ᠶᠢᠰᠦᠳᠦᠭᠡᠷ ᠬᠤᠭᠤᠴᠠᠭᠠᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠠᠵᠤ ᠦᠶ᠋ᠯᠡᠰ ᠤ᠋ᠨ ᠦᠵᠡᠰᠭᠦᠯᠡᠩ᠎ᠪᠠ ᠠᠷᠠᠯᠵᠢᠶᠠᠨ ᠤ᠋ ᠴᠤᠭ᠍ᠯᠠᠭᠠᠨ ᠦᠨᠳᠦᠷᠯᠡᠪᠠ
2025-07-23 09:57:36
ᠵᠣᠬᠢᠶᠠᠭ᠍ᠴᠢ᠄
ᠬᠦᠭᠵᠢᠯᠳᠦ᠂ ᠴᠤᠪᠤᠭᠤ
ᠣᠩᠱᠢᠭ᠍ᠰᠠᠨ ᠣᠳᠠᠭ᠎ᠠ᠄
★★★☆☆

7 ᠰᠠᠷ᠎ᠠ ᠶ᠋ᠢᠨ 21 ᠤ᠋ ᠡᠳᠦᠷ᠂ ᠶᠢᠰᠦᠳᠦᠭᠡᠷ ᠬᠤᠭᠤᠴᠠᠭᠠᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠠᠵᠤ ᠦᠶ᠋ᠯᠡᠰ ᠤ᠋ᠨ ᠦᠵᠡᠰᠭᠦᠯᠡᠩ᠎ᠪᠠ ᠠᠷᠠᠯᠵᠢᠶᠠᠨ ᠤ᠋ ᠴᠤᠭ᠍ᠯᠠᠭᠠᠨ ᠲᠡᠭᠦᠰ ᠠᠮᠵᠢᠯᠲᠠ ᠲᠠᠶ ᠥᠨᠳᠥᠷᠯᠡᠵᠤ᠂ ᠦᠵᠡᠰᠭᠦᠯᠡᠩ ᠤ᠋ᠨ ᠴᠤᠭ᠍ᠯᠠᠭᠠᠨ ᠤ᠋ ᠬᠤᠭᠤᠴᠠᠭᠠᠨ ᠳ᠋ᠦ ᠲᠣᠭᠣᠷᠢᠨ ᠦᠵᠡᠭᠰᠡᠳ ᠪᠤᠶᠤ ᠬᠠᠮᠢᠶ᠎ᠠ ᠪᠥᠬᠥᠶ ᠠᠵᠢᠯᠯᠠᠭ᠎ᠠ ᠳ᠋ᠦ ᠣᠷᠣᠯᠴᠠᠭ᠍ᠰᠠᠳ 20 ᠲᠦᠮᠡᠨ ᠬᠦᠮᠦᠨ ᠤᠳᠠᠭ᠎ᠠ ᠳ᠋ᠦ ᠬᠦᠷᠴᠦ᠍᠂ ᠲᠤᠬᠠᠶ ᠶ᠋ᠢᠨ ᠲᠠᠯᠠᠪᠠᠶ ᠳ᠋ᠦ ᠪᠠᠷᠤᠭ 2300 ᠲᠦᠮᠡᠨ ᠲᠥᠭᠥᠷᠢᠭ ᠤ᠋ᠨ ᠠᠷᠠᠯᠵᠢᠶ᠎ᠠ ᠪᠦᠲᠦᠵᠡᠶ᠃

ᠤᠮᠠᠷᠠᠳᠦ ᠬᠢᠯᠢ᠎ᠶᠢᠨ ᠰᠤᠶᠤᠯ ᠤ᠋ᠨ ᠤᠨᠴᠠᠯᠢᠭ ᠨᠦᠯᠦᠬᠡ᠎ᠵᠢ ᠦᠷᠭᠡᠳᠬᠡᠨ ᠲᠤᠪᠤᠢᠯᠭᠠᠬᠤ ᠬᠢᠭᠡᠳ ᠵᠣᠬᠢᠶᠠᠮᠠᠯ ᠤᠶᠤᠨ ᠴᠢᠳᠠᠪᠤᠷᠢ ᠪᠡᠷ ᠰᠣᠶᠣᠯ ᠤ᠋ᠨ ᠠᠵᠤ ᠦᠶ᠋ᠯᠡᠰ ᠢ᠋ ᠳᠠᠬᠢᠨ ᠴᠣᠭ᠍ᠴᠠᠯᠠᠬᠤ ᠪᠣᠯ ᠲᠣᠰ ᠬᠤᠭᠤᠴᠠᠭ᠎ᠠ ᠵᠢᠨ ᠴᠤᠭ᠍ᠯᠠᠭᠠᠨ ᠤ᠋ ᠦᠪᠡᠷᠮᠢᠴᠡ ᠤᠨᠴᠠᠯᠢᠭ ᠪᠤᠯᠤᠨ᠎ᠠ᠃ ᠴᠤᠭ᠍ᠯᠠᠭᠠᠨ ᠳ᠋ᠦ 20 ᠭᠠᠷᠤᠶ ᠤᠯᠤᠰ ᠪᠠ ᠭᠠᠵᠠᠷ ᠣᠷᠣᠨ᠂ ᠪᠥᠬᠥ᠌ ᠤᠯᠤᠰ ᠤ᠋ᠨ 25 ᠮᠤᠵᠢ ᠣᠷᠣᠨ ᠬᠣᠲᠠ ᠶ᠋ᠢᠨ 500 ᠭᠠᠷᠤᠶ ᠠᠵᠤ ᠠᠬᠤᠢᠯᠠᠯ ᠦᠵᠡᠭᠦᠯᠭᠡ ᠳ᠋ᠦ ᠣᠷᠣᠯᠴᠠᠵᠤ᠂ ᠠᠩᠬ᠎ᠠ ᠤᠳᠠᠭ᠎ᠠ ᠦᠵᠡᠭᠦᠯᠭᠡ ᠳ᠋ᠦ ᠣᠷᠣᠯᠴᠠᠭ᠍ᠰᠠᠨ ᠠᠵᠤ ᠠᠬᠤᠢᠯᠠᠯ ᠤ᠋ᠨ ᠡᠵᠡᠯᠡᠬᠦ᠌ ᠬᠠᠷᠢᠴᠠᠯ ᠨᠢ 47% ᠶ᠋ᠢ ᠳᠠᠪᠠᠨ᠂ ᠰᠣᠶᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠥᠷᠥᠯ ᠤ᠋ᠨ ᠠᠵᠤ ᠠᠬᠤᠢᠯᠠᠯ ᠤ᠋ᠨ ᠡᠵᠡᠯᠡᠬᠦ᠌ ᠬᠠᠷᠢᠴᠠᠯ ᠨᠢ ᠥᠩᠭᠡᠷᠡᠭ᠌ᠰᠡᠨ ᠡᠯ᠎ᠡ ᠬᠤᠭᠤᠴᠠᠭᠠᠨ ᠤ᠋ ᠬᠢ ᠡᠴᠡ ᠪᠦᠷ ᠳᠠᠪᠠᠵᠦ᠂ AI᠂ VR᠂ ᠵᠣᠬᠢᠶᠠᠮᠠᠯ ᠣᠶᠤᠨ ᠴᠢᠳᠠᠪᠤᠷᠢ᠂ ᠡᠰᠢ ᠤᠷᠴᠢᠯᠠᠩ ᠵᠡᠷᠭᠡ ᠬᠣᠱᠢᠭᠤᠷᠠᠯ ᠬᠦᠷᠢᠶ᠎ᠡ ᠶ᠋ᠢ ᠬᠠᠮᠤᠷᠴᠤ᠌᠂ ᠲᠤᠭᠠᠴᠢᠯᠠᠯᠳᠠ᠎ᠶᠢᠨ ᠬᠠᠷᠢᠴᠠᠯ ᠤᠯᠠᠮ᠎ᠨᠡᠮᠡᠭᠳᠡᠵᠡᠢ᠃ ᠲᠣᠰ ᠬᠤᠭᠤᠴᠠᠭᠠᠨ ᠤ᠋ ᠦᠵᠡᠰᠭᠦᠯᠡᠩ᠎ᠪᠠ ᠠᠷᠠᠯᠵᠢᠶᠠᠨ ᠤ᠋ ᠴᠤᠭ᠍ᠯᠠᠭᠠᠨ ᠳ᠋ᠤ IP ᠪᠦᠲᠦᠭᠡᠯᠴᠢ ᠲᠥᠰᠦᠪᠯᠡᠯ ᠤ᠋ᠨ ᠤᠷᠤᠯᠳᠤᠭᠠᠨ᠂ 《ᠤᠮᠠᠷᠠᠲᠤ ᠬᠢᠯᠢ ᠶ᠋ᠢᠨ ᠰᠣᠶᠣᠯ ᠤ᠋ᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ》 ᠤ᠋ ᠱᠢᠨ᠎ᠡ᠎ᠶ᠋ᠢ ᠡᠭᠦᠳᠬᠦ᠌ ᠬᠥᠭ᠌ᠵᠢᠯᠲᠡ ᠶ᠋ᠢᠨ ᠰᠤᠳᠤᠯᠤᠨ ᠶᠠᠷᠢᠯᠴᠠᠬᠤ ᠬᠤᠷᠠᠯ ᠵᠡᠷᠭᠡ 3 ᠭᠤᠤᠯ ᠰᠡᠳᠦᠪᠲᠦ ᠠᠵᠢᠯᠯᠠᠭ᠎ᠠ ᠦᠷᠨᠢᠬᠦᠯᠵᠤ᠂ 2025·ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠤ᠋ᠨ 10 ᠬᠦᠴᠦᠷᠭᠡᠭ ᠠᠵᠤ ᠠᠬᠤᠢᠯᠠᠯ ᠪᠤᠯᠤᠨ 2025·ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠦᠭᠵᠢᠯᠳᠡ ᠵᠢᠨ ᠲᠠᠯᠳᠠ ᠬᠦᠴᠦᠨ ᠲᠠᠢ ᠰᠤᠶᠤᠯ ᠤ᠋ᠨ 38 ᠠᠵᠤ ᠠᠬᠤᠢᠯᠠᠯ ᠢ᠋ ᠨᠡᠢᠲᠡᠯᠡᠵᠦ᠂ ᠪᠠᠰᠠ ᠱᠢᠯᠢᠳᠡᠭ ᠦᠵᠡᠭᠦᠯᠭᠡ ᠶ᠋ᠢᠨ ᠲᠠᠢᠰᠠᠨ ᠤ᠋ ᠵᠢᠷᠤᠭ ᠲᠥᠯᠥᠪᠯᠡᠭᠡ ᠶ᠋ᠢᠨ ᠱᠠᠩᠨᠠᠯ᠂ ᠱᠢᠯᠢᠳᠡᠭ ᠦᠵᠡᠭᠦᠯᠭᠡ ᠵᠢᠨ ᠬᠠᠷᠢᠯᠴᠠᠨ ᠦᠶ᠋ᠯᠡᠳᠦᠯᠴᠡᠯ ᠤ᠋ᠨ ᠱᠠᠩᠨᠠᠯ᠂ ᠰᠢᠯᠢᠳᠡᠭ ᠵᠤᠬᠢᠶᠠᠨ ᠪᠠᠢᠭᠤᠯᠤᠯᠳᠠ᠎ᠶᠢᠨ ᠱᠠᠩᠨᠠᠯ ᠵᠡᠷᠭᠡ 5 ᠲᠦᠷᠦᠯ ᠤ᠋ᠨ ᠱᠠᠩᠨᠠᠯ ᠢ᠋ ᠰᠢᠯᠭᠠᠷᠠᠭᠤᠯᠤᠨ ᠭᠠᠷᠭᠠᠪᠠ᠃

