠶᠠᠭ ᠯᠠ ᠪᠦᠯᠢᠶᠡᠨ ᠤᠰᠤᠨ᠎ᠳᠤ ᠮᠡᠯᠡᠬᠡᠶ ᠴᠢᠨᠠᠬᠤ ᠮᠡᠲᠦ᠂ ᠡᠳᠦᠷ ᠤᠳᠠᠭᠠᠨ᠎ᠳᠠᠭᠠᠨ ᠬᠤᠷᠠᠮᠳᠤᠵᠤ ᠲᠣᠭᠠᠨ᠎ᠤ ᠬᠤᠪᠢᠷᠠᠯᠲᠠ ᠡᠴᠡ  ᠴᠢᠨᠠᠷ᠎ᠤᠨ ᠬᠤᠪᠢᠷᠠᠯᠲᠠ᠎ᠳᠦ ᠬᠦᠷᠴᠤ᠂ ᠡᠴᠦᠰ᠎ᠲᠡᠬᠡᠨ ᠬᠤᠪᠢᠷᠠᠭᠤᠯᠵᠤ ᠪᠣᠯᠤᠰᠢ ᠦᠭᠡᠶ ᠦᠷ᠎ᠡ ᠳ᠋ᠦᠩ ᠎ᠳᠦ ᠬᠦᠷᠳᠡᠭ᠃ ᠡᠢᠮᠦ᠍᠎ᠡᠴᠡ ᠲᠥᠪ᠎ᠦᠨ ᠨᠠᠢ᠍ᠮᠠᠨ ᠲᠣᠭ᠍ᠲᠠᠭᠠᠯ᠎ᠳᠤ᠂ ᠡᠷᠲᠡ᠎ᠡᠴᠡ᠂ ᠪᠠᠭ᠎ᠠ᠎ᠠᠴᠠ᠂ ᠡᠷᠲᠡ ᠢᠯᠡᠷᠡᠬᠦᠯᠵᠦ᠂ ᠡᠷᠲᠡ ᠠᠷᠢᠯᠭᠠᠵᠤ᠂ ᠮᠠᠭᠤ ᠰᠤᠷᠲᠠᠯ᠎ᠢ ᠴᠤᠬᠤᠢᠵᠦ ᠪᠠᠢᠬᠣ ᠦᠶ᠎ᠡ᠎ᠳᠦᠨᠢ ᠠᠷᠢᠯᠭᠠᠵᠤ᠂ 《ᠪᠣᠷᠣᠭᠠᠨ᠎ᠡᠴᠡ ᠡᠮᠦᠨ᠎ᠡ ᠪᠡᠯᠡᠳᠭᠡᠯ ᠬᠢᠬᠦ᠌》 ᠣᠪᠣᠷ᠎ᠢᠶᠠᠷ ᠦᠷᠭᠦᠯᠵᠢ 《ᠬᠣᠣᠷ ᠎ᠢ ᠠᠷᠢᠯᠭᠠᠬᠤ》᠂ 《ᠡᠪᠡᠳᠴᠢᠯᠡᠬᠦ᠌᠎ᠡᠴᠡ ᠡᠮᠦᠨ᠎ᠡ ᠰᠡᠷᠭᠡᠢᠯᠡᠬᠦ᠌》 ᠪᠡᠷ ᠰᠤᠷᠲᠠᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠪᠡᠯᠡᠳᠭᠡᠯ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ᠃ 《ᠪᠠᠭ᠎ᠠ᠎ᠶ᠋ᠢ ᠬᠥᠭᠡᠭᠡᠴᠡᠯᠳᠦᠪᠡᠯ ᠶᠡᠬᠡ᠎ᠶ᠋ᠢ ᠪᠦᠲᠦᠭᠡᠵᠦ᠍᠂ ᠪᠠᠭ᠎ᠠ᠎ᠶ᠋ᠢ ᠬᠢᠴᠢᠶᠡᠪᠡᠯ ᠶᠡᠬᠡ᠎ᠶ᠋ᠢ ᠪᠦᠲᠦᠭᠡᠬᠦ᠌》 ᠭᠡᠳᠡᠭ ᠨᠢ ᠠᠯᠪᠠᠨ᠎ᠤ ᠵᠣᠭᠣᠰ᠎ᠢᠶᠠᠷ ᠢᠳᠡᠵᠦ᠍ ᠤᠤᠭᠤᠬᠤ᠂ ᠠᠯᠪᠠᠨ᠎ᠤ ᠲᠡᠷᠭᠡ᠎ᠪᠡᠷ ᠶᠠᠪᠤᠵᠤ ᠰᠠᠭᠤᠬᠤ᠂ ᠪᠢᠴᠢᠭ᠎ᠦᠨ ᠣᠪᠣᠭ᠎ᠠ ᠬᠤᠷᠠᠯ᠎ᠤᠨ ᠳᠠᠯᠠᠢ ᠵᠡᠷᠭᠡ ᠵᠢᠵᠢᠭ ᠰᠠᠵᠢᠬ ᠪᠣᠯᠪᠠᠴᠤ᠌ ᠰᠤᠷᠲᠠᠯ᠎ᠤᠨ ᠰᠠᠭᠤᠷᠢ᠎ᠳᠤ ᠬᠣᠯᠪᠣᠭ᠍ᠳᠠᠬᠤ ᠠᠰᠠᠭᠤᠳᠠᠯ᠎ᠢ ᠴᠢᠩᠭ᠎ᠠ ᠵᠢᠷᠤᠮᠵᠢᠭᠤᠯᠬᠤ ᠪᠠ ᠴᠡᠭ᠌ᠴᠡᠯᠡᠨ ᠵᠠᠰᠠᠬᠤ᠎ᠪᠠᠷ ᠳᠠᠮᠵᠢᠨ᠂ ᠮᠠᠭᠤ ᠰᠤᠷᠲᠠᠯ ᠰᠣᠶᠣᠭᠠᠯᠠᠵᠦ ᠪᠠᠢᠬᠣ ᠵᠢ ᠡᠷᠲᠡᠬᠡᠨ ᠢᠯᠡᠷᠡᠭᠦᠯᠵᠦ᠍᠂ ᠡᠷᠲᠡᠬᠡᠨ ᠠᠷᠢᠯᠭᠠᠵᠤ᠂ ᠲᠣᠭ᠍ᠲᠠᠯ ᠬᠦᠴᠦᠨ᠎ᠢᠶᠡᠨ ᠪᠠᠲᠤᠯᠠᠵᠤ᠂ ᠥᠴᠦᠬᠡᠨ ᠴᠦ᠍ ᠢᠯᠳᠠᠷ ᠬᠠᠶᠠᠬᠤ ᠦᠭᠡᠢ ᠪᠠᠢᠵᠤ᠂ ᠴᠢᠬᠤᠯᠠ ᠵᠠᠩᠭᠢᠯᠠᠭ᠎ᠠ᠎ᠶ᠋ᠢᠨ ᠴᠡᠭ᠎ᠢ ᠪᠠᠲᠤ ᠰᠠᠬᠢᠵᠤ᠂ ᠪᠠᠭᠤᠷᠠᠢ ᠭᠣᠭ᠍ᠴᠣᠭ᠎ᠠ᠎ᠶ᠋ᠢ ᠴᠢᠩᠭ᠎ᠠ ᠠᠩᠬᠠᠷᠴᠤ᠌᠂ ᠬᠠᠭᠤᠴᠢᠨ ᠠᠰᠠᠭᠤᠳᠠᠯ ᠳᠠᠬᠢᠨ ᠡᠭᠦᠰᠭᠦ᠂ ᠱᠢᠨ᠎ᠡ ᠠᠰᠠᠭᠤᠳᠠᠯ ᠳᠠᠬᠢᠨ ᠡᠭᠦᠰᠭᠦ᠂ ᠪᠠᠭ᠎ᠠ ᠠᠰᠠᠭᠤᠳᠠᠯ ᠶᠡᠬᠡᠳᠬᠦ᠌᠎ᠶ᠋ᠢ ᠰᠡᠷᠭᠡᠢᠯᠡᠵᠦ᠍᠂ ᠨᠠᠮ᠎ᠤᠨ ᠴᠡᠪᠡᠷ ᠴᠢᠨᠠᠷ ᠪᠣᠯᠤᠨ ᠲᠡᠷᠢᠭᠦᠨ᠎ᠦ ᠴᠢᠨᠠᠷ᠎ᠢ ᠡᠷᠡᠰ ᠬᠠᠮᠠᠭᠠᠯᠠᠬᠤ ᠶᠠᠪᠤᠳᠠᠯ ᠪᠣᠯᠤᠨ᠎ᠠ᠃ ᠡᠨᠡ ᠨᠢ ᠡᠬᠢ ᠡᠭᠦᠰᠦᠯ᠎ᠡᠴᠡ ᠨᠢ ᠰᠡᠷᠭᠡᠢᠯᠡᠵᠦ᠂ ᠨᠠᠮ᠎ᠤᠨ ᠤᠭ ᠰᠠᠨᠠᠭ᠎ᠠ᠎ᠪᠠᠨ ᠪᠠᠲᠤ ᠰᠠᠬᠢᠬᠤ᠂ ᠤᠯᠤᠰ᠎ᠤᠨ ᠥᠨᠢ ᠤᠳᠠᠭᠠᠨ ᠠᠮᠤᠷ ᠲᠦᠪᠱᠢᠨ ᠪᠠᠢᠬᠤ᠎ᠳᠤ ᠪᠠᠲᠤ ᠪᠡᠬᠢ ᠰᠠᠭᠤᠷᠢ ᠲᠠᠯᠪᠢᠬᠰᠡᠨ ᠶᠠᠪᠤᠳᠠᠯ ᠪᠣᠯᠤᠨ᠎ᠠ᠃

ᠬᠣᠶᠠᠷ᠎ᠲᠤ᠂ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠬᠡᠷᠡᠭ᠌ᠲᠡᠢ᠃ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍᠂ ᠨᠠᠮ ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ ᠪᠣᠯ ᠮᠠᠨ᠎ᠤ ᠨᠠᠮ᠎ᠤᠨ ᠬᠠᠮᠤᠭ᠎ᠤᠨ ᠢᠯᠡ ᠲᠣᠳᠣ ᠵᠠᠩ ᠴᠢᠨᠠᠷ ᠪᠣᠯᠤᠨ᠎ᠠ᠃ ᠲᠥᠪ᠎ᠦᠨ ᠨᠠᠢ᠍ᠮᠠᠨ ᠲᠣᠭ᠍ᠲᠠᠭᠠᠯ ᠎ᠢ ᠲᠣᠭ᠍ᠲᠠᠭᠠᠨ ᠨᠠᠢᠳᠠᠪᠤᠷᠢᠵᠢᠭᠤᠯᠬᠤ ᠪᠣᠯ ᠮᠠᠨ᠎ᠤ ᠨᠠᠮ᠎ᠤᠨ ᠰᠠᠨᠠᠭᠠᠴᠢᠯᠠᠭ᠎ᠠ᠎ᠠᠴᠠ᠎ᠪᠠᠨ ᠥᠪᠡᠷ᠎ᠢ᠎ᠪᠡᠨ ᠬᠢᠵᠠᠭᠠᠷᠯᠠᠬᠤ᠂ ᠥᠪᠡᠷ᠎ᠢ᠎ᠪᠡᠨ ᠵᠢᠷᠤᠮᠵᠢᠭᠤᠯᠬᠤ᠂ ᠥᠪᠡᠷ᠎ᠦᠨ ᠪᠡᠶ᠎ᠡ᠎ᠳᠡᠭᠡᠨ ᠬᠢᠨᠠᠯᠲᠠ ᠲᠠᠯᠪᠢᠬᠤ᠎ᠶ᠋ᠢᠨ ᠠᠮᠢᠳᠤᠯᠢᠭ ᠢᠯᠡᠷᠡᠯ ᠮᠥᠨ᠂ ᠪᠣᠳᠠᠲᠠᠢᠵᠢᠭᠤᠯᠤᠭ᠍ᠰᠠᠨ᠂ ᠠᠬᠤᠢᠴᠢᠯᠠᠭ᠍ᠰᠠᠨ 《ᠦᠪᠡᠷ᠎ᠦᠨ ᠪᠡᠶ᠎ᠡ ᠪᠠᠨ ᠭᠣᠷᠪᠠᠨᠳᠠ ᠬᠢᠨᠠᠬᠣ》 ᠶᠠᠪᠤᠳᠠᠯ ᠪᠣᠯ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠢᠴᠢᠯ ᠬᠡᠯᠪᠡᠷᠢ ᠪᠠ ᠱᠢᠭᠤᠳ ᠬᠡᠯᠪᠡᠷᠢ ᠮᠥᠨ᠂ ᠲᠡᠷᠡ ᠨᠢ ᠳᠡᠭᠡᠳᠦ ᠬᠡᠮᠵᠢᠶᠡᠨ᠎ᠦ ᠪᠡᠶ᠎ᠡ᠎ᠪᠡᠨ ᠪᠠᠷᠢᠬᠤ ᠰᠠᠬᠢᠯᠭ᠎ᠠ ᠪᠠ ᠤᠬᠠᠮᠰᠠᠷ᠎ᠢ ᠢᠯᠡᠷᠡᠭᠦᠯᠦᠭ᠌ᠰᠡᠨ ᠪᠠᠢᠨ᠎ᠠ᠃

ᠨᠠᠮ᠎ᠤᠨ ᠬᠥᠭ᠌ᠵᠢᠯᠲᠡ᠎ᠶ᠋ᠢᠨ ᠶᠠᠪᠤᠴᠠ᠎ᠳᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠣᠯ ᠢᠮᠠᠭ᠍ᠲᠠ ᠨᠠᠮ᠎ᠤᠨ ᠠᠮᠢᠵᠢᠷᠠᠯ᠎ᠤᠨ ᠬᠦᠴᠦᠨ᠎ᠢ ᠪᠠᠲᠤᠯᠠᠬᠤ ᠠᠨᠢᠰᠣ ᠪᠣᠯᠤᠨ᠎ᠠ᠃ ᠱᠢᠨ᠎ᠡ ᠪᠠᠢᠳᠠᠯ᠂ ᠱᠢᠨ᠎ᠡ ᠡᠭᠦᠷᠭᠡ᠎ᠶ᠋ᠢᠨ ᠡᠮᠦᠨ᠎ᠡ᠂ ᠲᠥᠪ᠎ᠦᠨ ᠨᠠᠢ᠍ᠮᠠᠨ ᠲᠣᠭ᠍ᠲᠠᠭᠠᠯ ᠨᠢ ᠪᠠᠢᠴᠠᠭᠠᠨ ᠰᠤᠳᠤᠯᠤᠯᠲᠠ᠎ᠶ᠋ᠢ ᠰᠠᠢᠵᠢᠷᠠᠭᠤᠯᠬᠤ᠂ ᠪᠢᠴᠢᠭ ᠮᠠᠲ᠋ᠧᠷᠢᠶᠠᠯ᠎ᠢ ᠴᠣᠮᠬᠠᠳᠭᠠᠵᠤ ᠬᠤᠷᠠᠯ᠎ᠢ ᠴᠦᠭᠡᠳᠭᠡᠬᠦ ᠵᠡᠷᠭᠡ ᠪᠣᠳᠠᠲᠠᠢ ᠲᠠᠯ᠎ᠠ᠎ᠠᠴᠠ ᠭᠠᠷᠳᠠᠵᠤ᠂ ᠨᠠᠮ᠎ᠤᠨ ᠭᠡᠱᠢᠭᠦᠨ ᠺᠠᠳ᠋ᠷᠴᠤᠳ᠎ᠢ ᠥᠪᠡᠷ᠎ᠦᠨ ᠦᠢᠯᠡ ᠠᠵᠢᠯᠯᠠᠭ᠎ᠠ᠎ᠪᠠᠨ ᠴᠠᠭ ᠢᠮᠠᠭ᠍ᠲᠠ ᠬᠢᠨᠠᠨ ᠦᠵᠡᠵᠦ᠍᠂ ᠤᠯᠠᠨ ᠲᠦᠮᠡᠨ᠎ᠲᠡᠶ ᠨᠢᠭ᠍ᠲᠠ ᠬᠠᠷᠢᠯᠴᠠᠭ᠍ᠰᠠᠨ ᠡᠰᠡᠬᠦ᠌᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ ᠡᠰᠡᠬᠦ᠌᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠭ᠍ᠰᠠᠨ ᠡᠰᠡᠬᠦ᠌ ᠵᠡᠷᠭᠡ᠎ᠶ᠋ᠢ ᠱᠠᠭᠠᠷᠳᠠᠵᠤ ᠪᠠᠢᠨ᠎ᠠ᠃ ᠡᠨᠡ ᠪᠣᠯ ᠨᠠᠮ᠎ᠤᠨ ᠲᠣᠰ ᠪᠡᠶ᠎ᠡ᠎ᠶ᠋ᠢᠨ ᠪᠠᠢᠭᠤᠯᠤᠯᠲᠠ᠎ᠳᠤ ᠲᠠᠯᠪᠢᠭ᠍ᠰᠠᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠮᠥᠨ᠂ ᠱᠢᠨ᠎ᠡ ᠴᠠᠭ ᠦᠶ᠎ᠡ᠎ᠶ᠋ᠢᠨ ᠮᠠᠨ᠎ᠤ ᠨᠠᠮ᠎ᠤᠨ ᠰᠠᠨᠠᠭᠠᠴᠢᠯᠠᠭ᠎ᠠ᠎ᠠᠴᠠ᠎ᠪᠠᠨ ᠲᠣᠰ ᠪᠡᠶ᠎ᠡ᠎ᠶ᠋ᠢᠨ ᠬᠦᠷᠦᠯᠴᠡᠬᠦ᠌ ᠥᠬᠡᠶ ᠲᠠᠯ᠎ᠠ᠎ᠪᠠᠨ ᠡᠷᠢᠵᠦ᠍᠂ ᠥᠪᠡᠷ᠎ᠢ᠎ᠪᠡᠨ ᠴᠡᠪᠡᠷᠱᠢᠭᠦᠯᠬᠦ᠌᠂ ᠥᠪᠡᠷ᠎ᠢ᠎ᠪᠡᠨ ᠲᠡᠭᠦᠯᠳᠡᠷᠵᠢᠭᠦᠯᠬᠦ᠌᠂ ᠥᠪᠡᠷ᠎ᠢ᠎ᠪᠡᠨ ᠱᠢᠨᠡᠴᠢᠯᠡᠬᠦ᠌᠂ ᠥᠪᠡᠷ᠎ᠢ᠎ᠪᠡᠨ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠬᠦ᠌ ᠠᠷᠭ᠎ᠠ ᠬᠡᠮᠵᠢᠶ᠎ᠡ ᠮᠥᠨ᠃ ᠭᠠᠳᠠᠭᠠᠳᠤ ᠣᠷᠴᠢᠨ᠎ᠤ ᠳᠠᠷᠤᠯᠲᠠ᠎ᠠᠴᠠ ᠪᠣᠯᠤᠭ᠍ᠰᠠᠨ ᠰᠠᠨᠠᠭᠠᠴᠢᠯᠠᠭᠠᠲᠤ ᠪᠤᠰᠤ ᠬᠤᠪᠢᠰᠤᠯᠲᠠ᠎ᠲᠠᠶ ᠠᠳᠠᠯᠢ ᠦᠭᠡᠢ ᠨᠢ᠂ ᠲᠥᠪ᠎ᠦᠨ ᠨᠠᠢ᠍ᠮᠠᠨ ᠲᠣᠭ᠍ᠲᠠᠭᠠᠯ᠎ᠢ ᠲᠣᠭ᠍ᠲᠠᠭᠠᠨ ᠨᠠᠢᠳᠠᠪᠤᠷᠢᠵᠢᠭᠤᠯᠬᠤ ᠪᠣᠯ ᠮᠠᠨ᠎ᠤ ᠨᠠᠮ᠎ᠤᠨ ᠲᠤᠰ ᠪᠡᠶ᠎ᠡ᠎ᠶ᠋ᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠲᠠᠬᠢᠨ ᠲᠤᠩᠭᠠᠨ ᠦᠵᠡᠵᠦ᠍᠂ ᠲᠠᠬᠢᠨ ᠲᠠᠨᠢᠵᠤ᠂ ᠤᠯᠠᠨ ᠲᠦᠮᠡᠨ᠎ᠦ ᠲᠦᠪᠡᠭᠳᠡᠵᠦ ᠪᠠᠢᠭ᠎ᠠ ᠵᠣᠪᠠᠨᠢᠵᠤ ᠪᠠᠢᠭ᠎ᠠ ᠬᠦᠰᠡᠵᠦ᠍ ᠪᠠᠢᠭ᠎ᠠ᠎ᠠᠰᠠᠭᠣᠳᠠᠯ᠎ᠳᠦ ᠲᠠᠬᠢᠨ ᠠᠩᠬᠠᠷᠣᠯ ᠵᠢᠡᠨ ᠲᠦᠪᠯᠡᠷᠡᠬᠦᠯᠵᠦ᠂ ᠲᠠᠬᠢᠨ ᠬᠠᠷᠢᠭᠤᠯᠳᠠ ᠦᠭᠴᠤ ᠰᠠᠨᠠᠭᠠᠴᠢᠯᠠᠭ᠎ᠠ᠎ᠠᠴᠠ᠎ᠪᠠᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍ ᠪᠠᠢᠭ᠎ᠠ ᠶᠠᠪᠤᠳᠠᠯ ᠪᠣᠯᠤᠨ᠎ᠠ᠃ ᠡᠢᠮᠦᠷᠬᠦᠦ ᠰᠠᠨᠠᠭᠠᠴᠢᠯᠠᠭ᠎ᠠ᠎ᠠᠴᠠ᠎ᠪᠠᠨ ᠬᠢᠵᠠᠭᠠᠷᠯᠠᠬᠤ᠂ ᠰᠠᠨᠠᠭᠠᠴᠢᠯᠠᠭ᠎ᠠ᠎ᠠᠴᠠ᠎ᠪᠠᠨ ᠥᠪᠡᠷ᠎ᠢ᠎ᠪᠡᠨ ᠱᠠᠭᠠᠷᠳᠠᠬᠤ᠂ ᠰᠠᠨᠠᠭᠠᠴᠢᠯᠠᠭ᠎ᠠ᠎ᠠᠴᠠ᠎ᠪᠠᠨ ᠬᠤᠪᠢᠰᠤᠯᠲᠠ ᠭᠠᠷᠭᠠᠬᠤ ᠨᠢ ᠨᠠᠮ᠎ᠤᠨ ᠭᠡᠱᠢᠭᠦᠨ ᠺᠠᠳ᠋ᠷᠴᠤᠳ᠎ᠤᠨ ᠬᠤᠪᠢ ᠬᠥᠮᠦᠨ᠎ᠦ ᠨᠠᠮᠴᠢ ᠴᠢᠨᠠᠷ᠎ᠤᠨ ᠪᠣᠯᠪᠠᠰᠤᠷᠠᠯ᠎ᠤᠨ ᠱᠢᠯᠭᠠᠯᠲᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠮᠠᠨ᠎ᠤ ᠨᠠᠮ᠎ᠤᠨ ᠥᠪᠡᠷ᠎ᠦᠨ ᠪᠡᠶ᠎ᠡ᠎ᠳᠦ ᠣᠷᠣᠱᠢᠵᠤ ᠪᠠᠢᠭ᠎ᠠ ᠠᠰᠠᠭᠤᠳᠠᠯ᠎ᠳᠤ ᠱᠢᠭᠤᠳ ᠬᠠᠨᠳᠤᠬᠤ ᠵᠣᠷᠢᠭ ᠪᠠ ᠴᠢᠳᠠᠪᠤᠷᠢ᠂ ᠠᠮᠢᠵᠢᠷᠠᠯ᠎ᠤᠨ ᠬᠦᠴᠦᠨ᠎ᠢᠶᠡᠨ ᠪᠠᠲᠤᠯᠠᠬᠤ᠂ ᠤᠯᠠᠨ ᠲᠦᠮᠡᠨ᠎ᠦ ᠢᠲᠡᠭᠡᠯ ᠪᠠ ᠳᠡᠮᠵᠢᠯᠭᠡ᠎ᠶ᠋ᠢ ᠤᠯᠬᠤ ᠵᠠᠩᠭᠢᠯᠠᠭ᠎ᠠ ᠮᠥᠨ᠃

ᠭᠤᠷᠪᠠ᠎ᠳᠤ᠂ ᠪᠠᠢᠩᠭᠣᠵᠢᠭᠣᠯᠵᠦ ᠣᠷᠳᠣ ᠬᠤᠭᠤᠴᠠᠭ᠎ᠠ ᠪᠦᠲᠦᠮᠵᠢᠲᠡᠶ ᠪᠠᠢᠯᠭᠠᠬᠤ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ᠂ ᠡᠷᠬᠡ᠎ᠶ᠋ᠢᠨ ᠠᠵᠢᠯᠯᠠᠭᠠᠨ᠎ᠢ ᠬᠢᠵᠠᠭᠠᠷᠯᠠᠬᠤ ᠪᠠ ᠲᠡᠭᠦᠨ᠎ᠳᠦ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠡᠷᠬᠡ᠎ᠶ᠋ᠢ ᠲᠦᠷᠢᠮ᠎ᠦᠨ ᠱᠢᠩᠭᠡᠯᠢᠭ᠎ᠲᠦ ᠬᠣᠷᠢᠵᠤ᠂ ᠢᠯᠵᠢᠷᠠᠬᠦ ᠵᠣᠷᠢᠭ ᠦᠭᠡᠢ ᠪᠣᠯᠭᠠᠬᠤ ᠵᠠᠯᠬᠠᠭᠠᠨ ᠴᠡᠭᠡᠷᠯᠡᠭᠦᠯᠬᠦ᠌ ᠲᠣᠭ᠍ᠲᠠᠴᠠ᠂ ᠢᠯᠵᠢᠷᠠᠵᠤ ᠳᠡᠢᠯᠬᠦ᠌ ᠦᠭᠡᠢ ᠪᠣᠯᠭᠠᠬᠤ ᠰᠡᠷᠭᠡᠢᠯᠡᠯᠲᠡ᠎ᠶ᠋ᠢᠨ ᠲᠣᠭ᠍ᠲᠠᠴᠠ᠂ ᠠᠮᠠᠷᠬᠠᠨ ᠢᠯᠵᠢᠷᠠᠬᠦ ᠦᠭᠡᠢ ᠪᠣᠯᠭᠠᠬᠤ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠤᠢ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠱᠢᠰᠲ᠋ᠧᠮ᠎ᠲᠡᠶ ᠪᠠᠢ᠌ᠩᠭᠤᠵᠢᠬ᠍ᠰᠡᠨ ᠤᠷᠢᠳᠴᠢᠯᠠᠨ ᠰᠡᠷᠭᠡᠢᠯᠡᠬᠦ᠌ ᠲᠦᠷᠢᠮ ᠪᠣᠯᠤᠭ᠍ᠰᠠᠨ᠎ᠤ ᠬᠤᠪᠢ᠎ᠳᠤ᠂ ᠲᠥᠪ᠎ᠦᠨ ᠨᠠᠢ᠍ᠮᠠᠨ ᠲᠣᠭ᠍ᠲᠠᠭᠠᠯ ᠨᠢ ᠪᠦᠷᠢᠨ ᠪᠦᠲᠦᠨ᠂ ᠬᠡᠷᠡᠭ᠌ᠵᠢᠭᠦᠯᠵᠦ᠍ ᠪᠣᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠦᠷᠢᠮ᠎ᠢᠶᠡᠷ ᠳᠠᠮᠵᠢᠭᠤᠯᠤᠨ ᠰᠤᠷᠲᠠᠯ ᠴᠢᠬᠡᠴᠢ ᠣᠪᠣᠷ ᠲᠥᠪ ᠣᠷᠴᠢᠨ᠎ᠢ ᠪᠤᠢ ᠪᠣᠯᠭᠠᠵᠤ᠂ 《ᠪᠠᠭ᠎ᠠ ᠵᠠᠰᠠᠯ》 ᠵᠢᠡᠷ ᠰᠤᠷᠲᠠᠯ᠎ᠤᠨ 《ᠶᠡᠬᠡ ᠬᠤᠪᠢᠷᠠᠯᠲᠠ》 ᠵᠢ ᠠᠬᠢᠭᠤᠯᠵᠤ᠂ ᠲᠦᠷᠢᠮ᠎ᠦᠨ ᠳᠠᠪᠬᠤᠷᠭ᠎ᠠ᠎ᠠᠴᠠ ᠢᠯᠵᠢᠷᠡᠯ ᠪᠦᠷᠢᠯᠳᠦᠬᠦ᠌ ᠬᠡᠯᠬᠢᠶ᠎ᠡ᠎ᠶ᠋ᠢ ᠲᠠᠰᠤᠯᠬᠤ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠵᠠᠢ᠃

ᠲᠦᠷᠢᠮ᠎ᠦᠨ ᠵᠢᠷᠤᠭ ᠲᠥᠯᠥᠪᠯᠡᠭᠡ᠎ᠡᠴᠡ ᠦᠵᠡᠪᠡᠯ᠂ ᠲᠥᠪ᠎ᠦᠨ ᠨᠠᠶ᠋ᠮᠠᠨ ᠲᠣᠭ᠍ᠲᠠᠭᠠᠯ ᠨᠢ ᠠᠵᠢᠯ᠂ ᠠᠮᠢᠳᠤᠷᠠᠯ ᠳᠤᠮᠳᠠᠬᠢ ᠣᠯᠠᠨ ᠲᠠᠯ᠎ᠠ᠎ᠶ᠋ᠢ ᠬᠠᠮᠤᠷᠴᠤ᠌᠂ ᠨᠢᠭᠡᠨ ᠢᠵᠢ ᠨᠢᠭ᠍ᠲᠠ ᠴᠢᠩᠭ᠎ᠠ ᠵᠢᠷᠤᠮᠵᠢᠯ᠎ᠤᠨ ᠱᠢᠰᠲ᠋ᠧᠮ᠎ᠢ ᠪᠦᠷᠢᠯᠳᠦᠭᠦᠯᠪᠡ᠃ ᠪᠠᠢᠴᠠᠭᠠᠨ ᠰᠤᠳᠤᠯᠤᠯᠲᠠ ᠬᠢᠬᠦ᠌᠎ᠳᠦ 《ᠳᠥᠷᠪᠡᠨ ᠥᠬᠡᠶ ᠬᠣᠶᠠᠷ᠎ᠢ ᠱᠢᠭᠤᠳ ᠪᠠᠢᠯᠭᠠᠬᠤ》᠎ᠶ᠋ᠢ ᠴᠢᠩᠭ᠎ᠠ ᠵᠢᠷᠤᠮᠯᠠᠬᠤ᠎ᠠᠴᠠ ᠠᠪᠤᠭᠠᠳ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠬᠦᠷᠲᠡᠯ᠎ᠡ ᠪᠢᠴᠢᠭ ᠮᠠᠲ᠋ᠧᠷᠢᠶᠠᠯ᠎ᠢ ᠴᠣᠮᠬᠠᠳᠭᠠᠬᠤ ᠬᠤᠷᠠᠯ᠎ᠢ ᠴᠦᠭᠡᠳᠭᠡᠬᠦ ᠵᠢ ᠪᠥᠬᠥ᠌ ᠲᠠᠯ᠎ᠠ᠎ᠪᠠᠷ ᠠᠬᠢᠭᠤᠯᠬᠤ ᠬᠦᠷᠲᠡᠯ᠎ᠡ᠂ ᠳᠠᠬᠢᠭᠠᠳ ᠠᠢᠯᠴᠢᠯᠠᠯᠳᠠ ᠬᠢᠬᠦ ᠵᠤᠴᠢᠯᠠᠬᠤ᠎ᠳᠤ 《ᠭᠤᠷᠪᠠᠨ ᠠᠯᠪᠠᠨ ᠵᠠᠷᠤᠳᠠᠯ》᠎ᠦᠨ ᠵᠠᠷᠤᠳᠠᠯ᠎ᠢ ᠴᠢᠩᠭ᠎ᠠ ᠬᠢᠵᠠᠭᠠᠷᠯᠠᠬᠤ ᠵᠡᠷᠭᠡ ᠬᠦᠷᠲᠡᠯ᠎ᠡ᠂ ᠲᠣᠭ᠍ᠲᠠᠭᠠᠯ ᠨᠢᠭᠡᠪᠦᠷᠢ᠎ᠨᠢ ᠴᠥᠮ ᠪᠣᠳᠠᠲᠠᠶ ᠪᠥᠭᠡᠳ ᠨᠠᠷᠢᠯᠢᠭ ᠪᠠᠢᠵᠤ᠂ ᠲᠤᠢᠯ᠎ᠤᠨ ᠴᠢᠩᠭ᠎ᠠ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠲᠠᠶ ᠪᠠᠢᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠡᠯ᠎ᠡ ᠲᠠᠯ᠎ᠠ᠎ᠶ᠋ᠢ ᠬᠠᠮᠤᠷᠬᠤ᠎ᠶ᠋ᠢ ᠦᠨᠡᠨ ᠬᠦ᠌ ᠪᠠᠲᠤᠯᠠᠵᠤ᠂ ᠥᠨᠴᠥᠭ ᠪᠤᠯᠤᠩ ᠦᠯᠡᠳᠡᠭᠡᠬᠦ᠌ ᠥᠬᠡᠶ᠂ ᠪᠠᠯᠠᠶ ᠣᠷᠣᠨ ᠦᠯᠡᠳᠡᠭᠡᠬᠦ᠌ ᠥᠬᠡᠶ ᠪᠠᠢᠬᠤ ᠬᠡᠷᠡᠭ᠌ᠲᠡᠶ᠃ ᠡᠭᠦᠨ᠎ᠦ ᠬᠠᠮᠲᠤ 《ᠨᠠᠮ ᠵᠠᠰᠠᠭ᠎ᠤᠨ ᠪᠠᠢᠭᠤᠯᠭ᠎ᠠ ᠠᠯᠢ ᠴᠢᠳᠠᠬᠤ᠎ᠪᠠᠷ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠳᠦᠷᠢᠮ》᠂《ᠬᠡᠯᠪᠡᠷᠢᠴᠢ ᠦᠵᠡᠯ᠎ᠢᠶᠡᠷ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠴᠡᠭ᠌ᠴᠡᠯᠡᠨ ᠵᠠᠰᠠᠬᠤ ᠲᠣᠭ᠍ᠲᠠᠭᠠᠯ᠎ᠤᠳ》 ᠵᠡᠷᠭᠡ ᠠᠯᠢ ᠣᠯᠠᠨ ᠢᠵᠢ ᠪᠦᠷᠢᠳᠦᠭ᠌ᠰᠡᠨ ᠳᠦᠷᠢᠮ ᠨᠢ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠦᠢᠯ ᠵᠤᠷᠪᠤᠰ᠎ᠲᠠᠶ ᠠᠪᠴᠠᠯᠳᠤᠵᠤ᠂ ᠢᠯᠵᠢᠷᠠᠯ ᠎ᠢ ᠰᠡᠷᠭᠡᠢᠯᠡᠬᠦ᠌ ᠳᠦᠷᠢᠮ᠎ᠦᠨ ᠲᠣᠣᠷ᠎ᠢ ᠪᠦᠷᠢᠯᠳᠦᠬᠦᠯᠵᠦ᠂ ᠰᠤᠷᠲᠠᠯ᠎ᠤᠨ ᠪᠠᠢᠭᠤᠯᠤᠯᠲᠠ᠎ᠶ᠋ᠢ ᠵᠢᠷᠤᠮᠯᠠᠬᠤ ᠎ᠠᠴᠠ ᠳᠦᠷᠢᠮ ᠲᠡᠶ ᠪᠣᠯᠭᠠᠵᠠᠶ᠃ ᠳᠦᠷᠢᠮ᠎ᠦᠨ ᠬᠡᠷᠡᠭ᠌ᠵᠢᠭᠦᠯᠦᠯᠲᠡ᠎ᠡᠴᠡ ᠦᠵᠡᠪᠡᠯ᠂ ᠲᠥᠪ᠎ᠦᠨ ᠨᠠᠢ᠍ᠮᠠᠨ ᠲᠣᠭ᠍ᠲᠠᠭᠠᠯ᠎ᠢ ᠨᠠᠢᠳᠠᠪᠤᠷᠢᠵᠢᠭᠤᠯᠬᠤ᠎ᠳᠤ ᠳᠡᠭᠡᠷ᠎ᠡ ᠱᠠᠲᠤ ᠨᠢ ᠳᠣᠣᠷ᠎ᠡ ᠱᠠᠲᠤ᠎ᠪᠠᠨ ᠳᠠᠭᠠᠭᠤᠯᠬᠤ᠂ ᠨᠢᠭᠡ ᠱᠠᠲᠤ ᠨᠢ ᠨᠢᠭᠡ ᠱᠠᠲᠤ᠎ᠪᠠᠨ ᠳᠠᠭᠠᠭᠤᠯᠤᠨ ᠬᠢᠬᠦ᠌᠂ ᠨᠢᠭᠡ ᠱᠠᠲᠤ ᠨᠢ ᠨᠢᠭᠡ ᠱᠠᠲᠤᠨ᠎ᠳᠤ ᠬᠢᠨᠠᠯᠲᠠ ᠲᠠᠯᠪᠢᠬᠤ᠂ ᠨᠢᠭᠡ ᠱᠠᠲᠤ ᠨᠢ ᠨᠢᠭᠡ ᠱᠠᠲᠤ᠎ᠪᠠᠨ ᠬᠠᠮᠢᠶᠠᠷᠬᠤ᠎ᠶ᠋ᠢ ᠪᠠᠷᠢᠮᠲᠠᠯᠠᠵᠤ᠂ ᠬᠦᠴᠦᠷᠬᠡᠭ ᠶᠡᠬᠡ ᠵᠢᠱ᠌ᠢᠶ᠎ᠡ ᠦᠵᠡᠭᠦᠯᠵᠦ᠍ ᠳᠠᠭᠠᠭᠤᠯᠬᠤ ᠦᠢᠯᠡᠳᠦᠯ ᠪᠠ ᠠᠯᠪᠠᠲᠠᠨ ᠰᠦᠷᠳᠡᠭᠦᠯᠬᠦ᠌ ᠦᠢᠯᠡᠳᠦᠯ᠎ᠢ ᠪᠤᠶ ᠪᠣᠯᠭᠠᠭ᠍ᠰᠠᠨ ᠪᠠᠢᠨ᠎ᠠ᠃ ᠡᠢᠮᠦ᠍᠎ᠡᠴᠡ ᠪᠣᠳᠠᠭᠠᠯᠢ ᠪᠡᠶ᠎ᠡ᠎ᠪᠡᠷ ᠠᠪᠴᠤ᠌ ᠬᠡᠯᠡᠪᠡᠯ᠂ ᠨᠠᠮ᠎ᠤᠨ ᠭᠡᠱᠢᠭᠦᠨ ᠺᠠᠳ᠋ᠷᠴᠤᠳ ᠠᠭᠠᠵᠢᠮ᠎ᠢᠶᠠᠷ ᠰᠠᠢᠨ ᠰᠠᠢᠬᠠᠨ ᠠᠵᠢᠯ᠎ᠤᠨ ᠰᠤᠷᠲᠠᠯ ᠪᠠ ᠦᠢᠯᠡ ᠠᠵᠢᠯᠯᠠᠭ᠎ᠠ᠎ᠶ᠋ᠢᠨ ᠳᠠᠳᠭᠠᠯ᠎ᠲᠠᠶ ᠪᠣᠯᠵᠠᠢ᠃ ᠪᠦᠬᠦᠯᠢ ᠴᠣᠭ᠍ᠴᠠ᠎ᠠᠴᠠ ᠠᠪᠴᠤ᠌ ᠬᠡᠯᠡᠪᠡᠯ᠂ ᠢᠯᠵᠢᠷᠠᠯ᠎ᠤᠨ ᠪᠤᠢ ᠪᠣᠯᠬᠤ ᠬᠥᠷᠥᠰᠥ᠍ ᠱᠢᠷᠣᠢ᠎ᠶ᠋ᠢ ᠠᠷᠢᠯᠭᠠᠵᠤ᠂ ᠨᠠᠮ᠎ᠤᠨ ᠳᠣᠲᠣᠭᠠᠳᠤ᠎ᠳᠤ ᠲᠥᠪ ᠴᠢᠬᠡᠴᠢ ᠬᠡᠪ ᠰᠤᠷᠲᠠᠯ ᠪᠦᠬᠥᠢ ᠣᠷᠴᠢᠨ ᠨᠥᠬᠥᠴᠡᠯ᠎ᠢ ᠪᠤᠢ ᠪᠣᠯᠭᠠᠵᠤ᠂ ᠡᠭᠦᠨ᠎ᠦ ᠤᠯᠠᠮ᠎ᠠᠴᠠ 《ᠢᠯᠠᠭ᠎ᠠ》 ᠣᠯᠠᠳᠠᠬᠣ ᠡᠴᠡ ᠰᠡᠷᠭᠡᠢᠯᠡᠨ᠂ ᠰᠤᠷᠲᠠᠯ᠎ᠤᠨ ᠠᠰᠠᠭᠤᠳᠠᠯ᠎ᠢ ᠡᠬᠢ ᠡᠭᠦᠰᠦᠯ᠎ᠡᠴᠡ ᠨᠢ ᠰᠡᠷᠭᠡᠢᠯᠡᠨ ᠵᠠᠰᠠᠵᠤ᠂ ᠢᠯᠵᠢᠷᠠᠯ᠎ᠤᠨ ᠪᠤᠢ ᠪᠣᠯᠬᠤ ᠬᠡᠯᠬᠢᠶ᠎ᠡ᠎ᠶ᠋ᠢ ᠲᠠᠰᠤᠯᠤᠨ᠂ ᠲᠥᠪ ᠭᠣᠣᠯᠴᠢ ᠠᠷᠢᠭᠤᠨ ᠴᠢᠬᠡᠴᠢ ᠤᠯᠤᠰ ᠲᠦᠷᠤ᠎ᠶ᠋ᠢᠨ ᠠᠮᠢ ᠠᠬᠤᠢ᠎ᠶ᠋ᠢ ᠪᠤᠢ ᠪᠣᠯᠭᠠᠨ᠎ᠠ᠃

ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠣᠰᠢᠯᠠᠭᠣᠯᠬᠣ ᠰᠤᠷᠤᠯᠴᠠᠯᠭ᠎ᠠ ᠬᠥᠮᠦᠵᠢᠯ᠎ᠦᠨ 《ᠵᠣᠷᠢᠭ ᠰᠠᠨᠠᠭᠠᠨ᠎ᠤ ᠳᠠᠪᠲᠠᠯᠲᠠ》 ᠨᠢ 《ᠨᠢᠭᠡ ᠯᠡ ᠤᠳᠠᠭ᠎ᠠ᠎ᠶ᠋ᠢᠨ ᠴᠢᠨᠠᠷᠲᠠᠢ ᠢᠨᠵᠧᠨᠧᠷᠢᠩ》 ᠪᠢᠰᠢ᠂ ᠬᠠᠷᠢᠨ ᠵᠤᠬ᠍ᠰᠤᠰᠢ ᠦᠭᠡᠢ 《ᠪᠣᠣᠬᠢᠶ᠎ᠠ ᠳᠠᠮᠵᠢᠭᠤᠯᠤᠨ ᠭᠦᠶᠦᠬᠦ᠌》 ᠶᠠᠪᠤᠳᠠᠯ ᠪᠣᠯᠤᠨ᠎ᠠ᠃ ᠳᠦᠷᠢᠮ᠎ᠦᠨ ᠠᠮᠢᠵᠢᠷᠠᠯ᠎ᠤᠨ ᠬᠦᠴᠦᠨ ᠨᠢ ᠬᠡᠷᠡᠭ᠌ᠵᠢᠭᠦᠯᠬᠦ᠌᠎ᠳᠦ ᠪᠤᠢ᠃ ᠲᠥᠪ᠎ᠦᠨ ᠨᠠᠢ᠍ᠮᠠᠨ  ᠲᠣᠭ᠍ᠲᠠᠭᠠᠯ᠎ᠤᠨ ᠠᠮᠢᠵᠢᠷᠠᠯ᠎ᠤᠨ ᠬᠦᠴᠦᠨ ᠨᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ ᠪᠣᠯᠭᠠᠨ ᠬᠤᠪᠢᠷᠠᠭᠤᠯᠵᠤ ᠴᠢᠳᠠᠬᠤ ᠱᠢᠨ᠎ᠡ᠎ᠶ᠋ᠢ ᠡᠭᠦᠳᠬᠦ᠌ ᠦᠢᠯᠡᠳᠦᠯᠭᠡ ᠳᠤᠮᠳᠠ ᠨᠢᠭᠤᠭ᠍ᠳᠠᠵᠤ᠂ ᠤᠳᠠᠭ᠎ᠠ ᠪᠦᠷᠢ᠎ᠶ᠋ᠢᠨ ᠱᠢᠨ᠎ᠡ ᠠᠰᠠᠭᠤᠳᠠᠯ ᠎ᠢ 《ᠢᠯᠡ ᠪᠣᠯᠭᠠᠬᠤ ᠪᠠ ᠢᠯᠡ ᠭᠠᠷᠭᠠᠬᠤ》 ᠪᠣᠳᠠᠲᠠᠢ᠎ᠶ᠋ᠢ ᠡᠷᠬᠢᠮᠯᠡᠬᠦ᠌ ᠠᠵᠢᠯᠯᠠᠭ᠎ᠠ ᠳᠤᠮᠳᠠ ᠨᠢᠭᠤᠭ᠍ᠳᠠᠵᠤ ᠪᠠᠢᠳᠠᠭ᠃ ᠱᠢᠨ᠎ᠡ ᠪᠠᠢᠳᠠᠯ ᠳᠤᠤᠷᠠᠬᠢ ᠵᠠᠷᠢᠮ 《ᠳᠥᠷᠪᠡᠨ ᠰᠤᠷᠲᠠᠯ》᠎ᠤᠨ ᠠᠰᠠᠭᠤᠳᠠᠯ ᠨᠢ 《ᠪᠡᠶ᠎ᠡ ᠳᠠᠯᠳᠠᠯᠠᠬᠤ ᠬᠤᠪᠴᠠᠰᠤ》 ᠡᠮᠦᠰᠴᠤ᠂ 《ᠬᠠᠷ᠎ᠠ ᠲᠠᠩᠰᠠ》᠎ᠳ᠋ᠤ ᠣᠷᠣᠬᠤ ᠱᠢᠨ᠎ᠡ ᠥᠷᠢᠰᠥᠯᠳᠦᠭᠡᠨ᠎ᠦ ᠡᠮᠦᠨ᠎ᠡ᠂ ᠬᠥᠳᠡᠯᠦᠩᠭᠦᠶ ᠬᠢᠨᠠᠯᠲᠠ ᠲᠠᠯᠪᠢᠬᠤ ᠲᠣᠭ᠍ᠲᠠᠴᠠ᠎ᠪᠠᠷ 《ᠭᠢᠷᠠᠬᠠᠶ ᠨᠢᠳᠦ》 ᠶ᠋ᠢ ᠪᠣᠯᠪᠠᠰᠤᠷᠠᠭᠤᠯᠵᠤ᠂ ᠪᠠᠢᠷᠢ ᠲᠣᠭ᠍ᠲᠠᠭᠠᠯᠲᠠ᠎ᠪᠠᠷ ᠡᠯ᠎ᠡ ᠵᠦᠶ᠋ᠯ᠎ᠦᠨ ᠳᠠᠯᠳᠠ ᠤᠨᠳᠤᠤᠱᠢᠯ᠎ᠤᠨ ᠠᠰᠠᠭᠤᠳᠠᠯ᠎ᠢ ᠵᠢᠭ᠍ᠰᠠᠭᠠᠨ ᠪᠠᠢᠴᠠᠭᠠᠵᠤ᠂ ᠲᠣᠮᠣ ᠳ᠋ᠠᠢᠲ᠋ᠠ᠎ᠶ᠋ᠢ ᠬᠠᠷᠢᠴᠠᠭᠤᠯᠬᠤ᠂ ᠣᠶᠤᠨᠴᠢ᠎ᠪᠠᠷ ᠤᠷᠢᠳᠴᠢᠯᠠᠨ ᠰᠡᠷᠡᠮᠵᠢᠯᠡᠭᠦᠯᠬᠦ᠌ ᠵᠡᠷᠭᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠷᠭ᠎ᠠ ᠪᠠᠷᠢᠯ᠎ᠲᠠᠶ ᠤᠶᠠᠯᠳᠤᠭᠤᠯᠤᠨ᠂ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠣᠷᠣᠬᠤ ᠭᠠᠵᠠᠷ ᠥᠬᠡᠶ ᠪᠣᠯᠭᠠᠬᠣ ᠬᠡᠷᠡᠭᠳᠡᠢ; ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠵᠤ 《ᠪᠡᠶ᠎ᠡ᠎ᠪᠡᠨ ᠬᠡᠮᠵᠢᠵᠦ᠍ ᠬᠤᠪᠴᠠᠰᠤ ᠡᠰᠭᠡᠬᠦ᠌》 ᠵᠢ ᠰᠤᠷᠴᠤ᠌᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠨᠠᠷᠢᠨ ᠲᠠᠩᠰᠠ᠎ᠶ᠋ᠢ ᠨᠠᠷᠢᠯᠢᠬ᠍ᠵᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ ᠎ᠢ ᠪᠣᠳᠠᠲᠠᠢ ᠦᠵᠡᠭ᠌ᠳᠡᠯ ᠳᠣᠣᠷᠠᠬᠢ 《ᠨᠠᠷᠢᠨ ᠵᠢᠷᠤᠭ》 ᠪᠣᠯᠭᠠᠨ ᠬᠤᠪᠢᠷᠠᠭᠤᠯᠬᠣ ᠬᠡᠷᠡᠭᠳᠡᠢ; ᠤᠷᠲᠤ ᠬᠤᠭᠤᠴᠠᠭ᠎ᠠ ᠪᠠᠷᠢᠮᠲᠠᠯᠠᠵᠤ᠂ ᠰᠤᠷᠭᠠᠨ ᠬᠥᠮᠦᠵᠢᠭᠦᠯᠵᠦ᠍ ᠰᠠᠨᠠᠭᠤᠯᠬᠤ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠵᠠᠷᠯᠠᠨ ᠢᠯᠡᠴᠢᠯᠡᠬᠦ᠌᠂ ᠬᠢᠨᠠᠯᠲᠠ ᠲᠠᠯᠪᠢᠵᠤ ᠪᠠᠢᠴᠠᠭᠠᠬᠤ᠂ ᠴᠢᠩᠭ᠎ᠠ ᠪᠠᠢᠴᠠᠭᠠᠵᠤ ᠲᠦᠷᠭᠡᠨ ᠱᠢᠢᠳᠪᠦᠷᠢᠯᠡᠬᠦ᠌᠂ ᠱᠠᠯᠠᠪᠳᠠᠭᠤᠯᠤᠨ ᠴᠡᠭ᠌ᠴᠡᠯᠡᠨ ᠰᠠᠢᠵᠢᠷᠠᠭᠤᠯᠬᠤ᠂ 《ᠡᠷᠬᠢᠨ ᠬᠠᠷᠠᠬᠤ》 ᠵᠡᠷᠭᠡ ᠠᠷᠭ᠎ᠠ ᠬᠡᠯᠪᠡᠷᠢ᠎ᠶ᠋ᠢ ᠭᠦᠨᠵᠡᠭᠡᠢ ᠬᠡᠷᠡᠭ᠌ᠯᠡᠵᠦ᠍᠂ ᠬᠠᠷᠢᠭᠤᠴᠠᠯᠭ᠎ᠠ᠎ᠶ᠋ᠢ ᠪᠣᠳᠠᠲᠠᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠵᠠᠪᠠᠯ ᠤᠯᠬᠤ ᠬᠡᠷᠡᠭ᠌ᠲᠡᠢ᠃

[ᠵᠣᠬᠢᠶᠠᠭ᠍ᠴᠢ ᠵᠢᠨ ᠬᠠᠶᠢᠭ᠄ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠰᠤᠳᠤᠯᠭᠠᠨ᠎ᠤ ᠲᠥᠪ᠎ᠦᠨ ᠰᠤᠳᠤᠯᠤᠭ᠍ᠴᠢ᠂ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ]

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号