ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠣᠯᠬᠣᠪᠴᠢ ᠨᠤᠮᠤ ᠵᠢᠨ ᠤᠷᠤᠯᠳᠤᠭᠠᠨ ᠶᠠᠪᠤᠭᠳᠠᠪᠠ
2025-07-29 09:46:05
ᠵᠣᠬᠢᠶᠠᠭ᠍ᠴᠢ᠄
ᠯᠢ ᠼᠦᠨ ᠰᠢᠶᠠ
ᠣᠩᠱᠢᠭ᠍ᠰᠠᠨ ᠣᠳᠠᠭ᠎ᠠ᠄
★★★☆☆

ᠤᠷᠤᠯᠳᠤᠭᠠᠨ ᠤ᠋ ᠲᠠᠯᠠᠪᠠᠢ ᠳ᠋ᠤ᠂ ᠲᠠᠮᠢᠷᠴᠢᠳ ᠠᠨᠭᠬᠠᠷᠤᠯ ᠵᠢᠡᠨ ᠲᠦᠪᠯᠡᠷᠡᠬᠦᠯᠤᠨ᠂ ᠬᠠᠷᠠᠯᠳᠠ ᠪᠡᠨ ᠤᠨᠢᠯᠠᠨ ᠬᠠᠷᠪᠤᠨ᠎ᠠ ᠁7 ᠰᠠᠷ᠎ᠠ᠎ᠶᠢᠨ 28 ᠤ᠋ ᠡᠳᠦᠷ᠂ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠣᠯᠬᠣᠪᠴᠢ ᠨᠤᠮᠤ ᠵᠢᠨ ᠤᠷᠤᠯᠳᠤᠭᠠᠨ ᠬᠣᠶᠠᠳᠤᠭᠠᠷ ᠤᠷᠤᠯᠳᠤᠭᠠᠨ᠎ᠤ ᠡᠳᠦᠷ᠎ᠢᠶᠡᠨ ᠤᠭᠲᠤᠨ ᠠᠪᠤᠯ᠎ᠠ᠂ ᠡᠯ᠎ᠡ ᠠᠢᠮᠠᠭ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ 50 ᠭᠠᠷᠤᠢ ᠲᠠᠮᠢᠷᠴᠢᠨ ᠪᠠᠷᠢᠮᠵᠢᠶᠠᠲᠤ ᠬᠣᠯᠬᠣᠪᠴᠢ ᠨᠤᠮᠤ᠎ᠶᠢᠨ ᠤᠷᠤᠯᠳᠤᠭᠠᠨ ᠤ᠋ ᠬᠤᠪᠢ ᠬᠦᠮᠦᠨ ᠤ᠋ ᠵᠤᠬᠰᠤᠭ᠎ᠠ ᠬᠠᠷᠪᠤᠭ᠎ᠠ᠂ ᠴᠦᠬᠦᠷᠡᠭᠡ ᠬᠠᠷᠪᠤᠭ᠎ᠠ ᠤᠷᠤᠯᠳᠤᠭᠠᠨ ᠳ᠋ᠤ ᠦᠷᠢᠰᠦᠯᠳᠤᠪᠠ᠃

