ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠡᠬᠦᠳᠡ ᠪᠠᠨ ᠨᠡᠭᠡᠭᠡᠵᠦ ᠰᠤᠷᠤᠯᠴᠠᠯᠭ᠎ᠠ ᠬᠥᠮᠦᠵᠢᠯ᠎ᠢ ᠪᠣᠳᠠᠲᠠᠢ ᠠᠳᠭᠤᠵᠤ᠂ ᠤᠯᠠᠨ ᠲᠦᠮᠡᠨ᠎ᠦ ᠰᠠᠨᠠᠯ᠎ᠢ ᠥᠷᠭᠡᠨ᠎ᠢᠶᠡᠷ ᠰᠣᠨᠣᠰᠴᠤ᠌᠂ ᠤᠯᠠᠨ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠰᠤᠷᠤᠯᠴᠠᠬᠤ ᠪᠠᠢᠴᠠᠭᠠᠬᠤ ᠵᠠᠯᠠᠷᠠᠭᠤᠯᠬᠤ ᠳᠤᠮᠳᠠ ᠤᠯᠠᠨ ᠲᠦᠮᠡᠨ᠎ᠦ ᠣᠷᠣᠯᠴᠠᠬᠤ᠎ᠶ᠋ᠢ ᠴᠢᠬᠤᠯᠠᠴᠢᠯᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠠᠷᠠᠳ ᠲᠦᠮᠡᠨ᠎ᠳᠦ ᠦᠢᠯᠡᠴᠢᠯᠡᠬᠦ᠌ ᠳᠡᠭᠡᠷ᠎ᠡ ᠨᠡᠩ ᠢᠯᠡᠭᠦᠦ ᠢᠯᠡᠷᠡᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠢ ᠬᠦᠳᠦᠯᠥᠨ ᠵᠢᠯᠣᠭᠣᠳᠴᠤ᠌ ᠦᠢᠯᠡᠴᠢᠯᠡᠭᠡᠨ᠎ᠦ ᠤᠬᠠᠮᠰᠠᠷ᠎ᠢ ᠨᠢ ᠴᠢᠩᠭᠠᠳᠭᠠᠵᠤ᠂ ᠤᠯᠠᠨ ᠲᠦᠮᠡᠨ᠎ᠦ ᠬᠦᠴᠢᠷᠳᠡᠯ ᠠᠰᠠᠭᠤᠳᠠᠯ᠎ᠢ ᠱᠢᠢᠳᠪᠦᠷᠢᠯᠡᠨ ᠦᠭᠴᠤ ᠪᠠᠢᠨ᠎ᠠ᠃
ᠠᠯᠠᠱᠠ ᠠᠢᠮᠠᠭ ᠠᠰᠠᠭᠤᠳᠠᠯ᠎ᠢ ᠱᠢᠶ᠋ᠳᠪᠦᠷᠢᠯᠡᠭ᠌ᠰᠡᠨ ᠦᠷ᠎ᠡ ᠪᠦᠲᠦᠮᠵᠢ᠎ᠪᠡᠷ᠎ᠢᠶᠡᠨ ᠰᠤᠷᠤᠯᠴᠠᠯᠭ᠎ᠠ ᠬᠥᠮᠦᠵᠢᠯ᠎ᠦᠨ ᠶᠠᠰᠤ ᠴᠢᠨᠠᠷ᠎ᠢ ᠱᠢᠯᠭᠠᠬᠤ 《ᠱᠢᠯᠭᠠᠭᠤᠷ》 ᠪᠣᠯᠭᠠᠵᠤ᠂ ᠣᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠢ 《ᠵᠠᠪᠠᠯ ᠥᠭᠡᠷᠡᠴᠢᠯᠡᠬᠦ᠌ ᠵᠦᠶ᠋ᠯ》 ᠪᠣᠯᠭᠠᠵᠤ᠂ ᠡᠢᠮᠦᠷᠬᠦ᠌ ᠠᠰᠠᠭᠤᠳᠠᠯ᠎ᠢ ᠳᠠᠷᠤᠢᠬᠠᠨ ᠬᠡᠷᠡᠭ᠌ᠵᠢᠭᠦᠯᠵᠦ᠍ ᠳᠠᠷᠤᠢᠬᠠᠨ ᠥᠭᠡᠷᠡᠴᠢᠯᠡᠬᠦ᠌᠎ᠶ᠋ᠢ ᠠᠬᠢᠭᠤᠯᠵᠤ᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠲᠤᠭᠤᠷᠢᠭ 12 ᠵᠢᠯ᠎ᠤᠨ ᠲᠤᠷᠰᠢ ᠰᠢᠢᠳᠪᠦᠷᠢᠯᠡᠵᠦ ᠲᠡᠢᠯᠦᠭᠡ ᠦᠬᠡᠢ ᠪᠠᠶᠠᠨᠮᠦᠢ᠍ᠷᠡᠨ ᠰᠤᠮᠤ᠎ᠶ᠋ᠢᠨ ᠤᠯᠠᠭᠠᠨᠪᠤᠬ᠎ᠠ ᠭᠠᠴᠠᠭᠠᠨ᠎ᠤ ᠭᠠᠵᠠᠷ ᠱᠢᠷᠣᠶ᠎ᠶ᠋ᠢᠨ ᠨᠥᠬᠥᠪᠥᠷᠢ᠎ᠶ᠋ᠢᠨ ᠵᠣᠭᠣᠰ ᠬᠤᠪᠢᠶᠠᠷᠢᠯᠠᠬᠤ ᠠᠰᠠᠭᠤᠳᠠᠯ᠎ᠢ ᠨᠠᠮ᠎ᠤᠨ ᠠᠵᠢᠯ᠎ᠤᠨ ᠬᠣᠷᠢᠶ᠎ᠠ᠎ᠶ᠋ᠢᠨ ᠤᠳᠤᠷᠢᠳᠭᠤ ᠪᠠᠭ᠎ᠤᠨ ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠᠨ᠎ᠳᠤ ᠣᠷᠣᠭᠤᠯᠵᠤ᠂ 4121.58 ᠲᠦᠮᠡᠨ ᠲᠥᠭᠥᠷᠢᠭ᠎ᠦᠨ ᠨᠥᠬᠥᠪᠥᠷᠢ᠎ᠶ᠋ᠢᠨ ᠵᠣᠭᠣᠰ᠎ᠢ ᠪᠦᠬᠦᠨ᠎ᠢ ᠮᠠᠯᠴᠢᠨ ᠲᠠᠷᠢᠶᠠᠴᠢᠨ᠎ᠳᠤ ᠲᠠᠷᠬᠠᠭᠠᠨ ᠥᠭ᠌ᠴᠦ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠢ ᠣᠯᠠᠨ ᠵᠢᠯ ᠭᠠᠴᠢᠭ᠍ᠳᠠᠭᠤᠯᠵᠤ ᠪᠠᠢᠭ᠍ᠰᠠᠨ ᠶᠠᠷᠱᠢᠭ ᠲᠦᠪᠡᠭ᠎ᠲᠠᠢ ᠠᠰᠠᠭᠤᠳᠠᠯ᠎ᠢ ᠱᠢᠶ᠋ᠳᠪᠦᠷᠢᠯᠡᠪᠡ᠃ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠨᠢ ᠠᠵᠤ ᠠᠬᠤᠢᠯᠠᠯ ᠪᠠ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ ᠳᠤᠤᠷ᠎ᠠ᠂ ᠦᠶᠡᠯᠡᠯ᠎ᠦᠨ ᠬᠤᠭᠤᠴᠠᠭ᠎ᠠ ᠣᠷᠳᠣ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ 《ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠣᠨ》᠎ᠤ᠋ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠭᠠᠵᠠᠷ ᠱᠢᠷᠣᠶ᠎ᠶ᠋ᠢ ᠮᠡᠳᠡᠭᠦᠯᠦᠨ ᠵᠦᠪᠰᠢᠶᠡᠷᠡᠬᠦᠯᠬᠦ᠎ᠳᠤ ᠬᠡᠷᠡᠭᠰᠡᠬᠦ ᠮᠠᠲᠸᠷᠢᠶᠠᠯ᠎ᠢ ᠠᠢᠮᠠᠭ᠎ᠤᠨ ᠱᠠᠲᠤᠨ᠎ᠳᠤ ᠬᠢᠨᠠᠨ ᠪᠠᠢᠴᠠᠭᠠᠬᠤ ᠳᠤᠮᠳᠠᠴᠢ ᠬᠡᠷᠡᠭ᠌ᠯᠡᠬᠦ᠌ ᠴᠠᠭ᠎ᠢ 36 ᠡᠳᠦᠷ ᠪᠣᠯᠭᠠᠨ ᠪᠤᠭᠤᠨᠢᠰᠬᠠᠵᠦ᠂ ᠪᠥᠬᠥ᠌ ᠣᠷᠣᠨ᠎ᠤ ᠬᠡᠷᠡᠭ᠌ᠯᠡᠬᠦ᠌ ᠴᠠᠭ᠎ᠤᠨ ᠳᠤᠮᠳᠠᠴᠢ ᠬᠤᠷᠳᠤᠴᠠ᠎ᠠᠴᠠ 30% ᠪᠠᠷ ᠳᠡᠭᠡᠭ᠌ᠰᠢᠯᠡᠭᠦᠯᠦᠨ᠂ 《ᠲᠣᠭ᠎ᠠ ᠪᠠᠷᠢᠮᠲᠠ᠎ᠶ᠋ᠢ ᠢᠯᠡᠭᠦᠦ ᠬᠦᠶᠦᠯᠭᠡᠵᠦ᠂ ᠣᠯᠠᠨ ᠲᠦᠮᠡᠨ᠎ᠢ ᠳᠤᠲᠠᠭᠤ ᠭᠦᠶᠦᠯᠭᠡᠬᠦ᠌》᠎ᠶ᠋ᠢ ᠤᠯᠠᠮ ᠨᠢᠭᠡ ᠠᠯᠬᠤᠮ ᠪᠡᠶᠡᠯᠡᠭᠦᠯᠪᠡ᠃
ᠠᠯᠠᠱᠠ ᠠᠢᠮᠠᠭ᠎ᠤᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠴᠢᠩᠭ᠎ᠠ ᠬᠠᠮᠢᠶᠠᠷᠴᠤ᠌ ᠬᠢᠨᠠᠯᠲᠠ ᠲᠠᠯᠪᠢᠬᠤ᠎ᠶ᠋ᠢᠨ ᠬᠠᠮᠲᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠬᠦ᠌᠎ᠶ᠋ᠢ ᠵᠣᠷᠢᠭ᠍ᠵᠢᠭᠤᠯᠬᠤ᠎ᠶ᠋ᠢ ᠲᠣᠪᠣᠢᠮ᠎ᠠ ᠪᠠᠢᠷᠢᠨ᠎ᠳᠤ ᠲᠠᠯᠪᠢᠵᠤ᠂ 2024 ᠣᠨ᠎ᠳᠤ 22 ᠺᠠᠳ᠋ᠷ᠎ᠢ 《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠭ᠍ᠰᠠᠨ ᠰᠠᠢᠨ ᠺᠠᠳ᠋ᠷ》 ᠵᠢᠡᠷ ᠨᠡᠷᠡᠢᠳᠴᠦ᠍᠂ ᠪᠣᠳᠠᠲᠠᠶ ᠠᠵᠢᠯᠯᠠᠬᠤ᠎ᠶ᠋ᠢ ᠴᠢᠬᠤᠯᠠᠴᠢᠯᠠᠬᠤ᠂ ᠪᠣᠳᠠᠲᠤ ᠠᠮᠵᠢᠯᠲᠠ᠎ᠶ᠋ᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠢᠯᠠᠩᠭᠤᠶ᠎ᠠ ᠴᠠᠭ ᠲᠤᠬᠠᠶ᠎ᠳᠤᠨᠢ ᠬᠥᠬᠢᠭᠦᠯᠦᠨ ᠱᠠᠩᠨᠠᠬᠤ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠠᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ᠎ᠶ᠋ᠢᠨ ᠬᠣᠶᠠᠷ ᠠᠯᠪᠠᠨ ᠬᠡᠷ᠎ᠦᠨ 《〈ᠵᠢᠷᠭᠤᠭᠠᠨ ᠠᠵᠢᠯᠯᠠᠭ᠎ᠠ〉᠎ᠶ᠋ᠢ ᠠᠬᠢᠭᠤᠯᠬᠤ ᠳᠤᠮᠳᠠ ᠴᠠᠭ ᠲᠤᠬᠠᠶ᠎ᠳᠤᠨᠢ ᠬᠥᠬᠢᠭᠦᠯᠦᠨ ᠱᠠᠩᠨᠠᠬᠤ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》᠎ᠢ᠋ ᠳᠠᠷᠤᠮᠠᠯᠯᠠᠨ ᠲᠠᠷᠬᠠᠭᠠᠬᠤ᠎ᠶ᠋ᠢ ᠠᠬᠢᠭᠤᠯᠪᠠ᠃
ᠤᠯᠠᠭᠠᠨᠴᠠᠪ ᠬᠣᠲᠠ᠎ᠶ᠋ᠢᠨ ᠵᠢᠨᠢᠩ ᠲᠣᠭᠣᠷᠢᠭ᠎ᠤᠨ ᠴᠢᠤᠸᠠᠨ ᠱᠠᠨ ᠵᠡᠭᠡᠯᠢ ᠭᠤᠳᠤᠮᠵᠢ᠎ᠶ᠋ᠢᠨ ᠴᠠᠬᠠᠷ ᠨᠡᠢᠭᠡᠮ ᠲᠣᠭᠣᠷᠢᠭ ᠣᠯᠠᠨ ᠲᠦᠮᠡᠨ᠎ᠦ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠎ᠪᠡᠷ ᠲᠤᠰᠤᠯᠲᠠ ᠪᠣᠯᠭᠠᠵᠤ᠂ ᠡᠷᠦᠬᠡ᠎ᠳᠦ ᠬᠦᠷᠴᠤ ᠰᠤᠷᠪᠤᠯᠵᠢᠯᠠᠬᠤ᠂ 《ᠰᠠᠭᠤᠭᠠᠯᠢ ᠠᠷᠠᠳ᠎ᠤᠨ ᠲᠣᠭᠣᠷᠢᠭ᠎ᠤᠨ ᠰᠠᠨᠳᠠᠯᠢ᠎ᠶᠢᠨ ᠬᠤᠷᠠᠯ》 ᠬᠢᠬᠦ ᠵᠡᠷᠭᠡ ᠠᠷᠭ᠎ᠠ ᠵᠠᠮ᠎ᠢᠶᠠᠷ ᠳᠠᠮᠵᠢᠨ ᠣᠯᠠᠨ ᠲᠦᠮᠡᠨ ᠡᠴᠡ ᠰᠠᠨᠠᠯ ᠰᠠᠨᠠᠭᠤᠯᠭ᠎ᠠ ᠬᠤᠷᠢᠶᠠᠵᠤ᠂ ᠨᠡᠢᠭᠡᠮ ᠲᠣᠭᠣᠷᠢᠭ᠎ᠤᠨ ᠨᠠᠰᠤᠲᠠᠢᠴᠤᠳ᠎ᠤᠨ ᠡᠯ᠎ᠡ ᠵᠦᠢᠯ᠎ᠤᠨ ᠣᠨᠴᠠᠯᠢᠭᠲᠤ ᠠᠩᠬᠠᠷᠤᠯ᠎ᠢᠶᠠᠨ ᠲᠥᠪᠯᠡᠷᠡᠭᠦᠯᠦᠨ᠂ ᠡᠮᠴᠢᠯᠡᠭᠡ᠂ ᠬᠣᠭᠣᠯᠠ ᠤᠮᠳᠠ᠎ᠶ᠋ᠢᠨ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠳᠤᠷᠠᠳᠴᠤ᠌᠂ ᠵᠢᠨᠢᠩ ᠲᠣᠭᠣᠷᠢᠭ᠎ᠤᠨ ᠨᠠᠷᠠᠲᠤ ᠢᠳᠡᠭᠡᠨ ᠤᠮᠳᠠᠭᠠᠨ᠎ᠤ ᠠᠵᠤ ᠠᠬᠤᠢᠯᠠᠯ ᠪᠤᠯᠬᠤ 《ᠡᠵᠢ᠎ᠶ᠋ᠢᠨ ᠲᠣᠭᠣᠭᠠᠨ ᠬᠡᠷ》 ᠲᠡᠶ ᠬᠠᠮᠲᠤᠷᠠᠯᠴᠠᠬᠤ ᠰᠠᠨᠠᠮᠵᠢ ᠲᠣᠭ᠍ᠲᠠᠵᠤ᠂ ᠰᠤᠯᠠᠯᠠᠨ ᠭᠠᠷᠭᠠᠵᠦ ᠨᠡᠢᠳᠬᠡᠭᠰᠡᠨ 200 ᠲᠡᠭ᠌ᠰᠢ ᠳᠥᠷᠪᠡᠯᠵᠢᠨ ᠮᠧᠲ᠋ᠷ᠎ᠦᠨ ᠴᠢᠳᠠᠮᠵᠢᠲᠤ ᠲᠠᠰᠤᠭ᠎ᠢ ᠴᠠᠬᠠᠷ ᠨᠡᠢᠭᠡᠮ ᠲᠣᠭᠣᠷᠢᠭ᠎ᠤᠨ ᠠᠷᠠᠳ᠎ᠲᠤ ᠠᠱᠢᠭ ᠬᠦᠷᠲᠡᠭᠡᠬᠦ᠌ ᠬᠣᠭᠣᠯᠠᠨ ᠬᠡᠷ ᠪᠤᠯᠭᠠᠨ ᠪᠠᠢᠭᠤᠯᠪᠠ᠃ 80 ᠨᠠᠰᠤᠲᠠᠢ ᠰᠠᠭᠤᠭᠠᠯᠢ ᠠᠷᠠᠳ ᠴᠧᠨ ᠯᠢᠶᠧ ᠠᠷᠠᠳ᠎ᠲᠤ ᠠᠱᠢᠭ ᠬᠦᠷᠲᠡᠭᠡᠬᠦ᠌ ᠬᠣᠭᠣᠯᠠᠨ ᠭᠡᠷ᠎ᠤᠨ ᠲᠤᠬᠠᠢ ᠶᠠᠷᠢᠬᠤ᠎ᠳᠠᠭᠠᠨ᠄《ᠠᠷᠠᠳ᠎ᠲᠤ ᠠᠱᠢᠭ ᠬᠦᠷᠲᠡᠭᠡᠬᠦ᠌ ᠬᠣᠭᠣᠯᠠᠨ ᠭᠡᠷ ᠨᠢ ᠨᠠᠰᠤᠲᠠᠢᠴᠤᠳ᠎ᠲᠤ ᠮᠠᠰᠢ ᠲᠤᠬᠢᠷᠠᠨ᠎ᠠ᠂ ᠪᠢᠳᠡᠨ᠎ᠤ ᠡᠳᠦᠷ ᠪᠦᠷᠢ ᠵᠢᠨ ᠢᠳᠡᠵᠦ ᠤᠤᠭᠤᠬᠤ ᠴᠠᠭᠴᠦ ᠮᠠᠰᠢ ᠵᠢᠷᠤᠮᠵᠢᠯ ᠳᠠᠢ ᠪᠤᠯᠵᠦ᠂ ᠢᠳᠡᠬᠦ᠌ ᠨᠣᠭᠣᠭ᠎ᠠ ᠵᠢᠨ ᠲᠦᠷᠦᠯ ᠵᠦᠢᠯ ᠴᠦ᠍ ᠠᠷᠪᠢᠨ ᠪᠣᠯᠵᠠᠢ》 ᠭᠡᠵᠦ ᠮᠠᠬᠳᠠᠵᠦ ᠭᠠᠷᠤᠨ᠎ᠠ᠃ ᠨᠡᠢᠭᠡᠮ ᠲᠣᠭᠣᠷᠢᠭ᠎ᠨᠢ ᠣᠯᠠᠨ ᠲᠠᠯ᠎ᠠ᠎ᠶ᠋ᠢᠨ ᠪᠠᠢᠴᠠᠭᠠᠨ ᠰᠤᠳᠤᠯᠤᠯᠲᠠ ᠪᠠ ᠵᠥᠪᠳᠡᠯᠴᠡᠭᠡ᠎ᠪᠡᠷ ᠳᠡᠮᠵᠢᠨ᠂ ᠴᠢᠨᠠᠷ ᠰᠠᠢᠲᠠᠶ ᠡᠮᠴᠢᠯᠡᠭᠡᠨ᠎ᠦ ᠲᠥᠷᠥᠯ ᠵᠦᠶ᠋ᠯ᠎ᠢ ᠣᠷᠣᠭᠤᠯᠤᠨ ᠠᠪᠴᠢᠷᠠᠵᠤ᠂ ᠬᠢᠲᠠᠳ ᠧᠦ᠋ᠷᠣᠫᠠ ᠡᠮᠨᠡᠯᠭᠡ᠎ᠶ᠋ᠢᠨ ᠠᠷᠠᠳ᠎ᠲᠤ ᠲᠥᠬᠥᠮ ᠦᠵᠡᠭᠦᠯᠬᠦ᠌ ᠶᠡᠷᠦᠩᠬᠡᠢᠯᠡᠭ᠌ᠰᠡᠨ ᠡᠮᠴᠢᠯᠡᠭᠡᠨ᠎ᠦ ᠭᠠᠵᠠᠷ᠎ᠢ ᠥᠨᠳᠥᠷ ᠪᠠᠷᠢᠮᠵᠢᠶ᠎ᠠ᠎ᠪᠠᠷ ᠪᠠᠢᠭᠤᠯᠵᠤ᠂ ᠣᠳᠣᠬᠠᠨ᠎ᠳᠤ ᠨᠡᠢᠲᠡ 3 ᠲᠦᠮᠡᠨ ᠬᠥᠮᠦᠨ ᠤᠳᠠᠭ᠎ᠠ᠎ᠳᠤ ᠦᠶ᠋ᠯᠡᠴᠢᠯᠡᠵᠦ᠍᠂ 150 ᠭᠠᠷᠤᠶ ᠬᠥᠮᠦᠨ ᠤᠳᠠᠭ᠎ᠠ᠎ᠳᠤ ᠨᠡᠢᠲᠡ᠎ᠶ᠋ᠢᠨ ᠠᠰᠠᠷᠠᠮᠵᠢ᠎ᠶ᠋ᠢᠨ ᠡᠮᠴᠢᠯᠡᠭᠡᠨ᠎ᠦ ᠦᠶ᠋ᠯᠡᠴᠢᠯᠡᠭᠡ ᠬᠠᠩᠭᠠᠪᠠ᠃ ᠡᠭᠦᠨ᠎ᠦ ᠬᠠᠮᠲᠤ᠂ ᠨᠡᠢᠭᠡᠮ ᠲᠣᠭᠣᠷᠢᠭ᠎ᠨᠢ 18 ᠳᠠᠭᠠᠭᠠᠴᠢᠯᠠᠨ ᠬᠣᠯᠪᠣᠭᠠᠯᠠᠬᠤ᠂ ᠰᠠᠭᠤᠭ᠎ᠠ ᠨᠢᠭᠡᠴᠢ᠎ᠲᠡᠶ ᠬᠠᠮᠲᠤ᠎ᠪᠠᠷ ᠰᠠᠭᠤᠵᠤ ᠬᠠᠮᠲᠤ᠎ᠪᠠᠷ ᠪᠠᠢᠭᠤᠯᠬᠤ ᠬᠠᠷᠢᠴᠠᠭ᠎ᠠ ᠪᠠᠢᠭᠤᠯᠵᠤ᠂ 《ᠣᠯᠠᠨ ᠲᠦᠮᠡᠨᠴᠢ ᠱᠤᠭᠤᠮ᠎ᠢ ᠪᠠᠷᠢᠮᠳᠠᠯᠠᠵᠦ᠂ ᠦᠶ᠋ᠯᠡᠴᠢᠯᠡᠭᠡ᠎ᠶᠢ ᠡᠬᠦᠳᠡᠨ᠎ᠳᠤᠨᠢ ᠬᠦᠷᠭᠡᠬᠦ᠌》 ᠠᠵᠢᠯᠯᠠᠭ᠎ᠠ᠎ᠶ᠋ᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠰᠠᠭᠤᠭᠠᠯᠢ ᠠᠷᠠᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠰᠠᠨᠠᠭᠠᠴᠢᠯᠠᠭ᠎ᠠ᠎ᠠᠴᠠ᠎ᠪᠠᠨ ᠣᠢᠯᠠᠭᠠᠵᠤ᠂ ᠴᠢᠨᠠᠷ ᠰᠠᠢᠲᠠᠶ ᠦᠶ᠋ᠯᠡᠴᠢᠯᠡᠭᠡ᠎ᠶ᠋ᠢ ᠬᠡᠷ ᠲᠤᠨᠢ ᠬᠦᠷᠭᠡᠪᠡ᠃