ᠪᠠᠷᠠᠭᠤᠨ ᠪᠠᠶ᠎ᠠ ᠳ᠋ᠤ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠠᠷᠠᠨ᠎ᠠ
ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠵᠢᠡᠷ᠂ 7 ᠰᠠᠷ᠎ᠠ ᠵᠢᠨ 28 — 31 ᠤ᠋ ᠡᠳᠤᠷ ᠪᠤᠯᠳᠠᠯ᠎ᠠ᠂ ᠮᠠᠨ ᠤ᠋ ᠤᠷᠤᠨ ᠤ᠋ ᠵᠡᠬᠦᠨ ᠪᠠᠶ᠎ᠠ ᠵᠢᠨ ᠤᠯᠠᠨ ᠭᠠᠵᠠᠷ ᠲᠦ᠍ ᠲᠤᠮᠳᠠ ᠡᠴᠡ ᠶᠡᠬᠡ ᠪᠤᠷᠤᠭᠠᠨ ᠤᠷᠤᠵᠤ᠂ ᠬᠡᠰᠡᠭ ᠭᠠᠵᠠᠷ ᠲᠦ᠍ ᠰᠢᠷᠤᠬᠦᠨ ᠪᠤᠷᠤᠭᠠᠨ ᠤᠷᠤᠨ᠎ᠠ; ᠪᠠᠷᠠᠭᠤᠨ ᠪᠠᠶ᠎ᠠ ᠵᠢᠨ ᠤᠯᠠᠨ ᠭᠠᠵᠠᠷ ᠲᠦ᠍ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠨ᠎ᠠ᠃
28 ᠤ᠋ ᠡᠳᠤᠷ ᠤ᠋ᠨ 8 ᠴᠠᠭ ᠡᠴᠡ 31 ᠤ᠋ ᠡᠳᠤᠷ ᠤ᠋ᠨ 8 ᠴᠠᠭ ᠪᠤᠯᠳᠠᠯ᠎ᠠ᠂ ᠰᠢᠯᠢ ᠵᠢᠨ ᠭᠤᠤᠯ ᠠᠢᠮᠠᠭ ᠤ᠋ᠨ ᠵᠡᠬᠦᠨ ᠬᠤᠢᠳᠤ ᠪᠠᠶ᠎ᠠ᠂ ᠤᠯᠠᠭᠠᠨᠬᠠᠳᠠ ᠬᠤᠳᠠ ᠵᠢᠨ ᠡᠮᠤᠨ᠎ᠠ ᠪᠠᠶ᠎ᠠ᠂ ᠲᠦᠩᠯᠢᠶᠤᠤ ᠬᠤᠳᠠ ᠵᠢᠨ ᠡᠮᠤᠨ᠎ᠠ ᠪᠠᠶ᠎ᠠ᠂ ᠬᠢᠩᠭᠠᠨ ᠠᠢᠮᠠᠭ ᠤ᠋ᠨ ᠪᠠᠷᠠᠭᠤᠨ ᠪᠠᠶ᠎ᠠ ᠪᠠ ᠬᠤᠢᠳᠤ ᠪᠠᠶ᠎ᠠ᠂ ᠬᠦᠯᠦᠨ ᠪᠤᠢᠷ ᠬᠤᠳᠠ ᠵᠢᠨ ᠶᠡᠬᠡᠩᠬᠢ ᠭᠠᠵᠠᠷ ᠲᠦ᠍ ᠲᠤᠮᠳᠠ ᠡᠴᠡ ᠶᠡᠬᠡ ᠪᠤᠷᠤᠭᠠᠨ ᠤᠷᠤᠵᠤ᠂ ᠬᠦᠯᠦᠨ ᠪᠤᠢᠷ ᠬᠤᠳᠠ ᠵᠢᠨ ᠬᠤᠢᠳᠤ ᠪᠠᠶ᠎ᠠ ᠪᠠ ᠵᠡᠬᠦᠨ ᠡᠮᠤᠨ᠎ᠠ ᠪᠠᠶ᠎ᠡ ᠵᠢᠨ ᠬᠡᠰᠡᠭ ᠭᠠᠵᠠᠷ ᠲᠦ᠍ ᠰᠢᠷᠤᠬᠦᠨ ᠪᠤᠷᠤᠭᠠᠨ ᠤᠷᠤᠵᠤ᠂ ᠵᠠᠷᠢᠮ ᠭᠠᠵᠠᠷ ᠲᠦ᠍ ᠤᠬᠤᠷ ᠬᠤᠭᠤᠴᠠᠭᠠᠨ ᠤ᠋ ᠶᠡᠬᠡ ᠰᠢᠷᠤᠬᠦᠨ ᠪᠤᠷᠤᠭᠠᠨ᠂ ᠠᠶᠤᠩᠭᠠᠳᠤ ᠪᠤᠷᠤᠭᠠᠨ ᠤᠷᠤᠵᠤ ᠶᠡᠬᠡ ᠰᠠᠯᠬᠢ ᠰᠡᠯᠭᠢᠯᠡᠨ᠂ ᠮᠦᠨᠳᠤᠷ ᠵᠡᠷᠬᠡ ᠴᠢᠩᠭ᠎ᠠ ᠰᠤᠯᠢᠭ ᠤᠷᠤᠰᠬᠠᠯᠳᠤ ᠴᠠᠭ ᠠᠭᠤᠷ ᠲᠠᠭᠠᠯᠳᠤᠨᠠ᠃
28 ᠤ᠋ ᠡᠳᠤᠷ ᠤ᠋ᠨ 8 ᠴᠠᠭ ᠡᠴᠡ 31 ᠤ᠋ ᠡᠳᠤᠷ ᠤ᠋ᠨ 8 ᠴᠠᠭ ᠪᠤᠯᠳᠠᠯ᠎ᠠ᠂ ᠮᠠᠨ ᠤ᠋ ᠤᠷᠤᠨ ᠤ᠋ ᠪᠠᠷᠠᠭᠤᠨ ᠪᠠᠶ᠎ᠠ ᠵᠢᠨ ᠪᠠᠷᠠᠭᠤᠨ ᠬᠡᠰᠡᠭ ᠪᠤᠯᠤᠨ ᠬᠤᠢᠳᠤ ᠬᠡᠰᠡᠭ᠂ ᠲᠤᠮᠳᠠ ᠪᠠᠶ᠎ᠠ ᠵᠢᠨ ᠪᠠᠷᠠᠭᠤᠨ ᠬᠡᠰᠡᠭ ᠲᠦ᠍ 35 ᠭᠷᠠᠳᠦ᠋ᠰ ᠵᠢᠴᠢ ᠲᠠᠬᠦᠨ ᠡᠴᠡ ᠲᠠᠬᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠨ᠎ᠠ᠃ ᠡᠬᠦᠨ ᠳ᠋ᠤ ᠠᠯᠠᠱᠠ ᠠᠢᠮᠠᠭ ᠤ᠋ᠨ ᠪᠠᠷᠠᠭᠤᠨ ᠪᠠᠶ᠎ᠠ ᠪᠠ ᠬᠤᠢᠳᠤ ᠪᠠᠶ᠎ᠠ᠂ ᠪᠠᠶᠠᠠᠨᠠᠭᠤᠷ ᠬᠤᠳᠠ ᠵᠢᠨ ᠪᠠᠷᠠᠭᠤᠨ ᠬᠤᠢᠳᠤ ᠪᠠᠶ᠎ᠠ᠂ ᠤᠯᠠᠭᠠᠨᠴᠠᠪ ᠬᠤᠳᠠ ᠵᠢᠨ ᠬᠤᠢᠳᠤ ᠪᠠᠶ᠎ᠠ ᠵᠢᠨ ᠬᠤᠢᠳᠤ ᠬᠡᠰᠡᠭ᠂ ᠰᠢᠯᠢ ᠵᠢᠨ ᠭᠤᠤᠯ ᠠᠢᠮᠠᠭ ᠤ᠋ᠨ ᠪᠠᠷᠠᠭᠤᠨ ᠬᠤᠢᠳᠤ ᠪᠠᠶ᠎ᠠ ᠵᠢᠨ ᠬᠡᠰᠡᠭ ᠭᠠᠵᠠᠷ ᠲᠦ᠍ 37 ᠭᠷᠠᠳᠦ᠋ᠰ ᠵᠢᠴᠢ ᠲᠡᠬᠦᠨ ᠡᠴᠡ ᠲᠠᠬᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠵᠤ᠂ ᠠᠯᠠᠱᠠ ᠠᠢᠮᠠᠭ ᠤ᠋ᠨ ᠬᠤᠢᠳᠤ ᠪᠠᠶ᠎ᠠ ᠳ᠋ᠤ 40 ᠭᠷᠠᠳᠦ᠋ᠰ ᠵᠢᠴᠢ ᠲᠠᠬᠦᠨ ᠡᠴᠡ ᠲᠠᠬᠡᠭᠰᠢᠬᠢ ᠠᠭᠠᠬᠢᠮ᠎ᠠ ᠬᠠᠯᠠᠭᠤᠨ ᠠᠭᠤᠷ ᠠᠮᠢᠰᠬᠤᠯ ᠢᠯᠡᠷᠡᠨ᠎ᠠ᠃