ᠲᠣᠰ ᠬᠤᠭᠤᠴᠠᠭᠠᠨ ᠤ᠋ ᠦᠵᠡᠰᠭᠦᠯᠡᠩ᠎ᠪᠠ ᠠᠷᠠᠯᠵᠢᠶᠠᠨ ᠤ᠋ ᠴᠤᠭ᠍ᠯᠠᠭᠠᠨ ᠨᠢ 《ᠡᠬᠦᠳᠦᠯᠳᠡ ᠰᠢᠨᠡᠴᠢᠯᠡᠯᠳᠡ ᠶ᠋ᠢᠨ ᠤᠮᠠᠷᠠᠲᠤ ᠬᠢᠯᠢ ᠤᠶᠤᠨᠴᠢ ᠮᠡᠷᠭᠡᠵᠢᠯ ᠤ᠋ᠨ ᠦᠵᠡᠰᠭᠦᠯᠡᠩ᠎ᠴᠤᠭᠯᠠᠭᠠᠨ》 ᠢ᠋ᠶ᠋ᠡᠷ ᠭᠤᠤᠯ ᠰᠡᠳᠦᠪ ᠪᠣᠯᠭᠠᠨ᠂ ᠤᠮᠠᠷᠠᠲᠤ ᠬᠢᠯᠢ ᠶ᠋ᠢᠨ ᠰᠣᠶᠣᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ᠂ ᠰᠣᠶᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ᠂ ᠤᠶᠤᠨᠲᠤ ᠵᠢᠭᠤᠯᠴᠢᠯᠠᠯ ᠤ᠋ᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ᠂ ᠰᠣᠶᠣᠯ ᠤ᠋ᠨ ᠦᠵᠡᠰᠭᠦᠯᠡᠩ ᠰᠣᠶᠣᠯ ᠤ᠋ᠨ ᠡᠭᠦᠳᠦᠯᠲᠡ ᠶ᠋ᠢᠨ ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠵᠡᠷᠭᠡ 9 ᠦᠵᠡᠭᠦᠯᠭᠡ ᠶ᠋ᠢᠨ ᠲᠣᠭᠣᠷᠢᠭ ᠲᠣᠬᠢᠷᠠᠭᠤᠯᠵᠤ᠂ ᠶᠡᠷᠦᠩᠬᠡᠶ ᠦᠵᠡᠭᠦᠯᠭᠡ ᠶ᠋ᠢᠨ ᠲᠠᠯᠠᠪᠠᠶ ᠨᠢ 2 ᠲᠦᠮᠡᠨ ᠲᠡᠭ᠌ᠰᠢ ᠳᠥᠷᠪᠡᠯᠵᠢᠨ ᠮᠧᠲ᠋ᠷ ᠬᠦᠷᠴᠦ᠂ ᠥᠪᠡᠷᠲᠡᠭᠡᠨ ᠵᠠᠰᠠᠬᠤ ᠣᠷᠣᠨ ᠤ᠋ 12 ᠠᠢᠮᠠᠭ ᠬᠣᠲᠠ᠂ ᠣᠷᠣᠨ ᠤ᠋ ᠰᠢᠭᠤᠳ ᠬᠠᠷᠢᠶ᠎ᠠ 5 ᠰᠣᠶᠣᠯ ᠤ᠋ᠨ ᠠᠵᠤ ᠠᠬᠤᠢᠯᠠᠯ ᠵᠢᠴᠢ ᠥᠪᠡᠷᠲᠡᠭᠡᠨ ᠵᠠᠰᠠᠬᠤ ᠣᠷᠣᠨ ᠤ᠋ 2 