ᠠᠭᠤᠰᠤᠯᠴᠠᠨ ᠰᠠᠭᠤᠷᠢᠱᠢᠬᠤ ᠤᠯᠠᠭ᠎ᠠ ᠥᠷᠲᠡᠭᠡ
2025-07-28 10:22:08
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠳᠦ᠂ ᠲᠦᠩᠯᠢᠶᠣᠤ ᠬᠤᠳᠠ᠎ᠶ᠋ᠢᠨ ᠬᠣᠷᠴᠢᠨ ᠲᠣᠭᠣᠷᠢᠭ᠎ᠦᠨ ᠪᠦᠯᠬᠦᠮᠳᠡᠯ ᠵᠡᠭᠡᠯᠢ ᠭᠤᠳᠤᠮᠵᠢ᠎ᠶ᠋ᠢᠨ ᠪᠸᠢ ᠶᠤᠸᠠᠨ ᠨᠡᠢᠭᠡᠮ ᠲᠣᠭᠣᠷᠢᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠡᠵᠡᠮᠳᠡᠵᠦ᠍᠂ 《ᠠᠭᠤᠰᠤᠯᠴᠠᠨ ᠰᠠᠭᠤᠷᠢᠱᠢᠬᠤ ᠤᠯᠠᠭ᠎ᠠ ᠥᠷᠲᠡᠭᠡ》 ᠭᠡᠬᠦ ᠬᠤᠳᠠ᠎ᠶ᠋ᠢᠨ ᠦᠨᠳᠦᠰᠦᠲᠡᠨ᠎ᠦ ᠠᠵᠢᠯ᠎ᠤᠨ ᠳᠦᠷᠦᠯ ᠳᠡᠮᠳᠡᠭ᠎ᠢ ᠡᠬᠦᠳᠴᠦ ᠪᠤᠢ᠃

ᠪᠦᠯᠬᠦᠮᠳᠡᠯ ᠵᠡᠭᠡᠯᠢ ᠭᠤᠳᠤᠮᠵᠢ᠎ᠶ᠋ᠢᠨ ᠪᠸᠢ ᠶᠤᠸᠠᠨ ᠨᠡᠢᠭᠡᠮ ᠲᠣᠭᠣᠷᠢᠭ᠎ᠤᠨ《ᠴᠠᠭ ᠦᠶ᠎ᠡ᠎ᠶ᠋ᠢᠨ ᠬᠡᠷᠡᠯ ᠵᠢᠷᠤᠭ᠎ᠤᠨ ᠦᠵᠡᠰᠭᠦᠯᠡᠩ》 ᠦ᠋ᠨ ᠣᠯᠠᠨ ᠴᠢᠳᠠᠮᠵᠢᠳᠤ ᠶᠡᠬᠡ ᠲᠢᠩᠬᠢᠮ᠎ᠳᠦ《ᠬᠤᠨ ᠭᠠᠯᠠᠭᠤ》ᠵᠢᠨ ᠢᠷᠠᠭᠤ ᠡᠭᠡᠱᠢᠭ ᠬᠠᠩᠬᠢᠨᠠᠨ ᠴᠤᠤᠷᠢᠶᠠᠲᠤᠵᠤ᠂ ᠠᠳᠤᠭᠤᠴᠢᠨ ᠤᠷᠠᠯᠢᠭ᠎ᠤᠨ ᠪᠦᠯᠬᠦᠮ᠎ᠦᠨ ᠨᠠᠰᠤᠲᠠᠢᠴᠤᠳ  ᠪᠥᠵᠢᠭ ᠪᠣᠯᠪᠠᠰᠤᠷᠠᠵᠤ ᠪᠠᠢᠯ᠎ᠠ᠃ 《ᠤᠯᠠᠠ ᠦᠨᠳᠦᠰᠦᠲᠡᠨ᠎ᠢᠶᠠᠷ ᠪᠦᠷᠢᠯᠳᠦᠭ᠌ᠰᠡᠨ ᠮᠠᠨ᠎ᠤ ᠤᠷᠠᠯᠢᠭ᠎ᠤᠨ ᠪᠦᠯᠬᠦᠮ ᠡᠨᠡ ᠵᠢᠯ᠎ᠠᠴᠠ ᠡᠬᠢᠯᠡᠨ ᠪᠸᠢ ᠶᠤᠸᠠᠨ ᠨᠡᠢᠭᠡᠮ ᠲᠣᠭᠣᠷᠢᠭ᠎ᠲᠤ ᠨᠡᠬᠦᠵᠤ ᠢᠷᠡᠵᠠᠢ᠃ ᠡᠨᠳᠡᠬᠢ ᠠᠵᠢᠯᠯᠠᠭᠠᠨ᠎ᠤ ᠲᠠᠯᠠᠪᠤᠷ ᠠᠭᠤᠵᠢᠭᠤ ᠲᠠᠯᠪᠢᠭᠤ᠂ ᠦᠶ᠋ᠯᠡᠴᠢᠯᠡᠭᠡ ᠬᠠᠯᠠᠭᠤᠮᠰᠤᠭ ᠲᠤᠳᠤᠨᠤ᠂ ᠨᠡᠢᠭᠡᠮ ᠲᠤᠭᠤᠷᠢᠭ᠎ᠦᠨ ᠬᠢᠨ ᠮᠠᠨᠤᠰ ᠲᠸ᠋ ᠮᠠᠰᠢ ᠲᠠᠭᠠᠯᠠᠮᠵᠢᠲᠠᠶ ᠤᠷᠴᠢᠨ ᠨᠦᠬᠦᠴᠡᠯ ᠬᠠᠨᠭᠭᠠᠵᠤ ᠦᠭᠴᠠᠢ》 ᠭᠡᠵᠦ᠍ ᠠᠳᠤᠭᠤᠴᠢᠨ ᠤᠷᠠᠯᠢᠭ᠎ᠤᠨ ᠪᠦᠯᠬᠦᠮ᠎ᠦᠨ ᠳᠠᠭᠠᠭᠤᠯᠤᠭ᠍ᠴᠢ ᠬᠤᠸᠠᠩ ᠱᠢᠶᠣᠤ ᠯᠢᠩ ᠪᠠᠶᠠᠷᠳᠠᠢᠬᠠᠨ ᠬᠡᠯᠡᠪᠡ᠃ 《ᠴᠠᠭ ᠦᠶ᠎ᠡ᠎ᠶ᠋ᠢᠨ ᠬᠡᠷᠡᠯ ᠵᠢᠷᠤᠭ᠎ᠤᠨ ᠦᠵᠡᠰᠭᠦᠯᠡᠩ》 ᠤ᠋ᠨ ᠣᠯᠠᠨ ᠴᠢᠳᠠᠮᠵᠢᠳᠤ ᠲᠢᠩᠬᠢᠮ ᠪᠣᠯ ᠪᠸᠢ ᠶᠤᠸᠠᠨ ᠨᠡᠢᠭᠡᠮ ᠲᠣᠭᠣᠷᠢᠭ᠎ᠤᠨ 《ᠠᠨᠠᠷ᠎ᠦᠨ ᠴᠡᠴᠡᠭᠡᠰ ᠪᠠᠳᠮᠠᠯᠠᠨ ᠳᠡᠯᠭᠡᠷᠡᠨᠡᠮ》 ᠭᠡᠬᠦ ᠠᠭᠤᠰᠤᠯᠴᠠᠨ ᠰᠠᠭᠤᠷᠢᠱᠢᠬᠤ ᠤᠯᠠᠭ᠎ᠠ  ᠥᠷᠲᠡᠭᠡ᠎ᠶ᠋ᠢᠨ ᠨᠢᠭᠡᠨ ᠶᠡᠬᠡ ᠬᠢᠯᠠᠰ ᠴᠡᠭ ᠮᠥᠨ᠃ ᠨᠡᠢᠭᠡᠮ ᠲᠣᠭᠣᠷᠢᠭ᠎ᠦᠨ ᠬᠢᠨ ᠦᠨᠳᠦᠰᠦᠳᠡᠨ ᠨᠤᠬᠦᠳ᠎ᠦᠨ ᠤᠯᠠᠨ ᠲᠦᠮᠡᠨ ᠳ᠋ᠤ ᠠᠵᠢᠯᠯᠠᠭᠠᠨ᠎ᠤ ᠲᠠᠯᠠᠪᠤᠷ ᠬᠠᠩᠭᠠᠭ᠍ᠰᠠᠨ᠎ᠢᠶᠠᠷ ᠪᠠᠷᠠᠬᠤ ᠥᠬᠡᠶ ᠪᠠᠰᠠ ᠨᠡᠪᠲᠡᠷᠡᠯᠴᠡᠨ ᠰᠤᠯᠢᠯᠴᠠᠬᠤ ᠲᠠᠪᠴᠠᠩ ᠪᠠᠢᠭᠤᠯᠵᠤ᠂ ᠰᠠᠭᠤᠭᠠᠯᠢ ᠠᠷᠠᠳ᠎ᠦᠨ ᠪᠠᠴᠢᠮᠳᠠᠵᠤ ᠬᠦᠴᠢᠷᠳᠡᠵᠤ ᠵᠤᠪᠠᠨᠢᠵᠤ ᠬᠦᠰᠡᠵᠤ ᠪᠠᠢᠬᠤ ᠠᠰᠠᠭᠤᠳᠠᠯ᠎ᠢ ᠴᠠᠭ ᠲᠤᠬᠠᠢ ᠳ᠋ᠤᠨᠢ ᠱᠢᠶ᠋ᠳᠪᠦᠷᠢᠯᠡᠵᠤ ᠲᠠᠢᠯᠬᠦ ᠪᠣᠯᠭᠠᠪᠠ᠃ 《ᠠᠭᠤᠰᠤᠯᠴᠠᠨ ᠰᠠᠭᠤᠷᠢᠱᠢᠬᠤ ᠤᠯᠠᠭ᠎ᠠ ᠥᠷᠲᠡᠭᠡ ᠨᠢ ᠬᠠᠷᠢᠶ᠎ᠠ ᠣᠷᠣᠨ᠎ᠤ ᠰᠠᠭᠤᠭᠠᠯᠢ ᠠᠷᠠᠳ᠎ᠲᠤ ᠮᠠᠰᠢ ᠲᠥᠬᠥᠮ ᠦᠵᠡᠭᠦᠯᠪᠡ᠃ ᠤᠯᠠᠮᠵᠢᠯᠠᠯᠲᠤ ᠪᠠᠶᠠᠷ ᠲᠤᠷᠠᠰᠬᠠᠯ᠎ᠤᠨ ᠡᠳᠦᠷ ᠪᠣᠯᠬᠤ ᠪᠦᠷᠢ ᠪᠢᠳᠡ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠵᠤᠬᠢᠶᠠᠨ ᠪᠠᠢᠭᠤᠯᠵᠤ ᠤᠤᠡᠬ᠎ᠠ ᠲᠡᠬᠦᠯᠳᠡᠷ ᠤᠯᠠᠨ ᠶᠠᠨᠭᠵᠤ ᠵᠢᠨ ᠠᠵᠢᠯᠯᠠᠭ᠎ᠠ ᠦᠷᠨᠢᠬᠦᠯᠵᠤ᠂ ᠣᠯᠠᠨ᠎ᠢᠶᠠᠷ᠎ᠢᠶᠠᠨ ᠴᠥᠮ ᠮᠠᠰᠢ ᠢᠳᠡᠪᠬᠢᠳᠠᠢ ᠤᠷᠤᠯᠴᠠᠳᠠᠭ》 ᠬᠡᠵᠤ ᠪᠦᠯᠬᠦᠮᠳᠡᠯ ᠵᠡᠭᠡᠯᠢ ᠭᠤᠳᠤᠮᠵᠢ᠎ᠶ᠋ᠢᠨ ᠪᠸᠢ ᠶᠤᠸᠠᠨ ᠨᠡᠢᠭᠡᠮ ᠲᠣᠭᠣᠷᠢᠭ᠎ᠤᠨ ᠺᠠᠳ᠋ᠷ ᠯᠢ ᠬᠣᠩ ᠯᠢ ᠲᠠᠨᠢᠯᠴᠠᠭᠤᠯᠪᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠪᠸᠢ ᠶᠤᠸᠠᠨ ᠨᠡᠢᠭᠡᠮ ᠲᠣᠭᠣᠷᠢᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠲᠣᠭᠣᠷᠢᠨ᠎ᠳᠤ ᠬᠣᠷᠴᠢᠨ ᠲᠣᠭᠣᠷᠢᠭ᠎ᠤᠨ 《ᠠᠭᠤᠰᠤᠯᠴᠠᠨ ᠰᠠᠭᠤᠷᠢᠱᠢᠬᠤ  ᠤᠯᠠᠭ᠎ᠠ ᠥᠷᠲᠡᠭᠡ》 ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠰᠦᠯ ᠶᠣᠰᠣᠭᠠᠷ  ᠦᠨᠳᠦᠰᠦᠲᠡᠨ᠎ᠦ ᠣᠨᠣᠯ᠎ᠢ ᠤᠬᠠᠭᠤᠯᠬᠤ᠂ ᠬᠦᠴᠢᠷᠳᠡᠯᠲᠡᠶ ᠪᠦᠯᠬᠦᠮ ᠨᠠᠢᠳᠠ᠎ᠶ᠋ᠢ ᠬᠠᠪᠰᠤᠷᠤᠨ ᠲᠡᠳᠬᠦᠬᠦ᠌᠂ ᠠᠵᠢᠯᠯᠠᠬᠤ ᠲᠠᠰᠤᠭ᠎ᠢ ᠬᠠᠮᠲᠤ ᠪᠠᠷ ᠪᠠᠢᠭᠤᠯᠬᠤ᠂ ᠵᠠᠰᠠᠯᠲᠠ᠎ᠶ᠋ᠢᠨ ᠡᠩᠨᠡᠭᠡ᠎ᠶ᠋ᠢ ᠵᠣᠬᠢᠶᠠᠨ ᠪᠠᠢᠭᠤᠯᠬᠤ᠂ ᠠᠷᠪᠠᠨ ᠲᠠᠪᠤᠨ ᠮᠢᠨᠦ᠋ᠲ᠎ᠤ᠋ᠨ ᠨᠡᠢᠭᠡᠮ ᠲᠤᠭᠤᠷᠢᠭ᠎ᠦᠨ ᠦᠶ᠋ᠯᠡᠴᠢᠯᠡᠭᠡᠨ᠎ᠦ ᠲᠤᠭᠤᠷᠢᠭ᠎ᠢ ᠪᠠᠢᠭᠤᠯᠬᠤ ᠲᠠᠪᠤᠨ ᠲᠠᠯ᠎ᠠ᠎ᠠᠴᠠ ᠬᠦᠴᠦᠯᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠦᠵᠡᠯ ᠤᠬᠠᠮᠰᠠᠷ᠎ᠢ ᠴᠢᠩᠭᠠᠷᠠᠭᠤᠯᠤᠨ᠂ ᠡᠯ᠎ᠡ ᠲᠠᠯ᠎ᠠ᠎ᠶ᠋ᠢᠨ ᠬᠦᠴᠦᠨ᠎ᠢ ᠨᠢᠭ᠍ᠲᠠᠷᠠᠭᠤᠯᠵᠤ᠂ ᠨᠡᠢᠭᠡᠮ ᠲᠣᠭᠣᠷᠢᠭ᠎ᠤᠨ ᠡᠶ᠎ᠡ ᠵᠣᠬᠢᠴᠠᠩᠭᠤᠢ ᠬᠥᠭ᠌ᠵᠢᠯᠳᠡ ᠶ᠋ᠢ ᠠᠬᠢᠭᠤᠯᠪᠠ᠃

《ᠪᠢᠳᠡ ᠬᠠᠷᠢᠶᠠᠲᠤ ᠣᠷᠣᠨ᠎ᠤ ᠰᠠᠭᠤᠭᠠᠯᠢ ᠠᠷᠠᠳ᠎ᠲᠤ ᠨᠠᠩ ᠳᠣᠲᠣᠨᠣ᠂ ᠨᠠᠩ ᠨᠠᠷᠢᠯᠢᠭ ᠦᠶ᠋ᠯᠡᠴᠢᠯᠡᠭᠡ ᠬᠠᠩᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠡᠢᠭᠡᠮ ᠲᠣᠭᠣᠷᠢᠭ᠎ᠤᠨ  ᠱᠢᠭᠢᠳᠭᠡᠯᠳᠦ ᠮᠠᠶᠢᠭ᠎ᠤᠨ ᠬᠥᠭ᠌ᠵᠢᠯᠲᠡ᠎ᠳᠦ ᠨᠠᠩ ᠰᠠᠢᠲᠤᠷ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠠᠩ ᠭᠦᠨᠵᠡᠭᠡᠢᠷᠡᠭᠦᠯᠵᠦ᠍᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ ᠵᠢ ᠨᠠᠩ ᠰᠠᠢᠳᠤᠷ ᠠᠬᠢᠭᠤᠯᠬᠤ ᠵᠢᠨ ᠲᠦᠯᠦᠭᠡ ᠶᠤᠮ》 ᠭᠡᠵᠦ᠍ ᠪᠦᠯᠬᠦᠮᠳᠡᠯ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ᠎ᠤᠨ ᠬᠣᠷᠢᠶ᠎ᠠ᠎ᠶ᠋ᠢᠨ ᠨᠢᠭᠡᠳᠦᠮᠡᠯ ᠹᠷᠣᠨᠲ᠎ᠤᠨ ᠭᠡᠱᠢᠭᠦᠨ ᠮᠠ ᠳ᠋ᠦᠩ ᠫᠢᠩ ᠬᠡᠯᠡᠪᠡ᠃

ᠪᠦᠯᠬᠦᠮᠳᠡᠯ ᠵᠡᠭᠡᠯᠢ ᠭᠤᠳᠤᠮᠵᠢ᠎ᠨᠢ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠵᠢᠱ᠌ᠢᠶ᠎ᠡ ᠦᠵᠡᠭᠦᠯᠬᠦ᠌ ᠡᠭᠦᠳᠦᠨ ᠪᠠᠢᠭᠤᠯᠬᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠬᠦᠭᠵᠢᠬᠦᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠬᠠᠭᠤᠯᠭ᠎ᠠ ᠬᠥᠮᠦᠵᠢᠯ᠎ᠢ ᠴᠢᠩᠭᠠᠳᠬᠠᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌᠂ ᠬᠠᠮᠳᠤ ᠪᠡᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠰᠠᠢᠨ ᠰᠠᠢᠬᠠᠨ ᠠᠭᠤᠷ ᠠᠮᠢᠰᠭᠤᠯ᠎ᠢ ᠬᠦᠴᠦᠯᠡᠨ ᠪᠣᠶ ᠪᠣᠯᠭᠠᠨ᠎ᠠ᠃

《ᠬᠣᠲᠠ᠎ᠶ᠋ᠢᠨ ᠦᠨᠳᠦᠰᠦᠲᠡᠨ᠎ᠦ ᠠᠵᠢᠯ᠎ᠤᠨ ᠭᠣᠣᠯᠳᠠᠯᠭ᠎ᠠ ᠨᠢ ᠨᠡᠢᠭᠡᠮ ᠲᠣᠭᠣᠷᠢᠭ᠎ᠲᠤ ᠪᠠᠢᠨ᠎ᠠ᠃ ᠲᠥᠪ᠎ᠦᠨ ᠨᠢᠭᠡᠳᠦᠮᠡᠯ ᠹᠷᠣᠨᠲ᠎ᠤᠨ ᠬᠡᠯᠲᠡᠰ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠵᠡᠷᠭᠡ 7 ᠶᠠᠮᠤᠨ ᠵᠥᠪᠯᠡᠯ᠎ᠦᠨ ᠳᠠᠷᠤᠮᠠᠯᠯᠠᠨ ᠲᠠᠷᠬᠠᠭᠠᠭ᠍ᠰᠠᠨ〈ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠱᠢᠭᠢᠳᠭᠡᠯᠳᠤ  ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ〉 ᠶ᠋ᠢ ᠰᠠᠢᠲᠤᠷ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠲᠦᠨᠭᠯᠢᠶᠤᠤ ᠬᠤᠳᠠ ᠵᠢᠨ ᠬᠣᠷᠴᠢᠨ ᠲᠣᠭᠣᠷᠢᠭ ᠬᠣᠲᠠ᠎ᠶ᠋ᠢᠨ ᠬᠥᠮᠦᠨ ᠠᠮᠠ ᠣᠯᠠᠨ᠂ ᠨᠡᠭᠦᠳᠡᠯ ᠬᠥᠮᠦᠨ ᠠᠮᠠ ᠣᠯᠠᠨ ᠪᠠᠢᠬᠤ ᠪᠣᠳᠠᠲᠤ ᠪᠠᠢᠳᠠᠯ᠎ᠲᠠᠶ ᠤᠶᠠᠯᠳᠤᠭᠤᠯᠤᠨ᠂ 〈ᠠᠭᠤᠰᠤᠯᠴᠠᠨ ᠰᠠᠭᠤᠷᠢᠱᠢᠬᠤ ᠤᠯᠠᠭ᠎ᠠ  ᠦᠷᠳᠡᠬᠡ〉 ᠳ᠋ᠤ ᠱᠢᠭᠢᠳᠭᠡᠯᠳᠤ ᠮᠠᠶᠢᠭ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠢ ᠢᠳᠡᠪᠬᠢᠲᠡᠶ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠠᠩ ᠴᠢᠨᠠᠷ ᠰᠠᠢᠲᠠᠶ᠂ ᠨᠠᠩ ᠨᠠᠷᠢᠯᠢᠭ ᠦᠶ᠋ᠯᠡᠴᠢᠯᠡᠭᠡ ᠬᠠᠩᠭᠠᠪᠠ》 ᠭᠡᠵᠦ᠍ ᠬᠣᠷᠴᠢᠨ ᠲᠣᠭᠣᠷᠢᠭ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠳᠡᠳ᠋ ᠡᠷᠬᠢᠯᠡᠭ᠌ᠴᠢ ᠵᠢᠮᠢᠰ ᠬᠡᠯᠡᠪᠡ᠃

2024 ᠣᠨ᠎ᠳᠤ᠂ 《ᠠᠭᠤᠰᠤᠯᠴᠠᠨ ᠰᠠᠭᠤᠷᠢᠱᠢᠬᠤ ᠤᠯᠠᠭ᠎ᠠ ᠥᠷᠲᠡᠭᠡ》 ᠶ᠋ᠢ ᠠᠵᠢᠯᠯᠠᠭᠤᠯᠤᠭ᠍ᠰᠠᠨ᠎ᠠᠴᠠ ᠨᠠᠭᠠᠰᠢ᠂ ᠦᠨᠳᠦᠰᠦᠲᠡᠨ᠎ᠤ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠡᠮᠬᠢᠯᠡᠨ ᠲᠡᠭᠦᠯᠳᠡᠷᠵᠢᠭᠦᠯᠵᠦ᠍᠂ ᠰᠠᠨᠠᠭᠠᠴᠢᠯᠠᠭᠠᠲᠤ ᠪᠤᠰᠤ ᠦᠶ᠋ᠯᠡᠴᠢᠯᠡᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠬᠦ᠌ ᠪᠣᠯᠭᠠᠨ ᠬᠤᠪᠢᠷᠠᠭᠤᠯᠵᠤ᠂ ᠢᠯᠡ ᠲᠣᠳᠣ ᠥᠨᠳᠥᠷ ᠪᠦᠲᠦᠮᠵᠢᠲᠡᠶ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠯᠠᠭᠤᠨ ᠳᠤᠯᠠᠭᠠᠨ《ᠬᠡᠷ ᠪᠦᠯᠢ》 ᠲᠠᠢ ᠪᠣᠯᠭᠠᠵᠠᠶ᠃ ᠪᠸᠢ ᠶᠤᠸᠠᠨ ᠨᠡᠢᠭᠡᠮ ᠲᠣᠭᠣᠷᠢᠭ᠎ᠨᠢ ᠡᠯ᠎ᠡ ᠱᠠᠲᠤᠨ᠎ᠤ 21 ᠴᠥᠭᠡᠨ ᠲᠣᠭᠠᠲᠤ ᠦᠨᠳᠦᠰᠦᠲᠡᠨ᠎ᠦ ᠡᠶᠡᠳᠡᠭᠦᠯᠦᠭ᠌ᠴᠢ᠎ᠶ᠋ᠢ ᠰᠣᠩᠭᠣᠨ ᠤᠷᠢᠵᠤ᠂ 600 ᠭᠠᠷᠤᠶ ᠵᠥᠷᠢᠴᠡᠯ ᠵᠠᠭᠤᠷᠠᠯᠳᠤᠭᠠᠨ᠎ᠢ ᠠᠮᠵᠢᠯᠲᠠ᠎ᠲᠠᠶ ᠡᠶᠡᠳᠡᠭᠦᠯᠦᠨ ᠱᠢᠶ᠋ᠳᠪᠦᠷᠢᠯᠡᠵᠦ᠍᠂ ᠡᠶᠡᠳᠡᠭᠦᠯᠦᠭᠰᠡᠨ ᠨᠣᠷᠮ᠎ᠠ ᠨᠢ 100%᠎ᠳ᠋ᠤ ᠬᠦᠷᠴᠦ᠍᠂ ᠪᠠᠭ᠎ᠠ ᠶᠠᠪᠤᠳᠠᠯ᠎ᠢ ᠨᠡᠢᠭᠡᠮ ᠲᠣᠭᠣᠷᠢᠭ᠎ᠠᠴᠠ ᠭᠠᠷᠭᠠᠬᠤ ᠥᠬᠡᠶ᠂ ᠦᠶ᠋ᠯᠡᠴᠢᠯᠡᠭᠡ ᠵᠢ ᠤᠯᠠᠨ ᠲᠦᠮᠡᠨ᠎ᠤ ᠳᠡᠷᠭᠡᠳᠡ  ᠬᠦᠷᠭᠡᠬᠦ ᠵᠢ ᠦᠨᠡᠨ ᠬᠦ᠌ ᠪᠡᠶᠡᠯᠡᠭᠦᠯᠪᠡ᠃ ᠢᠷᠡᠭᠡᠳᠦᠢ᠎ᠶ᠋ᠢᠨ ᠲᠥᠯᠥᠪᠵᠢᠭᠦᠯᠭᠡ᠎ᠶ᠋ᠢᠨ ᠲᠤᠬᠠᠢ ᠵᠢᠮᠢᠰ᠄《ᠳᠠᠷᠠᠭᠠᠴᠢ᠎ᠶ᠋ᠢᠨ ᠠᠯᠬᠤᠮ᠎ᠳᠤ᠂ ᠪᠢᠳᠡ〈ᠠᠭᠤᠰᠤᠯᠴᠠᠨ ᠰᠠᠭᠤᠷᠢᠱᠢᠬᠤ ᠤᠯᠠᠭ᠎ᠠ ᠥᠷᠲᠡᠭᠡ〉 ᠶ᠋ᠢ 112 ᠨᠡᠢᠭᠡᠮ ᠲᠣᠭᠣᠷᠢᠭ᠎ᠲᠤ ᠳᠡᠯᠭᠡᠷᠡᠭᠦᠯᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠨᠡᠩ ᠨᠠᠷᠢᠯᠢᠭ ᠤᠨᠤᠴᠠᠳᠠᠢ ᠦᠢᠯᠡᠴᠢᠯᠡᠭᠡ ᠬᠠᠩᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠤᠯᠠᠮ ᠴᠢᠨᠠᠭ᠍ᠰᠢᠳᠠ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠨ᠎ᠠ》 ᠬᠡᠵᠤ ᠶᠠᠷᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号