ᠭᠦᠨᠵᠡᠭᠡᠶ ᠴᠡᠭ᠌ᠴᠡᠯᠡᠨ ᠵᠠᠰᠠᠬᠤ ᠵᠢ ᠦᠨᠡᠨ᠎ᠬᠦ ᠪᠤᠲᠠᠲᠠᠢᠵᠢᠭᠤᠯᠵᠤ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ ᠵᠢ ᠪᠣᠳᠠᠲᠤ ᠦᠷ᠎ᠡ ᠪᠦᠲᠦᠮᠵᠢ᠎ᠭᠠᠷᠭᠠᠨ᠎ᠠ
2025-07-22 09:53:42
ᠵᠣᠬᠢᠶᠠᠭ᠍ᠴᠢ᠄
ᠱᠤᠸᠠᠢ ᠵᠧᠩ ᠂ ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠪᠣᠳᠠᠲᠠᠢ᠎ᠲᠠᠶ ᠨᠢᠭ᠍ᠲᠠ ᠤᠶᠠᠯᠳᠤᠭᠤᠯᠵᠤ᠂ ᠭᠦᠨᠵᠡᠭᠡᠢ ᠰᠤᠷᠤᠯᠴᠠᠬᠤ᠂ ᠨᠠᠷᠢᠨ ᠪᠠᠢᠴᠠᠭᠠᠬᠤ᠂ ᠦᠨᠡᠨ ᠬᠦ᠌ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ ᠪᠠᠢᠨ᠎ᠠ᠃ ᠰᠤᠷᠤᠯᠴᠠᠯᠭ᠎ᠠ ᠬᠥᠮᠦᠵᠢᠯ ᠎ᠢ ᠭᠦᠨᠵᠡᠭᠡᠢᠷᠡᠭᠦᠯᠬᠦ᠌᠂ ᠪᠣᠳᠠᠲᠠᠢᠵᠢᠭᠤᠯᠬᠤ᠎ᠶ᠋ᠢ ᠠᠬᠢᠭᠤᠯᠬᠤ᠎ᠪᠠᠷ ᠲᠠᠮᠵᠢᠨ᠂ ᠱᠢᠯᠢᠳᠡᠭ ᠰᠤᠷᠲᠠᠯ᠎ᠢᠶᠠᠷ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ᠂ ᠠᠵᠢᠯ ᠬᠢᠵᠦ᠍ ᠦᠢᠯᠡᠰ ᠪᠤᠰᠬᠠᠵᠤ ᠪᠤᠢ᠃

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠨᠠᠮ᠎ᠤᠨ ᠬᠣᠷᠢᠶ᠎ᠠ ᠱᠢᠰᠲ᠋ᠧᠮ᠎ᠦᠨ ᠨᠠᠮ᠎ᠤᠨ ᠬᠣᠷᠢᠶ᠎ᠠ ᠵᠢᠨ ᠦᠶ᠋ᠯᠡᠳᠦᠯ᠎ᠢᠶᠠᠨ ᠭᠦᠶ᠋ᠴᠡᠳ ᠪᠠᠳᠠᠷᠠᠭᠤᠯᠵᠤ᠂ ᠬᠠᠷᠠᠯᠲᠠ ᠱᠠᠭᠠᠷᠳᠠᠯᠭ᠎ᠠ᠎ᠶ᠋ᠢ ᠴᠢᠩᠭ᠎ᠠ ᠡᠵᠡᠮᠳᠡᠨ᠂ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠌᠂ ᠬᠡᠯᠪᠡᠷᠢᠴᠢ ᠦᠵᠡᠯ ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠦᠨ᠂ ᠦᠨᠳᠦᠰᠦᠨ ᠱᠠᠲᠤᠨ᠎ᠤ 《ᠬᠦᠯᠢᠶᠡᠰᠦ᠎ᠶ᠋ᠢ ᠰᠤᠯᠠᠷᠠᠭᠤᠯᠤᠨ ᠮᠠᠷᠢᠶ᠎ᠠ ᠱᠢᠭᠤᠷᠠᠭᠤᠯᠵᠤ》᠂ ᠦᠨᠳᠦᠰᠦᠨ ᠱᠠᠲᠤᠨ᠎ᠤ 《ᠬᠦᠩᠭᠡᠨ ᠭᠠᠪᠰᠢᠭᠠᠢ ᠠᠵᠢᠯᠯᠠᠬᠤ》 ᠶ᠋ᠢ ᠪᠡᠶᠡᠯᠡᠭᠦᠯᠪᠡ᠃ ᠪᠢᠴᠢᠭ ᠮᠠᠲ᠋ᠧᠷᠢᠶᠠᠯ ᠎ᠢ ᠴᠣᠮᠬᠠᠳᠬᠠᠨ ᠬᠤᠷᠠᠯ ᠎ᠢ ᠴᠦᠭᠡᠳᠭᠡᠬᠦ᠂ ᠪᠠᠢᠴᠠᠭᠠᠨ ᠰᠤᠳᠤᠯᠬᠤ᠂ ᠱᠠᠯᠠᠪᠳᠠᠭᠤᠯᠬᠤ ᠠᠳᠠᠯᠢᠳᠬᠠᠬᠤ ᠱᠢᠯᠭᠠᠨ ᠦᠨᠡᠯᠡᠬᠦ᠌᠂ ᠠᠵᠢᠯᠲᠠᠨ᠎ᠢ ᠵᠢᠭᠡᠯᠡᠨ ᠬᠡᠷᠡᠭ᠌ᠯᠡᠬᠦ᠌ ᠵᠡᠷᠭᠡ ᠬᠡᠯᠪᠡᠷᠢᠴᠢ ᠦᠵᠡᠯ ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠰᠠᠢᠲᠤᠷ ᠠᠳᠭᠤᠭ᠍ᠰᠠᠨ᠎ᠤ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠡᠴᠡ ᠠᠵᠢᠯ᠎ᠤᠨ ᠪᠠᠢᠷᠢᠯᠠᠭᠤᠯᠤᠯᠲᠠ᠎ᠨᠢ ᠰᠠᠢᠨ ᠵᠢᠷᠤᠮᠵᠢᠭᠰᠡᠨ  ᠥᠬᠡᠶ᠂ ᠱᠠᠯᠠᠪᠳᠠᠭᠤᠯᠤᠨ ᠪᠠᠢᠴᠠᠭᠠᠬᠤ ᠠᠵᠢᠯ᠎ᠨᠢ ᠬᠡᠲᠦ ᠣᠯᠠᠨ᠂ ᠸᠢᠳᠢᠣ᠋ ᠰᠡᠭᠦᠳᠡᠷᠯᠡᠬᠦ᠌ ᠡᠭᠦᠷᠭᠡ᠎ᠨᠢ ᠣᠯᠠᠨ ᠵᠡᠷᠭᠡ ᠱᠢᠨ᠎ᠡ᠎ᠪᠡᠷ ᠢᠯᠡᠷᠡᠭ᠌ᠰᠡᠨ ᠠᠰᠠᠭᠤᠳᠠᠯ᠎ᠢ ᠴᠡᠭ᠌ᠴᠡᠯᠡᠨ ᠵᠠᠰᠠᠬᠤ ᠬᠦᠷᠢᠶ᠎ᠡ ᠬᠡᠪᠴᠢᠶ᠎ᠡ᠎ᠳᠦ ᠣᠷᠣᠭᠤᠯᠵᠤ᠂ 21 ᠵᠤᠷᠪᠤᠰ ᠴᠡᠭ᠌ᠴᠡᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠪᠦᠷᠢᠯᠳᠦᠭᠦᠯᠵᠦ᠍᠂ ᠪᠥᠬᠥ᠌ ᠬᠦᠴᠦᠨ᠎ᠢᠶᠡᠷ ᠵᠢᠡᠨ ᠳᠠᠷᠤᠭᠠᠰᠤ᠎ᠶ᠋ᠢ ᠬᠥᠩᠭᠡᠷᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠨᠠᠮ᠎ᠤᠨ ᠬᠣᠷᠢᠶ᠎ᠠ᠎ᠠᠴᠠ ᠬᠢᠨᠠᠨ ᠬᠠᠮᠢᠶᠠᠷᠴᠤ᠌ ᠪᠠᠢᠭ᠎ᠠ ᠠᠵᠤ ᠠᠬᠤᠢᠯᠠᠯ ᠎ᠢ ᠨᠢᠭᠡᠳᠦᠯᠲᠡᠶ ᠲᠥᠯᠥᠪᠵᠢᠭᠦᠯᠬᠦ᠌ ᠠᠵᠢᠯ᠎ᠤᠨ ᠪᠠᠢᠷᠢᠯᠠᠭᠤᠯᠤᠯᠲᠠ᠎ᠶ᠋ᠢᠨ ᠲᠠᠯ᠎ᠠ᠎ᠪᠠᠷ᠂ ᠠᠯᠢ ᠴᠢᠳᠠᠬᠤ᠎ᠪᠠᠷ ᠤᠷᠢᠳᠴᠢᠯᠠᠨ ᠠᠵᠢᠯ ᠵᠢᠡᠨ᠎ᠬᠢᠵᠦ᠍᠂ ᠦᠨᠳᠦᠰᠦᠨ ᠱᠠᠲᠤᠨ᠎ᠳᠤ ᠪᠡᠯᠡᠳᠭᠡᠯ ᠬᠢᠬᠦ᠌ ᠴᠠᠭ ᠭᠦᠶ᠋ᠴᠡᠳ ᠭᠠᠷᠭᠠᠨ ᠦᠭᠴᠦ᠂ 《ᠪᠠᠢᠷᠢᠯᠠᠭᠤᠯᠤᠮᠠᠬᠴᠠ ᠪᠠᠨ ᠦᠷ᠎ᠡ ᠪᠦᠲᠦᠮᠵᠢ ᠠᠪᠬᠤ》 ᠡᠴᠠ ᠡᠷᠡᠰ ᠵᠠᠢᠯᠠᠰᠭᠢᠬᠤ ᠬᠡᠷᠡᠭ᠌ᠲᠡᠶ᠃ 《ᠬᠤᠷᠤᠭᠤᠨ ᠦᠵᠦᠭᠦᠷ᠎ᠦᠨ ᠬᠡᠯᠪᠡᠷᠢᠴᠢ ᠦᠵᠡᠯ》 ᠢ᠋ ᠡᠷᠡᠰ ᠴᠡᠭ᠌ᠴᠡᠯᠡᠨ ᠵᠠᠰᠠᠵᠤ᠂ ᠠᠯᠪᠠᠨ ᠶᠠᠪᠤᠳᠠᠯ ᠵᠠᠰᠠᠭ᠎ᠤᠨ ᠶᠠᠪᠤᠳᠠᠯ᠎ᠤᠨ ᠠᠵᠢᠯᠯᠠᠭ᠎ᠠ ᠳᠤᠮᠳᠠ ᠣᠬᠣᠷ ᠸᠢᠳᠢᠣ᠋᠂ ᠡᠯᠧᠺᠲ᠋ᠷᠣᠨ ᠦᠵᠡᠭᠦᠯᠭᠡ᠎ᠶᠢᠨ ᠡᠬᠡ ᠪᠢᠴᠢᠭ ᠵᠡᠷᠭᠡ᠎ᠶ᠋ᠢ ᠬᠡᠲᠦᠷᠡᠲᠡᠯ᠎ᠡ ᠬᠡᠷᠡᠭ᠌ᠯᠡᠬᠦ᠌ ᠵᠡᠷᠭᠡ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠦᠨᠳᠦᠷᠡᠭᠦᠯᠬᠦ᠌ ᠦᠶ᠋ᠯᠡ ᠠᠵᠢᠯᠯᠠᠭ᠎ᠠ᠎ᠶ᠋ᠢ ᠲᠥᠪᠯᠡᠷᠡᠭᠦᠯᠦᠨ ᠵᠠᠯᠠᠷᠠᠭᠤᠯᠬᠤ ᠬᠡᠷᠡᠭᠲᠡᠢ᠃ 《ᠣᠬᠣᠷ ᠱᠢᠨ᠎ᠡ ᠪᠣᠳᠠᠲᠠᠶ》 ᠵᠣᠬᠢᠶᠠᠯ᠎ᠤᠨ ᠰᠤᠷᠲᠠᠯ᠎ᠢ ᠪᠠᠳᠠᠷᠠᠭᠤᠯᠤᠨ᠂ ᠠᠯᠪᠠᠨ ᠪᠢᠴᠢᠭ ᠲᠤᠭᠤᠷᠪᠢᠵᠤ ᠲᠠᠷᠬᠠᠭᠠᠬᠤ ᠳᠤᠮᠳᠠ ᠢᠯᠡᠷᠡᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠪᠤᠷᠤᠭᠤ ᠪᠠᠢᠳᠠᠯ᠎ᠢ ᠵᠠᠷᠯᠠᠨ ᠨᠡᠢᠲᠡᠯᠡᠬᠦ ᠳᠦᠷᠢᠮ ᠪᠠᠢᠭᠤᠯᠵᠤ᠂ ᠠᠯᠪᠠᠨ ᠪᠢᠴᠢᠭ ᠲᠤᠭᠤᠷᠪᠢᠵᠤ ᠲᠠᠷᠬᠠᠭᠠᠬᠤ ᠶᠠᠰᠤ ᠴᠢᠨᠠᠷ᠎ᠢ ᠳᠡᠭᠡᠭ᠌ᠰᠢᠯᠡᠭᠦᠯᠬᠦ ᠬᠡᠷᠡᠭᠲᠡᠢ᠃ ᠬᠤᠷᠠᠯ ᠬᠢᠬᠦ ᠳᠠᠪᠲᠠᠮᠵᠢ ᠪᠠ ᠬᠡᠪᠴᠢᠶ᠎ᠡ᠎ᠶ᠋ᠢ ᠴᠢᠩᠭ᠎ᠠ ᠬᠢᠵᠠᠭᠠᠷᠯᠠᠵᠤ᠂ ᠬᠤᠷᠠᠯ᠎ᠳᠤ ᠣᠷᠣᠯᠴᠠᠬᠤ ᠬᠥᠮᠦᠰ᠎ᠦᠨ ᠬᠡᠪᠴᠢᠶ᠎ᠡ ᠪᠠ ᠬᠤᠷᠠᠯ᠎ᠤᠨ ᠴᠠᠭ᠎ᠢ ᠵᠣᠬᠢᠰᠲᠠᠶ ᠡᠵᠡᠮᠳᠡᠵᠦ᠍᠂ ᠬᠤᠷᠠᠯ᠎ᠤᠨ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ ᠬᠡᠷᠡᠭᠲᠡᠢ᠃ ᠴᠠᠭ ᠲᠤᠬᠠᠢ᠎ᠳᠤᠨᠢ ᠦᠨᠳᠦᠰᠦᠨ ᠱᠠᠲᠤᠨ᠎ᠳᠤ ᠤᠯᠠᠮᠵᠢᠯᠠᠬᠤ ᠴᠢᠬᠤᠯᠠᠳᠠᠢ ᠳᠡᠭᠡᠷ᠎ᠡ ᠱᠠᠲᠤᠨ᠎ᠤ ᠴᠢᠬᠤᠯᠠ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ ᠪᠣᠯᠤᠨ ᠲᠤᠬᠠᠢ᠎ᠶ᠋ᠢᠨ ᠲᠠᠯᠠᠪᠠᠢ᠎ᠳᠤ ᠠᠵᠢᠯᠯᠠᠬᠤ ᠪᠣᠳᠠᠲᠠᠢ ᠬᠡᠷᠡᠭ᠌ᠴᠡᠭᠡ᠎ᠲᠡᠶ ᠤᠶᠠᠯᠳᠤᠭᠤᠯᠵᠤ᠂ ᠨᠠᠮ᠎ᠤᠨ ᠡᠭᠦᠷ᠎ᠦᠨ ᠬᠤᠷᠠᠯ᠂ ᠨᠠᠮ᠎ᠤᠨ ᠳᠤᠭᠤᠢᠯᠠᠩ᠎ᠤᠨ ᠬᠤᠷᠠᠯ ᠵᠡᠷᠭᠡ ᠬᠡᠯᠪᠡᠷᠢ᠎ᠪᠡᠷ ᠤᠯᠠᠮᠵᠢᠯᠠᠨ ᠰᠤᠷᠤᠯᠴᠠᠵᠦ᠍᠂ 《ᠬᠤᠷᠠᠯ ᠎ᠤᠨ ᠲᠠᠯᠠᠪᠠᠢ ᠎ᠳᠤ ᠬᠥᠮᠦᠨ ᠰᠠᠭᠤᠬᠤ᠂ ᠦᠢᠯᠡᠳᠪᠦᠷᠢᠯᠡᠯ᠎ᠳᠤ ᠬᠦᠮᠦᠨ ᠳᠤᠲᠠᠬᠤ》 ᠪᠠᠢᠳᠠᠯ ᠭᠠᠷᠬᠤ᠎ᠠᠴᠠ ᠵᠠᠢᠯᠠᠰᠭᠢᠬᠤ  ᠬᠡᠷᠡᠭᠲᠡᠢ ᠭᠡᠵᠦ ᠱᠠᠭᠠᠷᠳᠠᠪᠠ᠃

ᠬᠤᠸᠠ ᠴᠧᠨ ᠢᠲᠡᠭᠡᠮᠵᠢᠲᠦ ᠨᠠᠢᠳᠠᠯᠭ᠎ᠠ᠎ᠶ᠋ᠢᠨ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠵᠢᠨ ᠨᠠᠮ᠎ᠤᠨ ᠬᠣᠷᠢᠶ᠎ᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ᠎ᠢᠶᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ 《ᠭᠤᠷᠪᠠ᠎ᠳᠤ ᠠᠩᠬᠠᠷᠤᠯ᠎ᠢᠶᠠᠨ ᠲᠥᠪᠯᠡᠷᠡᠭᠦᠯᠬᠦ᠌》 ᠠᠵᠢᠯ᠎ᠢᠶᠠᠷ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ ᠨᠢᠭᠡ᠎ᠳᠦ᠂ ᠤᠨᠢᠨ ᠳᠡᠭᠡᠷ᠎ᠡ ᠨᠢ ᠬᠦᠴᠦᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠨᠳᠤᠯᠭᠠᠲᠤ ᠴᠢᠨᠠᠷᠲᠠᠢ ᠴᠡᠭ᠌ᠴᠡᠯᠡᠨ ᠰᠠᠢᠵᠢᠷᠠᠭᠤᠯᠬᠤ ᠲᠣᠭ᠍ᠲᠠᠴᠠ᠎ᠶ᠋ᠢ ᠪᠠᠢᠭᠤᠯᠪᠠ᠃ ᠭᠦᠨᠵᠡᠭᠡᠶ ᠪᠠᠢᠴᠠᠭᠠᠨ ᠰᠤᠳᠤᠯᠤᠯᠲᠠ ᠬᠢᠬᠦ᠌ ᠂ ᠠᠵᠢᠯᠲᠠᠨ ᠠᠵᠢᠯᠴᠢᠨ ᠬᠠᠷᠢᠭᠤ ᠲᠤᠰᠭᠠᠬᠤ᠂ ᠠᠰᠠᠭᠤᠯᠲᠠ᠎ᠶ᠋ᠢᠨ ᠬᠠᠭᠤᠳᠠᠰᠤ᠎ᠪᠠᠷ ᠪᠠᠢᠴᠠᠭᠠᠯᠲᠠ ᠬᠢᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠠᠰᠠᠭᠤᠳᠠᠯ᠎ᠤᠨ ᠨᠠᠷᠢᠨ ᠲᠠᠩᠰᠠ᠎ᠶ᠋ᠢ ᠪᠥᠬᠥ᠌ ᠲᠠᠯ᠎ᠠ᠎ᠪᠠᠷ ᠡᠮᠬᠢᠯᠡᠨ ᠳᠢᠭ᠌ᠯᠡᠵᠦ᠍᠂ ᠴᠡᠭ᠌ᠴᠡᠯᠡᠨ ᠰᠠᠢᠵᠢᠷᠠᠭᠤᠯᠬᠤ 《ᠬᠠᠷᠠᠯᠲᠠ》 ᠎ᠳ᠋ᠠᠭᠠᠨ ᠣᠨᠣᠪᠴᠢᠲᠠᠶ᠎ᠪᠠᠷ ᠪᠠᠢᠷᠢ ᠲᠣᠭ᠍ᠲᠠᠭᠠᠯᠳᠠ ᠬᠢᠵᠦ ᠴᠡᠭ᠌ᠴᠡᠯᠡᠨ ᠰᠠᠢᠵᠢᠷᠠᠭᠤᠯᠪᠠ᠃ 7 ᠵᠦᠶ᠋ᠯ᠎ᠦᠨ ᠠᠷᠭ᠎ᠠ ᠵᠠᠮ᠎ᠢ ᠰᠠᠢᠲᠤᠷ ᠬᠡᠷᠡᠭ᠌ᠯᠡᠨ᠂ 11 ᠲᠠᠯ᠎ᠠ᠎ᠶ᠋ᠢᠨ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠦᠷᠢᠮ ᠲᠣᠭ᠍ᠲᠠᠭᠠᠯ᠎ᠤᠨ ᠲᠥᠷᠥᠯ᠂ ᠠᠯᠪᠠᠨ ᠶᠠᠪᠤᠳᠠᠯ᠎ᠤᠨ ᠲᠥᠷᠥᠯ᠂ ᠲᠤᠬᠠᠢᠯᠠᠭ᠍ᠰᠠᠨ ᠠᠵᠢᠯ᠎ᠤᠨ ᠬᠢᠨᠠᠨ ᠵᠥᠪᠱᠢᠶᠡᠷᠡᠯ᠎ᠦᠨ ᠲᠥᠷᠥᠯ ᠵᠡᠷᠭᠡ ᠵᠢᠷᠭᠤᠭᠠᠨ ᠶᠡᠬᠡ ᠲᠥᠷᠥᠯ᠎ᠦᠨ 28 ᠭᠤᠤᠯ ᠢᠯᠡᠷᠡᠯ᠎ᠦᠨ ᠲᠣᠭᠣᠷᠢᠨ᠎ᠳᠤ ᠠᠰᠠᠭᠤᠳᠠᠯ᠎ᠢ ᠪᠠᠢᠴᠠᠭᠠᠨ ᠳᠡᠯᠭᠡᠵᠦ᠍᠂ ᠰᠠᠨᠠᠯ ᠬᠤᠷᠢᠶᠠᠬᠤ ᠬᠠᠢᠷᠴᠠᠭ ᠭᠠᠷᠭᠠᠬᠤ᠎ᠪᠠᠷ ᠳᠠᠮᠵᠢᠨ᠂ ᠺᠣᠮᠫᠠᠨᠢ᠎ᠶ᠋ᠢᠨ ᠤᠳᠤᠷᠢᠳᠭᠤ ᠪᠠᠭ᠂ ᠺᠣᠮᠫᠠᠨᠢ᠎ᠶ᠋ᠢᠨ ᠤᠳᠤᠷᠢᠳᠤᠯᠭ᠎ᠠ᠂ ᠨᠠᠮ᠎ᠤᠨ ᠭᠡᠱᠢᠭᠦᠨ ᠺᠠᠳ᠋ᠷ ᠵᠢᠴᠢ ᠵᠠᠯᠠᠭᠤ ᠺᠠᠳ᠋ᠷᠴᠤᠳ ᠵᠡᠷᠭᠡ᠎ᠡᠴᠡ ᠲᠥᠪ᠎ᠦᠨ ᠨᠠᠶ᠋ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠠᠯ᠎ᠠ᠎ᠪᠠᠷ ᠬᠢ ᠠᠰᠠᠭᠤᠳᠠᠯ ᠪᠠ ᠰᠠᠨᠠᠯ᠎ᠢ ᠥᠷᠭᠡᠨ᠎ᠢᠶᠡᠷ ᠬᠤᠷᠢᠶᠠᠵᠤ᠂ ᠴᠡᠭ᠌ᠴᠡᠯᠡᠨ ᠵᠠᠰᠠᠬᠤ ᠡᠬᠡ ᠲᠠᠩᠰᠠ᠎ᠶ᠋ᠢ ᠪᠣᠶ ᠪᠣᠯᠭᠠᠭ᠍ᠰᠠᠨ᠎ᠤ ᠳᠠᠷᠠᠭ᠎ᠠ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠲᠥᠪᠯᠡᠷᠡᠭᠦᠯᠦᠨ ᠥᠷᠨᠢᠭᠦᠯᠪᠡ᠃ ᠬᠣᠶᠠᠷ᠎ᠲᠤ᠂ ᠬᠠᠮᠵᠢᠯᠴᠠᠨ ᠬᠠᠮᠲᠤᠷᠠᠯᠴᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠡᠭ᠌ᠴᠡᠯᠡᠨ ᠰᠠᠢᠵᠢᠷᠠᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ ᠎ᠢ ᠨᠢᠭ᠍ᠲᠠᠷᠠᠭᠤᠯᠪᠠ᠃ ᠰᠠᠯᠠᠭ᠎ᠠ ᠮᠥᠴᠢᠷ᠂ ᠱᠠᠲᠤ ᠳᠠᠪᠬᠤᠷᠭ᠎ᠠ ᠰᠤᠨᠳᠠᠯᠠᠭᠰᠠᠨ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠠᠢᠭᠤᠯᠵᠤ᠂ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠴᠡᠭ᠌ᠴᠡᠯᠡᠨ ᠰᠠᠢᠵᠢᠷᠠᠭᠤᠯᠬᠤ᠎ᠶ᠋ᠢ ᠬᠠᠮᠵᠢᠯᠴᠠᠨ ᠠᠬᠢᠭᠤᠯᠪᠠ᠃ ᠺᠣᠮᠫᠠᠨᠢ᠎ᠶ᠋ᠢᠨ ᠨᠠᠮ᠎ᠤᠨ ᠬᠣᠷᠢᠶ᠎ᠠ 8 ᠲᠠᠯ᠎ᠠ᠎ᠶ᠋ᠢᠨ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠢᠲᠡ 14 ᠵᠦᠶ᠋ᠯ ᠎ᠦᠨ ᠠᠰᠠᠭᠤᠳᠠᠯ᠎ᠤᠨ ᠢᠯᠡᠷᠡᠯ ᠎ᠢ ᠪᠠᠢᠴᠠᠭᠠᠨ ᠭᠠᠷᠭᠠᠵᠤ᠂ ᠡᠭᠦᠨ᠎ᠳᠦ 4 ᠵᠦᠶ᠋ᠯ᠎ᠦᠨ ᠠᠰᠠᠭᠤᠳᠠᠯ᠎ᠢ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ᠎ᠳᠤ ᠣᠷᠣᠭᠤᠯᠵᠤ᠂ ᠣᠳᠣᠬᠠᠨ᠎ᠳᠤ ᠨᠢᠭᠡᠨᠲᠡ 2 