ᠲᠤᠰ ᠡᠳᠦᠷ᠎ᠦᠨ ᠦᠳᠡ᠎ᠶᠢᠨ ᠡᠮᠦᠨ᠎ᠡ ᠶᠠᠪᠤᠭᠳᠠᠭᠰᠠᠨ ᠪᠠᠷᠢᠮᠵᠢᠶᠠᠲᠤ ᠬᠣᠯᠬᠣᠪᠴᠢ ᠨᠤᠮᠤ᠎ᠶᠢᠨ ᠡᠷᠡᠭᠲᠡᠢ᠎ᠶᠢᠨ ᠬᠤᠪᠢ ᠬᠥᠮᠥᠨ᠎ᠦ ᠵᠣᠭᠰᠣᠭ᠎ᠠ ᠬᠠᠷᠪᠤᠭ᠎ᠠ ᠤᠷᠤᠯᠳᠤᠭᠠᠨ ᠤ᠋ ᠳᠤᠮᠳᠠ᠂ ᠬᠥᠬᠡᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠣᠯᠬᠣᠪᠴᠢ ᠨᠤᠮᠤ ᠵᠢᠨ ᠲᠠᠮᠢᠷᠴᠢᠨ ᠴᠢᠭ᠌ᠡᠴᠢ ᠬᠢᠷᠢ ᠬᠡᠮ᠎ᠦᠨ ᠤᠷᠤᠯᠳᠤᠭᠠᠨ᠎ᠳᠤ ᠲᠥᠷᠥᠭᠦᠯᠡᠭᠰᠡᠨ ᠬᠢᠷᠢ ᠪᠦᠲᠦᠮᠵᠢ᠎ᠪᠡᠷ ᠰᠢᠢᠳᠪᠦᠷᠢᠲᠦ ᠤᠷᠤᠯᠳᠤᠭᠠᠨ᠎ᠳᠤ ᠲᠤᠳᠤᠷᠠᠪᠠ᠃ ᠰᠢᠢᠳᠪᠦᠷᠢᠲᠦ ᠤᠷᠤᠯᠳᠤᠭᠠᠨ᠎ᠳᠤ ᠲᠡᠷᠡ ᠰᠡᠳᠬᠢᠯ ᠰᠠᠨᠠᠭ᠎ᠠ᠎ᠪᠠᠨ ᠲᠣᠭᠲᠠᠭᠤᠨ ᠪᠠᠢᠯᠭᠠᠵᠤ᠂ ᠬᠠᠷᠪᠤᠯᠳᠠ ᠵᠢᠨ ᠲᠦᠪᠰᠢᠨ ᠵᠢᠡᠨ ᠰᠠᠢᠳᠤᠷ ᠪᠠᠳᠠᠷᠠᠭᠤᠯᠵᠤ᠂ ᠡᠴᠦᠰ᠎ᠲᠡᠬᠡᠨ 96 ᠴᠠᠭᠠᠷᠢᠭ᠋᠎ᠤᠨ ᠬᠢᠷᠢ ᠪᠦᠲᠦᠮᠵᠢ᠎ᠪᠡᠷ ᠮᠠᠩᠯᠠᠢ ᠳ᠋ᠦ ᠳᠤᠳᠤᠷᠠᠪᠠ᠃

《ᠪᠢ ᠰᠢᠢᠳᠪᠦᠷᠢᠲᠦ ᠤᠷᠤᠯᠳᠤᠭᠠᠨ᠎ᠳᠤ ᠦᠨᠡᠨ᠎ᠳᠡᠭᠡᠨ ᠮᠠᠰᠢ ᠰᠠᠨᠳᠤᠷᠴᠤ ᠪᠠᠢᠵᠠᠢ᠂ ᠡᠬᠢᠯᠡᠭᠡᠳ ᠠᠩᠭᠢ᠎ᠶᠢᠨ ᠨᠥᠬᠥᠳ᠎ᠡᠴᠡ᠎ᠪᠡᠨ ᠬᠤᠪᠢ ᠬᠣᠴᠣᠷᠴᠤ ᠪᠠᠢᠪᠠ᠂ ᠲᠤᠬᠠᠢ᠎ᠶᠢᠨ ᠦᠶ᠎ᠡ᠎ᠳᠦ ᠪᠢ ᠥᠪᠡᠷ᠎ᠦᠨ ᠪᠡᠶ᠎ᠡ᠎ᠳᠡᠭᠡᠨ ᠵᠡᠪᠡᠯ ᠯᠠᠪᠳᠠᠭᠤᠨ ᠲᠣᠭᠲᠠᠭᠤᠨ᠂ ᠠᠩᠬᠠᠷᠤᠯ᠎ᠢᠶᠠᠨ ᠲᠥᠪᠯᠡᠷᠡᠭᠦᠯᠬᠦ ᠭᠡᠷᠡᠭᠳᠠᠢ ᠭᠡᠵᠤ ᠰᠠᠨᠠᠭᠤᠯᠵᠤ ᠪᠠᠢᠵᠠᠢ᠂ ᠬᠠᠮᠤᠭ ᠰᠡᠭᠦᠯ᠎ᠳᠦ ᠰᠢᠳᠦ ᠵᠠᠭᠤᠨ ᠠᠮᠵᠢᠯᠲᠠ ᠲᠠᠢ ᠪᠡᠷ ᠳᠠᠪᠠᠨ ᠭᠠᠷᠴᠤ᠂ ᠨᠢᠭᠡᠳᠦᠭᠡᠷ ᠳᠡᠰ᠎ᠤᠨ ᠱᠠᠩᠨᠠᠯ ᠣᠯᠣᠭᠰᠠᠨ᠎ᠳᠠᠭᠠᠨ ᠰᠡᠳᠬᠢᠯ ᠮᠠᠰᠢ ᠳᠣᠭᠳᠣᠯᠵᠤ ᠪᠠᠢᠨ᠎ᠠ》 ᠭᠡᠵᠤ ᠴᠢᠭᠡᠴᠢ ᠭᠡᠯᠡᠨ᠎ᠠ᠃ 《ᠡᠯ᠎ᠡ ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠲᠠᠮᠢᠷᠴᠢᠳ᠎ᠲᠠᠢ ᠬᠠᠮᠲᠤ ᠤᠷᠤᠯᠳᠤᠭᠠᠨ᠎ᠳᠤ ᠣᠷᠣᠯᠴᠠᠭᠠᠳ ᠮᠠᠰᠢ ᠪᠠᠶᠠᠷᠲᠠᠢ ᠪᠠᠢᠨ᠎ᠠ᠃ ᠤᠷᠤᠯᠳᠤᠭᠠᠨ᠎ᠤ ᠲᠠᠯᠠᠪᠤᠷ᠎ᠲᠤ ᠪᠢᠳᠡ ᠪᠣᠯ ᠡᠰᠡᠷᠭᠦ ᠡᠲᠡᠭᠡᠳ᠂ ᠲᠠᠯᠠᠪᠠᠢ᠎ᠶᠢᠨ ᠭᠠᠳᠠᠨ᠎ᠠ ᠣᠯᠠᠨ᠎ᠢᠶᠠᠷ᠎ᠢᠶᠠᠨ ᠴᠥᠮ ᠰᠠᠢᠨ ᠨᠠᠢᠵᠠ ᠶᠤᠮ᠃ ᠳᠠᠷᠠᠭᠠᠴᠢ᠎ᠶᠢᠨ ᠤᠷᠤᠯᠳᠤᠭᠠᠨ᠎ᠳᠤ ᠪᠢ ᠦᠷᠭᠦᠯᠵᠢᠯᠡᠨ ᠴᠢᠷᠮᠠᠢᠵᠤ᠂ ᠳᠠᠬᠢᠨ ᠰᠠᠢᠨ ᠬᠢᠷᠢ ᠪᠦᠲᠦᠮᠵᠢ ᠣᠯᠬᠤ᠎ᠪᠠᠷ ᠴᠢᠷᠮᠠᠢᠨ᠎ᠠ》 ᠭᠡᠵᠤ ᠲᠠᠷᠠ ᠬᠠᠷᠠᠯᠳᠠ ᠪᠠᠨ ᠲᠤᠳᠤᠷᠠᠭᠤᠯᠤᠨ᠎ᠠ᠃

ᠳᠠᠷᠠᠭ᠎ᠠ᠎ᠨᠢ ᠶᠠᠪᠤᠭ᠍ᠳᠠᠭ᠍ᠰᠠᠨ ᠪᠠᠷᠢᠮᠵᠢᠶᠠᠲᠤ ᠬᠣᠯᠬᠣᠪᠴᠢ ᠨᠤᠮᠤ᠎ᠶᠢᠨ ᠡᠮᠡᠭ᠌ᠲᠡᠶ᠎ᠶ᠋ᠢᠨ ᠬᠤᠪᠢ ᠬᠥᠮᠦᠨ᠎ᠦ ᠵᠣᠭ᠍ᠰᠣᠭ᠎ᠠ ᠳᠦᠷᠢ᠎ᠶᠢᠨ ᠤᠷᠤᠯᠳᠤᠭᠠᠨ᠎ᠤ ᠳᠤᠮᠳᠠ᠂ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠣᠯᠬᠣᠪᠴᠢ ᠨᠤᠮᠤ ᠬᠠᠷᠪᠤᠬᠤ ᠲᠠᠮᠢᠷᠴᠢᠨ ᠯᠢᠦ ᠢ ᠸᠸᠨ ᠭᠠᠷᠮᠠᠭᠠᠢᠯᠠᠵᠤ᠂ 97 ᠴᠠᠭᠠᠷᠢᠭ᠎ᠤᠨ ᠬᠢᠷᠢ ᠪᠦᠲᠦᠮᠵᠢ᠎ᠪᠡᠷ ᠨᠢᠭᠡᠳᠦᠭᠡᠷ ᠳᠡᠰ᠎ᠤᠨ ᠱᠠᠩᠨᠠᠯ ᠭᠠᠷᠳᠠᠪᠠ᠃

《ᠪᠠᠷᠢᠮᠵᠢᠶᠠᠲᠦ ᠬᠣᠯᠬᠣᠪᠴᠢ ᠨᠤᠮᠤ᠎ᠶ᠋ᠢᠨ ᠵᠣᠭ᠍ᠰᠣᠭ᠎ᠠ ᠳᠦᠷᠢ᠎ᠶᠢᠨ ᠤᠷᠤᠯᠳᠤᠭᠠᠨ ᠪᠣᠯ ᠮᠢᠨᠦ᠍ ᠳᠠᠪᠠᠭᠤᠯᠢᠭ ᠲᠠᠯ᠎ᠠ ᠪᠢᠰᠢ᠂ ᠡᠢᠮᠦ᠍᠎ᠡᠴᠡ ᠤᠷᠤᠯᠳᠤᠭᠠᠨ᠎ᠤ ᠲᠠᠯᠠᠪᠤᠷ᠎ᠲᠤ ᠮᠢᠨᠦ᠍ ᠰᠡᠳᠭᠢᠴᠡ᠎ᠶᠢᠨ ᠪᠠᠢᠳᠠᠯ ᠨᠡᠯᠢᠶᠡᠳ ᠲᠠᠢᠪᠤᠭᠤ ᠪᠠᠢᠵᠤ᠂ ᠨᠡᠯᠢᠶᠡᠳ ᠲᠣᠭ᠍ᠲᠠᠭᠤᠨ ᠪᠠᠢᠳᠠᠯ᠎ᠢᠶᠡᠨ ᠪᠠᠲᠤᠯᠠᠵᠦ᠂ ᠡᠴᠦᠰ᠎ᠲᠡᠬᠡᠨ 1 ᠴᠠᠭᠠᠷᠢᠭ᠎ᠤᠨ ᠳᠠᠪᠠᠭᠤᠯᠢᠭ᠎ᠢᠶᠠᠷ ᠨᠢᠭᠡᠳᠦᠭᠡᠷ ᠳᠡᠰ᠎ᠤᠨ ᠱᠠᠩᠨᠠᠯ ᠣᠯᠪᠠ》 ᠭᠡᠵᠤ ᠯᠢᠦ ᠢ ᠸᠸᠨ ᠭᠡᠯᠡᠨ᠎ᠠ᠃ 《ᠮᠢᠨᠦ᠍ ᠦᠵᠡᠬᠦ᠌᠎ᠪᠡᠷ᠂ ᠲᠤᠰ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠳᠡᠭᠡᠷ᠎ᠡ ᠭᠠᠷᠮᠠᠭᠠᠶ ᠬᠥᠮᠦᠰ ᠬᠤᠷᠠᠨ ᠴᠤᠭ᠍ᠯᠠᠷᠠᠵᠤ᠂ ᠡᠯ᠎ᠡ ᠠᠢᠮᠠᠭ ᠬᠣᠲᠠ᠎ᠡᠴᠡ ᠢᠷᠡᠭ᠌ᠰᠡᠨ ᠲᠠᠮᠢᠷᠴᠢᠳ᠎ᠲᠠᠶ ᠬᠠᠮᠲᠤ ᠨᠢᠭᠡ ᠲᠠᠯᠠᠪᠤᠷ᠎ᠲᠤ ᠤᠷᠤᠯᠳᠤᠵᠤ᠂ ᠬᠠᠷᠢᠯᠴᠠᠨ ᠪᠤᠳᠤᠯ ᠰᠠᠨᠠᠯ ᠵᠢᠴᠢ ᠮᠠᠷᠭᠡᠵᠢᠯ ᠲᠤᠷᠰᠢᠯᠭ᠎ᠠ ᠪᠠᠨ ᠰᠣᠯᠢᠯᠴᠠᠨ ᠰᠤᠷᠤᠯᠴᠠᠵᠤ ᠪᠠᠢᠭ᠎ᠠ᠎ᠳᠠᠭᠠᠨ ᠮᠠᠰᠢ ᠠᠵᠠ᠎ᠲᠠᠶ ᠰᠠᠨᠠᠭᠳᠠᠵᠤ ᠪᠠᠢᠨ᠎ᠠ》 ᠭᠡᠵᠤ ᠲᠡᠷᠡ ᠪᠤᠳᠤᠯ᠎ᠵᠢᠡᠨ ᠲᠡᠯᠭᠡᠵᠤ ᠭᠠᠷᠤᠯ᠎ᠠ᠃

ᠬᠣᠯᠬᠣᠪᠴᠢ ᠨᠤᠮᠤ ᠬᠠᠷᠪᠤᠬᠤ ᠤᠷᠤᠯᠳᠤᠭᠠᠨ᠎ᠤ ᠲᠠᠯᠠᠪᠤᠷ᠎ᠲᠤ ᠨᠢᠬᠡᠨ 59 ᠨᠠᠰᠤᠲᠠᠶ ᠠᠬᠠᠮᠠᠳ ᠲᠠᠮᠢᠷᠴᠢᠨ — ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠲᠠᠮᠢᠷᠴᠢᠨ ᠭᠦᠸᠧ ᠯᠢ ᠯᠢ ᠪᠠᠢᠪᠠ᠂ ᠲᠡᠷᠡ ᠪᠥᠬᠥ᠌ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠤ ᠣᠯᠠᠨ ᠤᠳᠠᠭ᠎ᠠ ᠤᠷᠤᠯᠳᠤᠵᠤ᠂ ᠥᠪᠥᠷ ᠮᠣᠩᠭᠣᠯ᠎ᠢ ᠲᠥᠯᠥᠭᠡᠯᠡᠨ ᠪᠥᠬᠥ᠌ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ ᠥᠩᠭᠡᠷᠡᠵᠡᠶ᠃