ᠪᠠᠢᠭᠤᠯᠭ᠎ᠠ ᠨᠢᠭᠡᠴᠢ ᠡᠴᠡ ᠪᠦᠯᠬᠦᠮ ᠪᠠᠢᠭᠤᠯᠤᠨ ᠤᠷᠤᠯᠴᠠᠵᠤ᠂ ᠤᠨᠴᠠᠯᠢᠬ᠍ᠳᠤ ᠪᠣᠳᠠᠰ ᠤ᠋ᠨ ᠪᠤᠰᠤ ᠰᠣᠶᠣᠯ ᠤ᠋ᠨ ᠥᠪ᠂ ᠤᠷᠤᠰᠭᠠᠯ ᠳᠠᠭᠠᠭ᠍ᠰᠠᠨ ᠰᠣᠶᠣᠯ ᠤ᠋ᠨ ᠡᠭᠦᠳᠦᠯᠲᠡ ᠵᠢᠨ ᠪᠦᠳᠦᠭᠡᠭᠳᠡᠬᠦᠨ᠂ ᠰᠣᠶᠣᠯ ᠵᠢᠭᠤᠯᠴᠢᠯᠠᠯ ᠤ᠋ᠨ ᠠᠭᠤᠰᠤᠯᠴᠠᠯ᠂ ᠲᠣᠭᠠᠴᠢᠯᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠲᠦᠮᠡ ᠭᠠᠷᠤᠶ ᠵᠦᠶ᠋ᠯ ᠤ᠋ᠨ ᠰᠣᠶᠣᠯ ᠤ᠋ᠨ ᠪᠦᠲᠦᠭᠡᠭ᠌ᠳᠡᠬᠦᠨ ᠢ᠋ ᠲᠥᠪᠯᠡᠷᠡᠭᠦᠯᠦᠨ ᠳᠡᠯᠭᠡᠨ ᠦᠵᠡᠭᠦᠯᠵᠦ᠍᠂ ᠥᠪᠥᠷ ᠮᠣᠩᠭᠣᠯ ᠤ᠋ᠨ ᠭᠦᠨ ᠵᠤᠵᠠᠭᠠᠨ ᠰᠣᠶᠣᠯ ᠤ᠋ᠨ ᠠᠭᠤᠯᠤᠭ᠍ᠳᠠᠬᠤᠨ ᠪᠠ ᠰᠣᠶᠣᠯ ᠤ᠋ᠨ ᠬᠥᠭ᠌ᠵᠢᠯᠲᠡ ᠶ᠋ᠢᠨ ᠦᠷ᠎ᠡ ᠪᠦᠲᠦᠭᠡᠯ ᠢ᠋ ᠪᠥᠬᠥ᠌ ᠲᠠᠯ᠎ᠠ ᠪᠠᠷ ᠢᠯᠡᠷᠡᠭᠦᠯᠵᠦ᠍᠂ ᠤᠮᠠᠷᠠᠲᠤ ᠬᠢᠯᠢ ᠶ᠋ᠢᠨ ᠰᠣᠶᠣᠯ ᠤ᠋ᠨ ᠲᠥᠷᠥᠯ ᠲᠡᠮᠳᠡᠭ᠌ ᠤ᠋ᠨ ᠨᠥᠯᠥᠭᠡᠯᠡᠬᠦ᠌ ᠬᠦᠴᠦᠨ᠂ ᠤᠯᠠᠮᠵᠢᠯᠠᠨ ᠳᠡᠯᠭᠡᠷᠡᠭᠦᠯᠬᠦ᠌ ᠬᠦᠴᠦᠨ ᠢ᠋ ᠳᠡᠭᠡᠭ᠌ᠰᠢᠯᠡᠭᠦᠯᠦᠨ᠂ ᠥᠪᠥᠷ ᠮᠣᠩᠭᠣᠯ ᠤ᠋ᠨ ᠰᠣᠶᠣᠯ ᠤ᠋ᠨ ᠠᠵᠤ ᠦᠶ᠋ᠯᠡᠰ ᠤ᠋ᠨ ᠴᠣ ᠱᠢᠨ᠎ᠡ ᠳᠦᠷᠰᠦ ᠪᠠᠢᠳᠠᠯ ᠢ᠋ ᠢᠯᠡᠷᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号