ᠠᠰᠠᠭᠤᠳᠠᠯ᠎ᠢ ᠪᠣᠳᠠᠲᠠᠶ ᠴᠡᠭ᠌ᠴᠡᠯᠡᠨ ᠰᠠᠢᠵᠢᠷᠠᠭᠤᠯᠪᠠ᠃ ᠭᠤᠷᠪᠠ᠎ᠳᠤ᠂ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠪᠡ᠃ ᠴᠡᠭ᠌ᠴᠡᠯᠡᠨ ᠵᠠᠰᠠᠬᠤ᠎ᠶ᠋ᠢ ᠳᠦᠷᠢᠮ᠎ᠦᠨ ᠪᠠᠢᠭᠤᠯᠤᠯᠲᠠ᠎ᠯᠤᠭ᠎ᠠ ᠤᠶᠠᠯᠳᠤᠭᠤᠯᠬᠤ᠎ᠶ᠋ᠢ ᠪᠠᠷᠢᠮᠲᠠᠯᠠᠨ᠂ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠣᠶ ᠪᠣᠯᠭᠠᠬᠤ᠎ᠶ᠋ᠢ ᠠᠬᠢᠭᠤᠯᠪᠠ᠃ ᠣᠳᠣᠬᠠᠨ᠎ᠳᠤ ᠡᠳ᠋᠎ᠦᠨ ᠶᠠᠪᠤᠳᠠᠯ᠂ ᠭᠥᠯᠢᠶᠡᠨ ᠠᠪᠬᠤ᠂ ᠬᠢᠨᠠᠨ ᠪᠤᠳᠤᠬᠤ ᠵᠡᠷᠭᠡ 7 ᠵᠦᠶ᠋ᠯ᠎ᠦᠨ ᠣᠲᠣ ᠵᠢᠨ ᠪᠠᠢᠭ᠎ᠠ ᠲᠦᠷᠢᠮ ᠎ᠢ ᠦᠷᠭᠦᠯᠵᠢᠯᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠺᠠᠳ᠋ᠷ᠎ᠤᠨ ᠪᠣᠯᠪᠠᠰᠤᠷᠠᠯ᠂ ᠲᠠᠩᠰᠠ ᠡᠪᠬᠡᠮᠡᠯ᠎ᠦᠨ ᠬᠠᠮᠢᠶᠠᠷᠤᠯᠲᠠ ᠵᠡᠷᠭᠡ 3 ᠵᠦᠶ᠋ᠯ᠎ᠦᠨ ᠲᠦᠷᠢᠮ ᠎ᠢ ᠰᠤᠳᠤᠯᠤᠨ ᠲᠣᠭ᠍ᠲᠠᠭᠠᠬᠤ ᠠᠵᠢᠯ ᠎ᠢ ᠵᠡᠷᠭᠡ᠎ᠪᠡᠷ ᠡᠬᠢᠯᠡᠭᠦᠯᠵᠦ᠍᠂ ᠲᠦᠷᠢᠮ᠎ᠦᠨ ᠱᠢᠩᠭᠡᠯᠢᠭ ᠎ᠢ ᠨᠢᠭ᠍ᠲᠠ ᠰᠦᠯᠵᠢᠵᠦ᠍᠂ ᠠᠰᠠᠭᠤᠳᠠᠯ᠎ᠤᠨ ᠳᠠᠬᠢᠨ ᠡᠭᠦᠰᠭᠦ᠎ᠶ᠋ᠢ ᠡᠬᠢ ᠡᠭᠦᠰᠦᠯ᠎ᠡᠴᠡ᠎ᠨᠢ ᠰᠡᠷᠭᠡᠢᠯᠡᠵᠦ᠍᠂ ᠰᠤᠷᠤᠯᠴᠠᠨ ᠪᠠᠢᠴᠠᠭᠠᠵᠤ ᠥᠭᠡᠷᠡᠴᠢᠯᠡᠬᠦ᠌ ᠪᠢᠲᠡᠭᠦᠦ ᠭᠤᠭᠴᠤᠭᠠᠳᠤ ᠲᠣᠭ᠍ᠲᠠᠴᠠ᠎ᠶ᠋ᠢ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号