ᠤᠮᠠᠷᠠᠳᠤ ᠬᠢᠯᠢ᠎ᠶᠢᠨ ᠰᠤᠶᠤᠯ᠎ᠤᠨ ᠷᠢᠳᠢ ᠰᠢᠳᠢ᠎ᠶᠢ ᠬᠠᠷᠠᠭᠤᠯᠤᠬ᠍ᠰᠠᠨ ᠴᠤᠬ᠍ᠯᠠᠭᠠᠨ
2025-07-23 10:15:19
ᠵᠣᠬᠢᠶᠠᠭ᠍ᠴᠢ᠄
ᠰᠠᠷᠠᠭᠤᠯᠬᠠᠨ ᠠᠯᠤᠰ
ᠣᠩᠱᠢᠭ᠍ᠰᠠᠨ ᠣᠳᠠᠭ᠎ᠠ᠄
★★★☆☆

2025 ᠣᠨ᠎ᠤ 7 ᠰᠠᠷ᠎ᠠ᠎ᠶᠢᠨ 17᠎ᠤ ᠡᠳᠦᠷ᠎ᠡᠴᠡ 21᠎ᠦ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠦᠵᠡᠰᠬᠦᠯᠡᠩ᠎ᠪᠠ ᠠᠷᠠᠯᠵᠢᠶᠠᠨ᠎ᠤ ᠴᠤᠭᠯᠠᠭᠠᠨ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ ᠎ᠲᠤ  ᠤᠳᠬ᠎ᠠ ᠲᠡᠭᠦᠯᠳᠡᠷ ᠶᠠᠪᠤᠬ᠍ᠳᠠᠯ᠎ᠠ᠃

ᠮᠠᠨ᠎ᠤ ᠦᠪᠦᠷ ᠮᠤᠩᠭᠤᠯ ᠤᠷᠤᠨ ᠨᠢ ᠰᠣᠶᠣᠯ᠎ᠤᠨ ᠤᠯᠠᠮᠵᠢᠯᠠᠯ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠠᠵᠤ ᠦᠢᠯᠡᠰ᠎ᠦᠨ ᠬᠠᠮᠲᠤᠷᠠᠯᠴᠠᠭ᠎ᠠ᠂ ᠬᠡᠷᠡᠭᠯᠡᠭᠡ᠎ᠶᠢ ᠠᠬᠢᠭᠤᠯᠬᠤ᠎ᠶᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠴᠢᠨᠠᠷᠲᠠᠢ ᠰᠣᠶᠣᠯ᠎ᠤᠨ ᠦᠪᠡᠳᠡᠭᠰᠢ ᠴᠤᠭᠯᠠᠭᠠᠨ᠎ᠢ ᠪᠥᠬᠥ ᠬᠦᠴᠦᠨ᠎ᠢᠶᠡᠷ᠎ᠢᠶᠡᠨ ᠬᠢᠵᠦ᠂ ᠪᠦᠬᠦ ᠣᠷᠣᠨ᠎ᠤ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠣᠷᠣᠨ ᠪᠦᠰᠡ᠎ᠶᠢᠨ ᠰᠣᠯᠢᠯᠴᠠᠭ᠎ᠠ ᠪᠣᠯᠣᠨ ᠠᠵᠤ ᠦᠢᠯᠡᠰ᠎ᠦᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠪᠦᠬᠦ ᠬᠦᠴᠦᠨ᠎ᠢᠶᠡᠷ᠎ᠢᠶᠡᠨ ᠴᠤᠬ᠍ᠴᠠᠯᠠᠪᠠ᠃

ᠲᠣᠰ ᠤᠳᠠᠭᠠᠨ᠎ᠤ ᠦᠵᠡᠰᠬᠦᠯᠡᠩ ᠨᠢ ᠤᠮᠠᠷᠠᠲᠤ ᠬᠢᠯᠢ᠎ᠶᠢᠨ ᠰᠣᠶᠣᠯ᠎ᠤᠨ ᠣᠨᠴᠠᠯᠢᠭ᠋᠎ᠢ ᠳᠤᠪᠤᠢ᠍ᠢᠯᠭᠠᠵᠤ᠂ ᠰᠣᠶᠣᠯ᠎ᠤᠨ ᠢᠲᠡᠭᠡᠯ᠎ᠢᠶᠡᠨ ᠪᠠᠳᠤᠳᠬᠠᠬ᠍ᠰᠠᠨ᠎ᠢᠶᠠᠷ ᠪᠠᠷᠠᠬᠤ ᠦᠬᠡᠢ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠴᠢᠳᠠᠪᠤᠷᠢ᠎ᠶᠢ ᠳᠣᠪᠣᠶ᠋ᠢᠯᠭᠠᠵᠤ᠂ ᠵᠣᠬᠢᠶᠠᠮᠠᠯ ᠤᠶᠤᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠢᠶᠠᠷ ᠤᠯᠠᠨ᠎ᠤ ᠠᠩᠬᠠᠷᠤᠯ᠎ᠢ ᠲᠠᠳᠠᠵᠤ᠂ ᠤᠯᠠᠨ ᠤᠯᠤᠰ᠎ᠤᠨ ᠣᠨᠴᠠᠯᠢᠭ᠋᠎ᠢ ᠲᠤᠪᠤᠢ᠍ᠢᠯᠭᠠᠵᠤ᠂ ᠪᠣᠯᠪᠠᠰᠤᠨ᠎ᠤ ᠰᠣᠯᠢᠯᠴᠠᠭ᠎ᠠ ᠲᠣᠯᠢᠯᠠᠯᠲᠠ᠎ᠶᠢ ᠠᠬᠢᠭᠤᠯᠵᠤ ᠴᠢᠳᠠᠬ᠍ᠰᠠᠨ ᠪᠦᠭᠡᠳ ᠬᠡᠷᠡᠭᠯᠡᠭᠡ᠎ᠪᠡᠷ ᠬᠥᠲᠥᠯᠥᠨ ᠳᠠᠭᠠᠭᠤᠯᠬᠤ᠎ᠶᠢ ᠳᠣᠪᠣᠶ᠋ᠢᠯᠭᠠᠵᠤ᠂ ᠦᠵᠡᠮᠦᠷᠢ᠎ᠲᠠᠢ᠂ ᠬᠤᠳᠠᠯᠳᠤᠨ ᠠᠪᠤᠯᠲᠠ᠎ᠲᠠᠢ᠂ ᠨᠠᠭᠠᠳᠤᠮ  ᠴᠡᠩᠭᠡᠭᠦᠨ ᠎ᠲᠠᠢ ᠦᠪᠡᠳᠡᠭᠰᠢ ᠴᠤᠬ᠍ᠯᠠᠭᠠᠨ᠎ᠢ  ᠡᠷᠭᠢᠯᠡᠭᠰᠡᠨ ᠪᠠᠢᠭ᠎ᠠ ᠶᠤᠮ᠃


QQ20250723-101250.png


  ᠲᠤᠬᠯᠠᠯᠳᠠ ᠭᠠᠷᠭᠠᠨ᠎ᠠ 


QQ20250723-101306.png

 

 ᠮᠠᠰᠢᠨ ᠨᠤᠬᠠᠢ 


QQ20250723-101320.png


  ᠨᠤᠮ ᠰᠤᠨᠭᠭᠤᠨ᠎ᠠ 


QQ20250723-101419.png

 

 ᠪᠠᠶᠠᠰᠤᠯᠳᠤ ᠬᠤᠷᠤᠮ


QQ20250723-101427.png

  

ᠬᠠᠢᠴᠢᠯᠠᠵᠤ ᠰᠤᠷᠤᠨ᠎ᠠ 


QQ20250723-101439.png

  

ᠳᠡᠪᠡᠷᠢᠵᠤ ᠰᠠᠨᠠᠯ᠎ᠠ


QQ20250723-101446.png

 

ᠳᠠᠮᠠᠭ᠎ᠠ ᠳᠠᠷᠤᠨ᠎ᠠ


QQ20250723-101458.png


  ᠤᠷᠤᠯᠳᠤᠵᠤ ᠰᠤᠨᠢᠷᠬᠠᠯ᠎ᠠ


(ᠭᠡᠷᠡᠯ  ᠵᠢᠷᠤᠭ᠎ᠤᠳ᠎ᠢ ᠲᠤᠰ ᠰᠤᠨᠢᠨ ᠎ᠤ ᠰᠤᠷᠪᠤᠯᠵᠢᠯᠠᠬᠴᠢ ᠴᠤᠪᠤᠭᠣ᠌ ᠰᠡᠬᠥᠳᠡᠷᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号