ᠴᠠᠭ ᠠᠭᠤᠷ ᠤ᠋ᠨ ᠡᠬᠦᠰᠦᠮᠡᠯ ᠭᠠᠮᠰᠢᠭ ᠢ᠋ ᠴᠢᠩᠭ᠎ᠠ ᠰᠡᠷᠬᠡᠢᠯᠡᠬᠦ ᠴᠢᠬᠤᠯᠠᠳᠠᠢ!
ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠵᠢᠡᠷ᠂ 7 ᠰᠠᠷ᠎ᠠ ᠵᠢᠨ 23 ᠡᠴᠡ 26 ᠤ᠋ ᠡᠳᠤᠷ ᠪᠤᠯᠳᠠᠯ᠎ᠠ᠂ ᠦᠪᠤᠷ ᠮᠤᠩᠭᠤᠯ ᠤ᠋ᠨ ᠶᠡᠬᠡᠩᠬᠢ ᠭᠠᠵᠠᠷ ᠲᠦ᠍ ᠪᠤᠷᠤᠭᠠᠨ ᠤᠷᠤᠵᠤ᠂ ᠤᠯᠠᠨ ᠭᠠᠵᠠᠷ ᠲᠦ᠍ ᠰᠢᠷᠤᠬᠦᠨ ᠪᠤᠷᠤᠭᠠᠨ ᠪᠤᠶᠤ ᠶᠡᠬᠡ ᠰᠢᠷᠤᠬᠦᠨ ᠪᠤᠷᠤᠭᠠᠨ ᠤᠷᠤᠨ᠎ᠠ᠃
23 ᠤ᠋ ᠡᠳᠤᠷ ᠤ᠋ᠨ 8 ᠴᠠᠭ ᠡᠴᠡ 26 ᠤ᠋ ᠡᠳᠤᠷ ᠤ᠋ᠨ 20 ᠴᠠᠭ ᠪᠤᠯᠳᠠᠯ᠎ᠠ᠂ ᠮᠠᠨ ᠤ᠋ ᠤᠷᠤᠨ ᠤ᠋ ᠪᠠᠷᠠᠭᠤᠨ ᠪᠠᠶ᠎ᠠ ᠵᠢᠨ ᠡᠮᠤᠨ᠎ᠠ ᠬᠡᠰᠡᠭ ᠪᠤᠯᠤᠨ ᠵᠡᠬᠦᠨ ᠬᠡᠰᠡᠭ᠂ ᠲᠤᠮᠳᠠ ᠪᠠᠶ᠎ᠠ ᠵᠢᠨ ᠶᠡᠬᠡᠩᠬᠢ ᠭᠠᠵᠠᠷ᠂ ᠵᠡᠬᠦᠨ ᠡᠮᠤᠨ᠎ᠠ ᠪᠠᠶ᠎ᠠ ᠪᠤᠯᠤᠨ ᠵᠡᠬᠦᠨ ᠬᠤᠢᠳᠤ ᠪᠡᠶ᠎ᠠ ᠵᠢᠨ ᠬᠤᠢᠳᠤ ᠬᠡᠰᠡᠭ ᠲᠦ᠍ ᠲᠤᠮᠳᠠ ᠡᠴᠡ ᠶᠡᠬᠡ ᠪᠤᠷᠤᠭᠠᠨ ᠤᠷᠤᠨ᠎ᠠ᠃ ᠡᠬᠦᠨ ᠳ᠋ᠤ ᠠᠯᠠᠱᠠ ᠠᠢᠮᠠᠭ ᠤ᠋ᠨ ᠵᠡᠬᠦᠨ ᠪᠠᠶ᠎ᠠ ᠵᠢᠨ ᠬᠡᠰᠡᠭ ᠭᠠᠵᠠᠷ᠂ ᠦᠬᠠᠢ ᠬᠤᠳᠠ᠂ ᠪᠠᠶᠠᠠᠨᠠᠭᠤᠷ ᠬᠤᠳᠠ ᠵᠢᠨ ᠵᠡᠬᠦᠨ ᠡᠮᠤᠨ᠎ᠠ ᠪᠠᠶ᠎ᠠ᠂ ᠤᠷᠳᠤᠰ ᠬᠤᠳᠠ ᠵᠢᠨ ᠶᠡᠬᠡᠩᠬᠢ ᠭᠠᠵᠠᠷ᠂ ᠪᠤᠭᠤᠳᠤ ᠬᠤᠳᠠ ᠵᠢᠨ ᠡᠮᠤᠨ᠎ᠠ ᠪᠡᠶ᠎ᠠ᠂ ᠬᠦᠬᠡᠬᠤᠳᠠ᠂ ᠤᠯᠠᠭᠠᠨᠴᠠᠪ ᠬᠤᠳᠠ ᠵᠢᠨ ᠲᠤᠮᠳᠠ ᠪᠠᠶ᠎ᠠ ᠪᠠ ᠡᠮᠤᠨ᠎ᠠ ᠪᠡᠶ᠎ᠠ᠂ ᠰᠢᠯᠢ ᠵᠢᠨ ᠭᠤᠤᠯ ᠠᠢᠮᠠᠭ ᠤ᠋ᠨ ᠡᠮᠤᠨ᠎ᠠ ᠪᠠᠶ᠎ᠠ᠂ ᠤᠯᠠᠭᠠᠨᠬᠠᠳᠠ ᠬᠤᠳᠠ ᠵᠢᠨ ᠪᠠᠷᠠᠭᠤᠨ ᠪᠠᠶ᠎ᠡ ᠳ᠋ᠤ ᠰᠢᠷᠤᠬᠦᠨ ᠪᠤᠷᠤᠭᠠᠨ ᠤᠷᠤᠵᠤ᠂ ᠪᠠᠶᠠᠠᠨᠠᠭᠤᠷ ᠬᠤᠳᠠ ᠵᠢᠨ ᠵᠡᠬᠦᠨ ᠡᠮᠤᠨ᠎ᠠ ᠪᠠᠶ᠎ᠡ ᠵᠢᠨ ᠬᠡᠰᠡᠭ ᠭᠠᠵᠠᠷ᠂ ᠤᠷᠳᠤᠰ ᠬᠤᠳᠠ ᠵᠢᠨ ᠡᠮᠤᠨ᠎ᠠ ᠪᠡᠶ᠎ᠠ ᠪᠠ ᠬᠤᠢᠳᠤ ᠪᠠᠶ᠎ᠠ ᠵᠢᠨ ᠬᠡᠰᠡᠭ ᠭᠠᠵᠠᠷ᠂ ᠪᠤᠭᠤᠳᠤ ᠬᠤᠳᠠ ᠵᠢᠨ ᠡᠮᠤᠨ᠎ᠠ ᠪᠠᠶ᠎ᠠ ᠵᠢᠨ ᠬᠡᠰᠡᠭ ᠭᠠᠵᠠᠷ᠂ ᠬᠦᠬᠡᠬᠤᠳᠠ ᠵᠢᠨ ᠬᠤᠢᠳᠤ ᠪᠠᠶ᠎ᠠ᠂ ᠤᠯᠠᠭᠠᠨᠴᠠᠪ ᠬᠤᠳᠠ ᠵᠢᠨ ᠡᠮᠤᠨ᠎ᠠ ᠪᠠᠶ᠎ᠠ ᠵᠢᠨ ᠬᠡᠰᠡᠭ ᠭᠠᠵᠠᠷ ᠤ᠋ᠨ ᠬᠤᠷ᠎ᠠ ᠲᠤᠨᠳᠠᠰᠤ ᠵᠢᠨ ᠬᠤᠷᠠᠮᠳᠤᠯ ᠤ᠋ᠨ ᠬᠡᠮᠵᠢᠶ᠎ᠠ 100 ᠮᠢᠯᠢᠮᠸᠲ᠋ᠷ ᠢ᠋ ᠲᠠᠪᠠᠨ᠎ᠠ᠃
ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠵᠢᠨ ᠵᠢᠱ᠌ᠢᠯᠳᠡ ᠪᠡᠷ᠂ 7 ᠰᠠᠷ᠎ᠠ ᠵᠢᠨ 23 ᠡᠴᠡ 26 ᠤ᠋ ᠡᠳᠤᠷ ᠪᠤᠯᠳᠠᠯ᠎ᠠ᠂ ᠠᠯᠠᠱᠠ ᠠᠢᠮᠠᠭ ᠤ᠋ᠨ ᠪᠠᠷᠠᠭᠤᠨ ᠡᠮᠤᠨ᠎ᠠ ᠪᠠᠶ᠎ᠠ ᠪᠤᠯᠤᠨ ᠵᠡᠬᠦᠨ ᠪᠠᠶ᠎ᠠ ᠵᠢᠨ ᠬᠡᠰᠡᠭ ᠭᠠᠵᠠᠷ᠂ ᠦᠬᠠᠢ ᠬᠤᠳᠠ᠂ ᠪᠠᠶᠠᠨᠨᠠᠭᠤᠷ ᠬᠤᠳᠠ ᠵᠢᠨ ᠡᠮᠤᠨ᠎ᠠ ᠪᠠᠶ᠎ᠠ᠂ ᠤᠷᠳᠤᠰ ᠬᠤᠳᠠ ᠵᠢᠨ ᠶᠡᠬᠡᠩᠬᠢ ᠭᠠᠵᠠᠷ᠂ ᠪᠤᠭᠤᠳᠤ ᠬᠤᠳᠠ ᠵᠢᠨ ᠶᠡᠬᠡᠩᠬᠢ ᠭᠠᠵᠠᠷ᠂ ᠬᠦᠬᠡᠬᠤᠳᠠ ᠵᠢᠨ ᠲᠤᠮᠳᠠ ᠪᠠᠶ᠎ᠠ ᠪᠠ ᠬᠤᠢᠳᠤ ᠪᠠᠶ᠎ᠠ᠂ ᠤᠯᠠᠭᠠᠨᠴᠠᠪ ᠬᠤᠳᠠ ᠵᠢᠨ ᠶᠡᠬᠡᠩᠬᠢ ᠭᠠᠵᠠᠷ᠂ ᠰᠢᠯᠢ ᠵᠢᠨ ᠭᠤᠤᠯ ᠠᠢᠮᠠᠭ ᠤ᠋ᠨ ᠲᠤᠮᠳᠠ ᠪᠠᠶ᠎ᠠ ᠪᠠ ᠡᠮᠤᠨ᠎ᠠ ᠪᠠᠶ᠎ᠠ᠂ ᠤᠯᠠᠭᠠᠨᠬᠠᠳᠠ ᠬᠤᠳᠠ ᠵᠢᠨ ᠪᠠᠷᠠᠭᠤᠨ ᠪᠠᠶ᠎ᠠ ᠳ᠋ᠤ ᠰᠢᠷᠤᠬᠦᠨ ᠪᠤᠷᠤᠭᠠᠨ ᠤ᠋ ᠴᠠᠭ ᠠᠭᠤᠷ ᠤ᠋ᠨ ᠭᠠᠮᠰᠢᠭ ᠪᠤᠯᠬᠤ ᠲᠦᠭᠰᠢᠬᠦᠷᠢ ᠲᠠᠢ᠃
ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ᠂ ᠡᠨᠡ ᠤᠳᠠᠭ᠎ᠠ ᠨᠠᠯᠢᠶᠠᠳ ᠤᠯᠠᠨ ᠭᠠᠵᠠᠷ ᠲᠦ᠍ ᠦᠷᠬᠦᠯᠵᠢᠯᠡᠨ ᠶᠡᠬᠡ ᠪᠤᠷᠤᠭᠠᠨ ᠪᠤᠶᠤ ᠰᠢᠷᠤᠬᠦᠨ ᠪᠤᠷᠤᠭᠠᠨ ᠤᠷᠤᠵᠤ ᠮᠡᠳᠡᠬᠦ ᠪᠤᠯᠬᠤᠷ ᠭᠤᠤᠯ ᠮᠦᠷᠡᠨ ᠤ᠋ ᠦᠶᠠᠷ᠂ ᠠᠭᠤᠯᠠᠨ ᠦᠶᠡᠷ᠂ ᠬᠤᠳᠠ ᠵᠢᠨ ᠦᠶᠠᠷ ᠤᠰᠤᠳᠤᠯ ᠮᠡᠳᠤ ᠵᠢᠨ ᠡᠬᠦᠰᠦᠮᠡᠯ ᠭᠠᠮᠰᠢᠭ ᠠᠮᠠᠷᠬᠠᠨ ᠡᠬᠦᠰᠴᠦ᠂ ᠭᠠᠮᠰᠢᠭ ᠪᠤᠯᠬᠤ ᠲᠦᠭᠰᠢᠬᠦᠷᠢ ᠲᠠᠢ ᠪᠠᠢᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠢᠨ ᠴᠠᠭᠳᠠᠨ ᠪᠠᠢᠴᠠᠭᠠᠵᠤ ᠠᠶᠤᠯ ᠢ᠋ ᠠᠷᠢᠯᠭᠠᠬᠤ ᠵᠢ ᠴᠢᠩᠭᠠᠳᠬᠠᠨ᠂ ᠰᠢᠷᠤᠬᠦᠨ ᠪᠤᠷᠤᠭᠠᠨ ᠤ᠋ ᠭᠠᠮᠰᠢᠭ ᠢ᠋ ᠰᠡᠷᠬᠡᠢᠯᠡᠬᠦ ᠴᠢᠬᠤᠯᠠᠳᠠᠢ ᠬᠡᠮᠡᠨ ᠰᠠᠨᠠᠭᠤᠯᠵᠤ ᠪᠠᠢᠨ᠎ᠠ᠃