ᠪᠥᠬᠥ᠌ ᠣᠷᠣᠨ᠎ᠤ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠠᠵᠢᠯ᠎ᠤᠨ ᠲᠣᠬᠢᠷᠠᠭᠤᠯᠤᠯᠲᠠ᠎ᠶ᠋ᠢᠨ ᠬᠤᠷᠠᠯ ᠡᠴᠡ ᠱᠠᠭᠠᠷᠳᠠᠭᠰᠠᠨ ᠨᠢ ᠦᠶᠡᠷ᠎ᠢ ᠰᠡᠷᠭᠡᠢᠯᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ ᠦᠶᠡᠷ᠎ᠦᠨ ᠬᠤᠭᠤᠴᠠᠭ᠎ᠠ᠎ᠶ᠋ᠢ ᠠᠮᠤᠷ ᠲᠦᠪᠱᠢᠨ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ
2025-07-24 10:12:48
ᠵᠣᠬᠢᠶᠠᠭ᠍ᠴᠢ᠄
ᠱᠤᠸᠠᠢ ᠵᠧᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 7 ᠰᠠᠷ᠎ᠠ᠎ᠶ᠋ᠢᠨ 23 ᠤ᠋ ᠡᠳᠦᠷ ᠬᠤᠷᠠᠯᠳᠤᠭ᠍ᠰᠠᠨ ᠪᠦᠬᠦ᠌ ᠣᠷᠣᠨ᠎ᠤ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠠᠵᠢᠯ᠎ᠤᠨ ᠲᠤᠬᠢᠷᠠᠭᠤᠯᠤᠯᠳᠠ᠎ᠶ᠋ᠢᠨ ᠬᠤᠷᠠᠯ ᠡᠴᠡ ᠤᠢ᠍ᠢᠯᠠᠭᠠᠭ᠍ᠰᠠᠠ᠎ᠢᠶᠡᠷ᠂ 7 ᠰᠠᠷ᠎ᠠ᠎ᠶ᠋ᠢᠨ 23 ᠡᠴᠡ 26 ᠎ᠤ᠋ ᠡᠳᠦᠷ ᠪᠣᠯᠲᠠᠯ᠎ᠠ ᠮᠠᠨ᠎ᠤ ᠣᠷᠣᠨ᠎ᠤ ᠶᠡᠬᠡᠩᠬᠢ ᠭᠠᠵᠠᠷ᠎ᠲᠤ ᠮᠡᠳᠡᠭ᠌ᠳᠡᠮ᠎ᠡ ᠪᠣᠷᠣᠭᠠᠨ ᠣᠷᠣᠨ᠎ᠠ᠂ ᠴᠠᠭ ᠠᠭᠤᠷ᠎ᠤᠨ ᠰᠠᠯᠠᠭ᠎ᠠ ᠮᠥᠴᠢᠷ᠎ᠦᠨ ᠤᠷᠢᠳᠴᠢᠯᠠᠭ᠍ᠰᠠᠨ ᠮᠡᠳᠡᠭᠡ᠎ᠶ᠋ᠢ ᠦᠨᠳᠦᠰᠦᠯᠡᠪᠡᠯ᠂ ᠡᠮᠦᠨ᠎ᠠ ᠪᠡᠶ᠎ᠠ ᠵᠢᠨ ᠭᠠᠵᠠᠷ ᠣᠷᠣᠨ᠎ᠳᠤ ᠠᠭᠠᠳᠠᠷ ᠪᠣᠷᠣᠭᠠᠨ᠂ ᠳᠤᠭᠰᠢᠨ ᠠᠭᠠᠳᠠᠷ ᠪᠣᠷᠣᠭᠠᠨ ᠣᠷᠣᠵᠤ᠂ ᠬᠡᠰᠡᠭ ᠭᠠᠵᠠᠷ ᠣᠷᠣᠨ ᠡᠮᠦᠨᠡᠬᠢ ᠬᠤᠭᠤᠴᠠᠭᠠᠨ᠎ᠤ ᠪᠣᠷᠣᠭᠠᠨ ᠣᠷᠣᠭᠰᠠᠨ ᠣᠷᠣᠨ᠎ᠲᠠᠶ ᠳᠠᠪᠬᠤᠴᠠᠵᠤ᠂ ᠳᠤᠮᠳᠠ ᠪᠠᠭ᠎ᠠ ᠭᠣᠣᠯ ᠮᠥᠷᠡᠨ᠎ᠦ ᠦᠶᠡᠷ᠂ ᠠᠭᠤᠯᠠᠨ ᠦᠶᠡᠷ᠂ ᠭᠠᠵᠠᠷ᠎ᠤᠨ ᠭᠠᠮᠱᠢᠭ᠂ ᠲᠠᠷᠢᠶᠠᠨ ᠭᠠᠵᠠᠷ᠎ᠤᠨ ᠤᠰᠤᠲᠤᠯ᠂ ᠬᠤᠳᠠ᠎ᠶᠢᠨ ᠤᠰᠤᠲᠤᠯ ᠡᠭᠦᠰᠬᠦ ᠠᠶᠤᠯ ᠲᠦᠭ᠌ᠰᠢᠭᠦᠷᠢ ᠶᠡᠬᠡ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠠᠵᠢᠯ᠎ᠤᠨ ᠵᠢᠯᠣᠭᠣᠳᠭᠤ ᠭᠠᠵᠠᠷ ᠡᠴᠡ᠂ ᠣᠳᠣᠬᠠᠨ᠎ᠳᠤ ᠶᠠᠭ《7 ᠰᠠᠷ᠎ᠠ᠎ᠶ᠋ᠢᠨ ᠰᠡᠭᠦᠯᠴᠢ 8 ᠰᠠᠷ᠎ᠠ᠎ᠶ᠋ᠢᠨ ᠡᠬᠢᠨ》ᠤ᠋ ᠦᠶᠡᠷ᠎ᠢ ᠰᠡᠷᠭᠡᠢᠯᠡᠬᠦ᠌ ᠬᠠᠮᠤᠭ᠎ᠤᠨ ᠴᠢᠬᠤᠯᠠ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ 《ᠰᠡᠷᠭᠡᠢᠯᠡᠬᠦ᠌》 ᠳ᠋ᠤ ᠰᠠᠭᠤᠷᠢᠯᠠᠵᠤ᠂ 《ᠡᠷᠲᠡ》 ᠶ᠋ᠢ ᠳᠣᠪᠣᠢᠯᠭᠠᠨ᠂ 《ᠪᠣᠳᠠᠲᠠᠢᠵᠢᠭᠤᠯᠬᠤ》 ᠪᠠᠷ ᠬᠦᠴᠦᠯᠡᠵᠦ᠍᠂ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ᠎ᠪᠠᠷ ᠲᠡᠷᠢᠭᠦᠨ ᠴᠢᠬᠤᠯᠠ ᠡᠭᠦᠷᠭᠡ ᠪᠣᠯᠭᠠᠨ᠂ ᠬᠥᠮᠦᠨ᠎ᠦ ᠬᠦᠴᠦᠨ ᠪᠣᠳᠠᠰ᠎ᠤᠨ ᠬᠦᠴᠦᠨ ᠡᠳ᠋᠎ᠦᠨ ᠬᠦᠴᠦᠨ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠲᠣᠬᠢᠷᠠᠭᠤᠯᠵᠤ᠂ ᠦᠶᠡᠷ᠎ᠢ ᠰᠡᠷᠭᠡᠢᠯᠡᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠰᠠᠢᠲᠤᠷ ᠠᠳᠭᠤᠵᠤ᠂ ᠦᠶᠡᠷ᠎ᠦᠨ ᠬᠤᠭᠤᠴᠠᠭ᠎ᠠ᠎ᠶ᠋ᠢ ᠠᠮᠤᠷ ᠲᠦᠪᠱᠢᠨ᠎ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃

ᠬᠤᠷᠠᠯ᠎ᠡᠴᠡ᠂ ᠡᠯ᠎ᠡ ᠱᠠᠲᠤᠨ᠎ᠤ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠵᠢᠯᠣᠭᠣᠳᠭᠤ ᠭᠠᠵᠠᠷ᠎ᠤᠨ ᠶᠡᠷᠦᠩᠬᠡᠶ ᠵᠢᠯᠣᠭᠣᠳᠣᠭ᠍ᠴᠢ《ᠨᠢᠭᠡᠳᠦᠭᠡᠷ ᠬᠠᠷᠢᠭᠤᠴᠠᠯᠭᠠᠲᠠᠨ》᠎ᠤ᠋ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠡᠮᠦᠨ᠎ᠡ ᠹᠷᠣᠨᠲ᠎ᠲᠤ ᠭᠦᠨᠵᠡᠭᠡᠢᠷᠡᠨ᠂ ᠡᠮᠦᠨ᠎ᠡ ᠨᠢ ᠭᠠᠪᠰᠢᠭᠠᠢᠯᠠᠨ ᠵᠢᠯᠣᠭᠣᠳᠴᠤ᠌᠂ ᠭᠣᠭ᠍ᠴᠣᠭ᠎ᠠ ᠪᠦᠷᠢ᠂ ᠬᠡᠯᠬᠢᠶ᠎ᠡ ᠪᠦᠷᠢ᠎ᠶ᠋ᠢᠨ ᠠᠵᠢᠯ᠎ᠢ ᠠᠳᠭᠤᠬᠤ ᠬᠥᠮᠦᠨ᠎ᠲᠡᠶ᠂ ᠬᠠᠮᠢᠶᠠᠷᠬᠤ ᠬᠥᠮᠦᠨ᠎ᠲᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠴᠠᠭ ᠠᠭᠤᠷ᠂ ᠪᠠᠴᠢᠮ ᠪᠠᠢᠳᠠᠯ᠎ᠢ ᠠᠷᠭᠠᠴᠠᠭᠠᠬᠤ᠂ ᠤᠰᠤᠨ ᠠᠱᠢᠭ᠍ᠯᠠᠯᠲᠠ ᠵᠡᠷᠭᠡ ᠰᠠᠯᠠᠭ᠎ᠠ ᠮᠥᠴᠢᠷ ᠬᠢᠨᠠᠨ ᠬᠡᠮᠵᠢᠬᠦ᠌ ᠳᠠᠪᠲᠠᠮᠵᠢ ᠤᠳᠠᠭ᠎ᠠ᠎ᠶ᠋ᠢ ᠨᠢᠭ᠍ᠲᠠᠷᠠᠭᠤᠯᠤᠨ᠂ ᠦᠷᠭᠦᠯᠵᠢᠯᠡᠨ ᠵᠥᠪᠳᠡᠯᠴᠡᠵᠦ᠍ ᠰᠤᠳᠤᠯᠤᠨ ᠮᠠᠭᠠᠳᠯᠠᠵᠤ᠂ ᠱᠢᠷᠦᠭᠦᠨ ᠪᠣᠷᠣᠭᠠᠨ ᠤᠷᠤᠬᠤ ᠭᠠᠵᠠᠷ ᠣᠷᠣᠨ᠂ ᠬᠦᠴᠦᠯᠡᠴᠡ᠂ ᠴᠠᠭ ᠬᠤᠭᠤᠴᠠᠭ᠎ᠠ ᠵᠢᠴᠢ ᠡᠭᠦᠰᠦᠮᠡᠯ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠨᠠᠷᠢᠯᠢᠭ ᠣᠨᠣᠪᠴᠢᠲᠠᠶ ᠤᠷᠢᠳᠴᠢᠯᠠᠨ ᠮᠡᠳᠡᠭᠡᠯᠡᠵᠦ᠍᠂ ᠡᠯ᠎ᠡ ᠵᠦᠶ᠋ᠯ᠎ᠦᠨ ᠪᠠᠭ᠎ᠠ ᠲᠣᠬᠢᠶᠠᠯᠳᠤᠮᠵᠢ ᠲᠠᠢ᠂ ᠬᠡᠪ᠎ᠦᠨ ᠪᠠᠢᠳᠠᠯ ᠡᠴᠡ ᠳᠠᠪᠠᠭ᠍ᠰᠠᠨ ᠪᠠᠢᠳᠠᠯ᠎ᠢ ᠭᠦᠶ᠋ᠴᠡᠳ ᠪᠣᠳᠣᠯᠬᠢᠯᠠᠨ᠂ ᠠᠭᠠᠳᠠᠷ ᠪᠣᠷᠣᠭᠠᠨ᠂ ᠦᠶᠡᠷ᠂ ᠬᠣᠲᠠ᠎ᠶ᠋ᠢᠨ ᠤᠰᠤᠲᠤᠯ ᠵᠡᠷᠭᠡ᠎ᠶ᠋ᠢ ᠲᠥᠰᠦᠭᠡᠯᠡᠵᠦ᠍ ᠰᠡᠷᠡᠮᠵᠢᠯᠡᠭᠦᠯᠬᠦ᠌ ᠠᠵᠢᠯ᠎ᠢ ᠰᠠᠢᠲᠤᠷ ᠬᠢᠵᠦ᠍᠂ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠲᠡᠷᠡ ᠳᠠᠷᠤᠶ᠎ᠳᠤᠨᠢ ᠨᠡᠢᠲᠡᠯᠡᠨ᠂ ᠣᠯᠠᠨ ᠲᠦᠮᠡᠨ᠎ᠦ ᠣᠢᠯᠠᠭᠠᠬᠤ ᠬᠡᠮᠵᠢᠶ᠎ᠡ᠎ᠶ᠋ᠢ ᠦᠨᠡᠨ ᠬᠦ᠌ ᠪᠠᠲᠤᠯᠠᠵᠤ᠂ ᠴᠢᠬᠤᠯᠠ᠎ᠲᠠᠶ ᠪᠣᠯ ᠴᠠᠭ ᠲᠤᠬᠠᠶ᠎ᠳᠤᠨᠢ ᠠᠵᠢᠯ ᠵᠢᠡᠨ ᠵᠣᠭ᠍ᠰᠣᠭᠠᠵᠤ ᠰᠤᠷᠤᠯᠭ᠎ᠠ ᠪᠠᠨ  ᠵᠣᠭ᠍ᠰᠣᠭᠠᠬᠤ᠎ᠶ᠋ᠢ ᠵᠣᠬᠢᠶᠠᠨ ᠪᠠᠢᠭᠤᠯᠬᠤ ᠬᠡᠷᠡᠭ᠌ᠲᠡᠶ᠃ ᠡᠯ᠎ᠡ ᠭᠠᠵᠠᠷ᠎ᠤᠨ ᠬᠢᠨ ᠰᠡᠷᠭᠡᠢᠯᠡᠯᠲᠡ᠎ᠶ᠋ᠢᠨ ᠭᠣᠣᠯᠳᠠᠯᠭ᠎ᠠ᠎ᠪᠠᠨ ᠲᠣᠪᠣᠢᠯᠭᠠᠨ᠂ ᠭᠣᠣᠯ ᠮᠥᠷᠡᠨ ᠤᠰᠤᠨ ᠴᠥᠭᠥᠷᠥᠮ᠎ᠢ ᠴᠢᠩᠭ᠎ᠠ ᠠᠩᠬᠠᠷᠴᠤ᠌᠂ ᠠᠭᠤᠯᠠᠨ ᠦᠶᠡᠷ᠎ᠦᠨ ᠭᠠᠮᠱᠢᠭ᠎ᠢ ᠴᠢᠩᠭ᠎ᠠ ᠰᠡᠷᠭᠡᠢᠯᠡᠬᠦ᠌ ᠬᠡᠷᠡᠭ᠌ᠲᠡᠶ᠃ ᠡᠭᠦᠨ᠎ᠦ ᠬᠠᠮᠲᠤ᠂ ᠣᠷᠣᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠢᠭᠤᠯᠤᠯᠲᠠ᠂ ᠬᠣᠲᠠ᠎ᠶ᠋ᠢᠨ ᠬᠠᠮᠢᠶᠠᠷᠤᠯᠲᠠ᠂ ᠤᠰᠤᠨ᠎ᠤ ᠶᠠᠪᠤᠳᠠᠯ ᠵᠡᠷᠭᠡ ᠰᠠᠯᠠᠭ᠎ᠠ ᠮᠥᠴᠢᠷ᠎ᠦᠳ ᠬᠤᠯᠪᠤᠭᠠᠯᠠᠨ ᠬᠥᠳᠡᠯᠦᠯᠴᠡᠨ ᠬᠠᠮᠵᠢᠯᠴᠠᠵᠤ᠂ ᠱᠢᠷᠦᠭᠦᠨ ᠪᠣᠷᠣᠭᠠᠨ ᠣᠷᠣᠬᠤ ᠦᠶ᠎ᠡ᠎ᠳᠦ ᠵᠠᠮ ᠬᠠᠷᠢᠯᠴᠠᠭ᠎ᠠ᠎ᠶ᠋ᠢ ᠰᠢᠯᠤᠭᠤᠳᠬᠠᠬᠤ᠎ᠶᠢ᠎ᠴᠢᠩᠭᠠᠳᠬᠠᠵᠤ᠂ ᠤᠰᠤᠲᠤᠯ᠎ᠤᠨ ᠳᠠᠯᠳᠠ ᠭᠡᠮ᠎ᠲᠠᠢ ᠭᠠᠵᠠᠷ᠎ᠲᠡᠬᠢ ᠰᠡᠷᠡᠮᠵᠢᠯᠡᠭᠦᠯᠦᠯ᠎ᠢᠶᠡᠨ ᠴᠢᠩᠭᠠᠳᠭᠠᠵᠤ᠂ ᠬᠣᠲᠠ᠎ᠶ᠋ᠢᠨ ᠠᠮᠤᠷ ᠲᠦᠪᠱᠢᠨ᠎ᠢ ᠬᠦᠴᠦᠯᠡᠨ ᠪᠠᠲᠤᠯᠠᠬᠤ ᠬᠡᠷᠡᠭ᠌ᠲᠡᠶ᠃ ᠶᠡᠷᠦᠩᠬᠡᠢᠯᠡᠭ᠌ᠰᠡᠨ ᠴᠢᠨᠠᠷᠲᠠᠶ ᠭᠠᠯ ᠰᠡᠷᠭᠡᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠂ ᠲᠤᠰᠭᠠᠶ ᠮᠡᠷᠭᠡᠵᠢᠯ᠎ᠦᠨ ᠠᠶᠤᠯ᠎ᠡᠴᠡ ᠠᠪᠤᠷᠬᠠᠸ᠋ ᠡᠩᠨᠡᠭᠡ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ ᠴᠠᠭ ᠢᠮᠠᠭᠳᠠ ᠪᠡᠯᠡᠳᠬᠡᠯ ᠲᠠᠢ  ᠪᠠᠢᠵᠤ᠂ ᠤᠷᠢᠳᠴᠢᠯᠠᠨ ᠰᠡᠷᠡᠮᠵᠢᠯᠡᠭᠦᠯᠬᠦ᠌ ᠪᠠ ᠠᠶᠤᠯ ᠲᠦᠭ᠌ᠰᠢᠭᠦᠷᠢ᠎ᠶ᠋ᠢ ᠰᠤᠳᠤᠯᠤᠨ ᠮᠠᠭᠠᠳᠯᠠᠬᠤ᠎ᠶ᠋ᠢ ᠦᠨᠳᠦᠰᠦᠯᠡᠨ᠂ ᠱᠢᠨᠵᠢᠯᠡᠬᠦ᠌ ᠤᠬᠠᠭᠠᠨᠴᠢ ᠪᠡᠷ ᠱᠠᠲᠤ ᠤᠳᠠᠭ᠎ᠠ ᠬᠤᠪᠢᠶᠠᠨ ᠬᠦᠴᠦᠨ᠎ᠢᠶᠡᠨ ᠭᠤᠤᠯᠳᠠᠯᠭ᠎ᠠ᠎ᠲᠠᠶ ᠣᠷᠣᠨ ᠪᠦᠰᠡ᠂ ᠵᠠᠩᠭᠢᠯᠠᠭ᠎ᠠ᠎ᠶ᠋ᠢᠨ ᠬᠡᠰᠡᠭ᠎ᠲᠦ᠎ᠤᠷᠢᠳᠴᠢᠯᠠᠨ ᠲᠤᠬᠢᠷᠠᠭᠤᠯᠵᠤ᠂ ᠠᠶᠤᠯ ᠲᠦᠭ᠌ᠰᠢᠭᠦᠷᠢ ᠡᠭᠦᠰᠪᠡᠯ ᠣᠢᠷ᠎ᠠ ᠬᠠᠪᠢ᠎ᠳᠠᠭᠠᠨ ᠲᠠᠷᠡ ᠲᠠᠷᠤᠢ᠎ᠳᠤᠨᠢ ᠠᠶᠤᠯ᠎ᠡᠴᠡ ᠠᠪᠤᠷᠠᠵᠤ ᠠᠪᠤᠷᠠᠨ ᠲᠤᠰᠠᠯᠠᠬᠤ ᠠᠵᠢᠯ᠎ᠳᠤ ᠲᠦᠷᠭᠡᠨ ᠣᠷᠣᠯᠴᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号