7 ᠰᠠᠷ᠎ᠠ᠎ᠶ᠋ᠢᠨ 27᠎ᠡᠴᠡ 28᠎ᠤ᠋ ᠡᠳᠦᠷ ᠪᠣᠯᠲᠠᠯᠠᠬᠢ ᠬᠣᠶᠠᠷ ᠡᠳᠦᠷ᠎ᠦᠨ ᠤᠷᠤᠯᠳᠤᠭᠠᠨ᠎ᠳᠤ᠂ ᠭᠦᠸᠧ ᠯᠢ ᠯᠢ ᠲᠣᠭ᠍ᠲᠠᠭᠤᠨ ᠪᠠᠢᠳᠠᠯ᠎ᠢᠶᠠᠨ ᠪᠠᠲᠤᠯᠠᠵᠤ᠂ ᠬᠣᠶᠠᠳᠤᠭᠠᠷ ᠳᠡᠰ᠎ᠤᠨ ᠱᠠᠩᠨᠠᠯ 1᠂ ᠭᠤᠷᠪᠠᠳᠤᠭᠠᠷ ᠳᠡᠰ᠎ᠤᠨ ᠱᠠᠩᠨᠠᠯ 3 ᠎ᠬᠦᠷᠲᠡᠪᠡ᠃ 《ᠪᠢ ᠬᠣᠯᠬᠣᠪᠴᠢ ᠨᠤᠮᠤ ᠬᠠᠷᠪᠤᠬᠤ ᠡᠨᠡ ᠬᠦ᠌ ᠲᠥᠷᠥᠯ ᠵᠦᠢᠯ᠎ᠳᠦ ᠮᠠᠰᠢ ᠳᠤᠷᠠᠲᠠᠶ᠂ ᠣᠨᠢᠯᠠᠬᠤ᠂ ᠬᠠᠷᠪᠤᠬᠤ ᠶᠠᠪᠤᠴᠠ᠎ᠳᠤ ᠮᠠᠰᠢ ᠵᠢᠷᠭᠠᠯ ᠲᠠᠢ ᠰᠠᠨᠠᠭᠳᠠᠵᠤ᠂ ᠤᠳᠠᠭ᠎ᠠ ᠪᠦᠷᠢ᠎ᠶ᠋ᠢᠨ ᠤᠷᠤᠯᠳᠤᠭᠠᠨ᠎ᠳᠤ ᠪᠢ ᠴᠥᠮ ᠪᠦᠬᠦ᠌ ᠬᠦᠴᠦ᠍᠎ᠪᠡᠨ ᠱᠢᠪᠬᠠᠵᠤ᠂ 10 ᠴᠠᠭᠠᠷᠢᠭ ᠬᠠᠷᠪᠤᠪᠠᠯ ᠳᠠᠷᠤᠢ ᠮᠠᠰᠢ ᠪᠠᠶᠠᠷᠯᠠᠳᠠᠭ》 ᠭᠡᠵᠤ  ᠭᠦᠸᠧ ᠯᠢ ᠯᠢ ᠭᠡᠯᠡᠨ᠎ᠠ᠃《ᠪᠢ ᠪᠠᠰᠠ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ᠎ᠪᠠᠷ ᠳᠠᠮᠵᠢᠨ᠂ ᠮᠠᠨ᠎ᠤ ᠪᠢᠴᠢᠬᠠᠨ ᠲᠠᠮᠢᠷᠴᠢᠳ᠎ᠲᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠦᠵᠡᠭᠦᠯᠵᠦ᠍᠂ ᠲᠡᠳᠡᠨ᠎ᠢ ᠦᠷᠭᠦᠯᠵᠢᠯᠡᠨ ᠱᠢᠷᠭᠠᠭᠤ ᠬᠠᠲᠠᠭᠤᠵᠢᠯᠲᠠᠢ ᠪᠣᠯᠪᠠᠰᠤᠷᠠᠬᠤ᠎ᠵᠢ ᠵᠤᠷᠢᠭᠵᠢᠭᠤᠯᠵᠤ᠂ ᠨᠤᠲᠤᠭ ