ᠦᠴᠦᠸᠠᠨ ᠱᠢᠶᠠᠨ᠄ ᠰᠤᠶᠤᠯ ᠵᠢᠭᠤᠯᠴᠢᠯᠠᠯ᠎ᠢᠶᠡᠷ ᠦᠨᠳᠦᠰᠦᠳᠡᠨ᠎ᠤ ᠠᠭᠤᠰᠤᠯᠴᠠᠯ᠎ᠢ ᠠᠬᠢᠭᠤᠯᠦᠨ᠎ᠠ
2025-07-28 10:27:15
ᠵᠣᠬᠢᠶᠠᠭ᠍ᠴᠢ᠄
ᠪᠤᠤ ᠢᠦᠢ ᠶᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ᠎ᠳᠦ᠂ ᠬᠥᠬᠡᠬᠣᠲᠠ᠎ᠶ᠋ᠢᠨ ᠦᠴᠦᠸᠠᠨ ᠱᠢᠶᠠᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠵᠢᠭᠤᠯᠴᠢᠯᠠᠯ᠎ᠤᠨ ᠠᠵᠤ ᠦᠶ᠋ᠯᠡᠰ᠎ᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠯᠭᠠᠭᠤᠷᠢ ᠠᠵᠤ ᠦᠶ᠋ᠯᠡᠰ ᠪᠣᠯᠭᠠᠨ᠂ ᠡᠯ᠎ᠡ ᠦᠨᠳᠦᠰᠦᠲᠡᠨ᠎ᠦ ᠥᠷᠭᠡᠨ ᠳᠡᠯᠭᠡᠷ ᠶᠠᠪᠤᠯᠴᠠᠭ᠎ᠠ᠂ ᠪᠥᠬᠥ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ᠎ᠢ ᠠᠬᠢᠭᠤᠯᠬᠤ ᠳᠤᠮᠳᠠᠬᠢ ᠪᠠᠢᠭᠠᠯᠢ᠎ᠶ᠋ᠢᠨ ᠳᠠᠪᠠᠭᠤᠯᠢᠭ ᠪᠠ ᠥᠪᠡᠷᠮᠢᠴᠡ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ 《ᠵᠢᠭᠤᠯᠴᠢᠯᠠᠯ᠎ᠢᠶᠠᠷ ᠠᠭᠤᠰᠤᠯᠴᠠᠯ᠎ᠢ ᠠᠬᠢᠭᠤᠯᠬᠤ》ᠱᠢᠨ᠎ᠡ ᠠᠷᠭ᠎ᠠ ᠵᠠᠮ᠎ᠢ ᠬᠦᠴᠦᠯᠡᠨ ᠰᠦᠪᠡᠭ᠌ᠴᠢᠯᠡᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠦᠨ᠎ᠠ᠃

ᠬᠠᠳᠠᠳᠤ ᠬᠠᠭᠠᠯᠭ᠎ᠠ ᠵᠢᠨ ᠦᠨᠳᠤᠷ ᠠᠭᠤᠯᠠᠨ᠎ᠤ᠎ᠲᠠᠯ᠎ᠠ ᠨᠤᠳᠤᠭ᠎ᠦᠨ ᠵᠢᠭᠤᠯᠴᠢᠯᠠᠯ᠎ᠦᠨ ᠤᠷᠤᠨ᠂ ᠠᠭᠤᠷ ᠬᠢᠷ᠎ᠠ ᠵᠢᠨ ᠥᠨᠳᠥᠷ ᠠᠭᠤᠯᠠ᠎ᠶ᠋ᠢᠨ ᠨᠤᠭᠤ ᠭᠠᠵᠠᠷ᠎ᠤᠨ ᠲᠠᠯ᠎ᠠ ᠨᠤᠲᠤᠭ ᠵᠡᠷᠭᠡ ᠭᠣᠣᠯᠯᠠᠬᠤ ᠡᠬᠢ ᠪᠠᠶᠠᠯᠢᠭ᠎ᠲᠠᠭᠠᠨ ᠲᠦᠱᠢᠭ᠌ᠯᠡᠨ᠂ ᠠᠷᠠᠳ᠎ᠤᠨ ᠵᠠᠩ ᠦᠢᠯᠡ᠎ᠶ᠋ᠢ ᠪᠡᠶᠡᠴᠢᠯᠡᠨ ᠣᠢᠯᠠᠭᠠᠬᠤ᠂ ᠰᠡᠯᠡᠭᠦᠴᠡᠨ ᠠᠮᠠᠷᠠᠬᠤ᠂ ᠠᠮᠢ ᠠᠬᠤᠢ᠎ᠶ᠋ᠢᠨ ᠵᠢᠭᠤᠯᠴᠢᠯᠠᠯ᠎ᠢ ᠨᠢᠭᠡ ᠴᠣᠭ᠍ᠴᠠᠵᠢᠭᠤᠯᠤᠭ᠍ᠰᠠᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠬᠠᠷᠠᠯᠳᠠᠳᠤ ᠭᠠᠵᠠᠷ᠎ᠢ ᠬᠦᠴᠦᠯᠡᠨ ᠪᠠᠢᠭᠤᠯᠵᠤ᠂ ᠬᠠᠳᠠᠲᠤ ᠬᠠᠭᠠᠯᠭ᠎ᠠ ᠵᠢᠨ ᠥᠨᠳᠥᠷ ᠠᠭᠤᠯᠠ᠎ᠶ᠋ᠢᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠣᠷᠣᠨ᠎ᠤ ᠪᠦᠲᠦᠭᠡᠨ ᠪᠠᠢᠭᠤᠯᠤᠯᠲᠠ ᠡᠵᠡᠩᠨᠡᠯᠲᠡ᠎ᠶ᠋ᠢ ᠭᠣᠣᠯᠳᠠᠯᠭ᠎ᠠ᠎ᠲᠠᠶ ᠠᠬᠢᠭᠤᠯᠵᠤ᠂ 《ᠮᠠᠨᠠᠨᠲᠤᠭ᠍ᠰᠠᠨ ᠣᠢ》 ᠨᠢ ᠬᠥᠬᠡᠬᠣᠲᠠ᠎ᠶ᠋ᠢᠨ 32 ᠭᠠᠵᠠᠷ᠎ᠦᠨ ᠲᠡᠮᠳᠡᠭ᠎ᠲᠦ ᠠᠮᠵᠢᠯᠳᠠ ᠲᠠᠢ ᠪᠡᠷ ᠰᠣᠩᠭᠣᠭ᠍ᠳᠠᠪᠠ; ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ ᠭᠠᠵᠠᠷ ᠵᠡᠷᠭᠡ ᠬᠤᠪᠢᠰᠭᠠᠯᠳᠤ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠬᠤᠪᠢᠰᠭᠠᠯᠳᠤ ᠵᠢᠭᠤᠯᠴᠢᠯᠠᠯ᠎ᠤᠨ  ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠬᠤ᠎ᠶ᠋ᠢᠨ ᠬᠠᠮᠲᠤ᠂ ᠤᠯᠤᠰ᠎ᠤᠨ 5A ᠲᠡᠰ᠎ᠤᠨ ᠦᠵᠡᠮᠵᠢ᠎ᠶ᠋ᠢᠨ ᠣᠷᠣᠨ᠎ᠢ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ ᠎ᠢ ᠤᠷᠢᠵᠤ ᠬᠤᠪᠢᠰᠭᠠᠯᠳᠤ ᠡᠬᠢ ᠪᠠᠶᠠᠯᠢᠭ᠎ᠢ ᠦᠨᠡᠯᠡᠨ ᠵᠢᠱ᠌ᠢᠵᠦ᠍ ᠪᠠᠢᠴᠠᠭᠠᠨ ᠰᠤᠳᠤᠯᠤᠯᠲᠠ ᠬᠢᠯᠭᠡᠵᠦ᠍᠂ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ᠎ᠭᠠᠵᠠᠷ᠎ᠤᠨ ᠵᠢᠭᠤᠯᠴᠢᠯᠠᠯ᠎ᠤᠨ ᠣᠷᠣᠨ᠎ᠢ ᠳᠡᠭᠡᠭ᠌ᠰᠢᠯᠡᠭᠦᠯᠦᠨ ᠥᠭᠡᠷᠡᠴᠢᠯᠡᠬᠦ᠌᠎ᠶ᠋ᠢ ᠠᠬᠢᠭᠤᠯᠵᠤ᠂ ᠰᠣᠳᠣᠨ ᠬᠤᠪᠢᠰᠭᠠᠯᠲᠤ ᠰᠤᠳᠤᠯᠤᠨ ᠰᠤᠷᠤᠯᠴᠠᠬᠤ ᠵᠠᠮ ᠱᠤᠭᠤᠮ᠎ᠢ ᠴᠣᠭ᠍ᠴᠠᠯᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ ᠪᠣᠯᠤᠨ ᠺᠠᠳ᠋ᠷ ᠤᠯᠠᠨ ᠲᠦᠮᠡᠨ᠎ᠤ ᠰᠤᠳᠤᠯᠤᠨ ᠰᠤᠷᠤᠯᠴᠠᠬᠤ ᠳ᠋ᠤ ᠰᠠᠢᠨ ᠰᠠᠢᠬᠠᠨ ᠨᠦᠬᠦᠴᠡᠯ ᠬᠠᠩᠭᠠᠵᠤ ᠪᠤᠢ᠃

《ᠴᠤᠭ ᠵᠢᠪᠬᠤᠭᠠᠳᠤ ᠤᠮᠠᠷᠠᠲᠤ ᠬᠢᠯᠢ·ᠲᠠᠨᠭᠰᠤᠭ ᠰᠠᠢᠬᠠᠨ ᠦᠴᠦᠸᠠᠨ》 ᠢ᠋ᠢᠠᠷ ᠭᠤᠤᠯ ᠰᠡᠳᠦᠪ ᠪᠣᠯᠭᠠᠨ《ᠦᠴᠦᠸᠠᠨ᠎ᠤ ᠶᠤᠸ᠋ᠮᠠᠶ᠎ᠶ᠋ᠢᠨ ᠰᠣᠶᠣᠯ᠎ᠤᠨ ᠨᠠᠢᠷ》ᠵᠡᠷᠭᠡ ᠲᠥᠷᠥᠯ ᠲᠡᠮᠳᠡᠭ᠌ᠲᠦ ᠪᠠᠶᠠᠷ ᠳᠤᠷᠠᠰᠭᠠᠯ᠎ᠤᠨ ᠠᠵᠢᠯᠯᠠᠭ᠎ᠠ᠎ᠶ᠋ᠢ ᠵᠠᠯᠭᠠᠭ᠎ᠠ᠎ᠪᠠᠷ ᠠᠮᠵᠢᠯᠲᠠ᠎ᠲᠠᠶ ᠡᠷᠭᠢᠯᠡᠵᠦ᠍᠂ ᠰᠣᠶᠣᠯ ᠵᠢᠭᠤᠯᠴᠢᠯᠠᠯ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠡᠷᠭᠡ ᠭᠤᠷᠪᠠᠨ ᠶᠡᠬᠡ ᠲᠦᠷᠦᠯ᠎ᠤᠨ  36 ᠵᠦᠶ᠋ᠯ᠎ᠦᠨ ᠶᠡᠷᠦᠩᠬᠡᠢᠯᠡᠭ᠌ᠰᠡᠨ ᠠᠵᠢᠯᠯᠠᠭ᠎ᠠ (ᠰᠣᠶᠣᠯ᠎ᠤᠨ ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠲᠥᠷᠥᠯ 17 ᠵᠦᠢᠯ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠲᠥᠷᠥᠯ 7 ᠵᠦᠢᠯ᠂ ᠴᠤᠤᠲᠠᠶ ᠬᠡᠭᠡᠷ᠎ᠡ ᠪᠠᠭᠤᠳᠠᠯᠯᠠᠬᠤ ᠲᠥᠷᠥᠯ 12 ᠵᠦᠢᠯ) ᠶ᠋ᠢ ᠤᠬᠠᠭᠠᠯᠠᠪᠠ᠃ 《5·1》᠂ 《5·19 ᠳᠤᠮᠳᠠᠳᠤ ᠵᠢᠨ ᠵᠢᠭᠤᠯᠴᠢᠯᠠᠯ᠎ᠤᠨ ᠡᠳᠦᠷ》᠂ 《ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ》 ᠎ᠤ᠋ ᠬᠤᠭᠤᠴᠠᠭᠠᠨ᠎ᠳᠤ᠂ ᠬᠤᠪᠢᠰᠭᠠᠯ᠎ᠤᠨ ᠭᠤᠤᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠵᠡᠷᠭᠡ ᠱᠢᠷᠢᠰ ᠠᠵᠢᠯᠯᠠᠭ᠎ᠠ᠎ᠶ᠋ᠢ ᠡᠷᠭᠢᠯᠡᠵᠦ᠍᠂ ᠵᠢᠭᠤᠯᠴᠢᠯᠠᠭᠰᠠᠳ᠎ᠢ ᠨᠡᠢᠲᠡ 7.8 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠬᠠᠳᠠᠳᠤ ᠬᠠᠭᠠᠯᠭ᠎ᠠ ᠵᠢᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠣᠷᠣᠨ᠎ᠤ ᠱᠢᠭᠤᠳ ᠨᠡᠪᠲᠡᠷᠡᠭᠦᠯᠭᠡ᠎ᠶ᠋ᠢᠨ ᠲᠠᠷᠤᠮ᠎ᠤᠨ ᠲᠤᠭ᠎ᠠ 900 ᠲᠦᠮᠡ + ᠎ᠳ᠋ᠤ ᠬᠦᠷᠴᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠶᠠᠪᠤᠯᠴᠠᠭ᠎ᠠ ᠰᠣᠯᠢᠯᠴᠠᠭᠠᠨ᠎ᠤ ᠦᠪᠡᠳᠡᠭ᠌ᠰᠢ ᠶᠡᠬᠡ ᠲᠠᠪᠴᠠᠩ ᠪᠣᠯᠤᠭ᠍ᠰᠠᠨ ᠪᠠᠢᠨ᠎ᠠ᠃

ᠬᠤᠪᠢᠰᠭᠠᠯᠳᠤ ᠰᠣᠶᠣᠯ᠂ ᠲᠠᠷᠢᠶᠠᠯᠠᠬᠤ ᠰᠣᠶᠣᠯ᠂ ᠲᠠᠯ᠎ᠠ ᠨᠤᠲᠤᠭ᠎ᠤᠨ ᠰᠣᠶᠣᠯ᠎ᠢ ᠵᠢᠭᠤᠯᠴᠢᠯᠠᠯ᠎ᠤᠨ ᠲᠠᠪᠴᠠᠩ᠎ᠢᠶᠠᠷ ᠳᠡᠯᠭᠡᠨ ᠦᠵᠡᠭᠦᠯᠬᠦ ᠪᠠ ᠤᠯᠠᠮᠵᠢᠯᠠᠨ ᠵᠠᠯᠭᠠᠮᠵᠢᠯᠠᠵᠤ᠂ ᠵᠢᠭᠤᠯᠴᠢᠯᠠᠭᠰᠠᠳ᠎ᠦᠨ ᠪᠡᠶᠡᠴᠢᠯᠡᠨ ᠣᠢᠯᠠᠭᠠᠬᠤ ᠠᠵᠢᠯᠯᠠᠭ᠎ᠠ ᠳᠤᠮᠳᠠ ᠳᠤᠮᠳᠠᠳᠤ᠎ᠶ᠋ᠢᠨ ᠰᠣᠶᠣᠯ᠎ᠤᠨ ᠣᠯᠠᠨ ᠡᠱᠢᠵᠢᠭ᠌ᠰᠡᠨ ᠨᠢᠭᠡ ᠴᠣᠭ᠍ᠴᠠᠵᠢᠭ᠍ᠰᠠᠨ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ  ᠰᠣᠯᠢᠯᠴᠠᠨ ᠬᠥᠳᠡᠯᠦᠯᠴᠡᠬᠦ᠌ ᠳᠤᠮᠳᠠ᠎ᠪᠠᠨ ᠳᠤᠮᠳᠠᠳᠤ᠎ᠶ᠋ᠢᠨ ᠰᠣᠶᠣᠯ᠎ᠤᠨ ᠢᠲᠡᠭᠡᠯ ᠪᠠ ᠦᠨᠳᠦᠰᠦᠲᠡᠨ᠎ᠨᠦᠭᠦᠳ᠎ᠦᠨ ᠰᠣᠶᠣᠯ᠎ᠤᠨ ᠲᠤᠬᠠᠶ ᠲᠠᠨᠢᠯᠲᠠ᠎ᠪᠠᠨ ᠴᠢᠩᠭᠠᠳᠭᠠᠵᠠᠶ᠃ ᠵᠢᠭᠤᠯᠴᠢᠯᠠᠯ᠎ᠤᠨ ᠠᠵᠢᠯᠯᠠᠭ᠎ᠠ ᠨᠢ ᠦᠨᠳᠦᠰᠦᠲᠡᠨ ᠨᠤᠬᠦᠳ᠎ᠦᠨ ᠤᠯᠠᠨ ᠲᠦᠮᠡᠨ᠎ᠳ᠋ᠤ ᠬᠠᠷᠢᠯᠴᠠᠨ ᠤᠢᠯᠠᠭᠠᠯᠴᠠᠬᠤ᠂ ᠬᠤᠷᠱᠢᠯᠴᠠᠬᠤ᠂ ᠬᠠᠮᠲᠤᠷᠠᠯᠴᠠᠬᠤ ᠲᠠᠪᠴᠠᠩ᠎ᠢ ᠬᠠᠨᠭᠭᠠᠨ ᠦᠭᠴᠤ᠂ ᠵᠢᠭᠤᠯᠴᠢᠯᠠᠭᠰᠠᠳ ᠪᠣᠯᠤᠨ ᠲᠤᠬᠠᠢ᠎ᠶ᠋ᠢᠨ ᠭᠠᠵᠠᠷ᠎ᠤᠨ ᠰᠠᠭᠤᠭᠠᠯᠢ ᠠᠷᠠᠳ᠎ᠤᠨ ᠬᠣᠭᠣᠷᠣᠨᠳᠣ᠂ ᠠᠳᠠᠯᠢ ᠪᠤᠰᠤ ᠦᠨᠳᠦᠰᠦᠲᠡᠨ᠎ᠦ ᠠᠵᠢᠯ ᠡᠷᠬᠢᠯᠡᠭ᠌ᠰᠡᠳ᠎ᠦᠨ ᠬᠣᠭᠣᠷᠣᠨᠳᠣ᠂ ᠲᠤᠰ ᠭᠠᠵᠠᠷ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠣᠭᠣᠷᠣᠨᠳᠣ ᠣᠢᠯᠠᠭᠠᠯᠴᠠᠭ᠎ᠠ᠎ᠪᠠᠨ ᠭᠦᠨᠵᠡᠭᠡᠢᠷᠡᠭᠦᠯᠬᠦ ᠵᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠥᠮᠦᠰ᠎ᠦᠨ ᠰᠡᠳᠭᠢᠯ᠎ᠳᠦ ᠨᠡᠩ ᠭᠦᠨ ᠬᠠᠳᠠᠩᠱᠢᠭᠤᠯᠵᠠᠢ᠃

ᠦᠴᠦᠸᠠᠨ ᠱᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠪᠡᠷ ᠡᠯ᠎ᠠ ᠲᠦᠷᠦᠯ᠎ᠦᠨ ᠠᠵᠢᠯ᠎ᠦᠨ ᠭᠤᠤᠯ ᠰᠢᠵᠢᠮ ᠪᠤᠯᠭᠠᠨ᠂ 《ᠵᠢᠭᠤᠯᠴᠢᠯᠠᠯ᠎ᠢᠶᠠᠷ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠬᠤ》 ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠡᠪ ᠳᠠᠭᠤᠷᠢᠶᠠᠯ᠎ᠢ ᠪᠤᠢ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠦᠴᠦᠸᠠᠨ᠎ᠤ ᠲᠠᠯ᠎ᠠ ᠨᠤᠳᠤᠭ ᠲᠸ᠋ ᠨᠡᠩ ᠭᠣᠢᠳᠠ ᠰᠠᠢᠬᠠᠨ ᠳᠡᠯᠭᠡᠷᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号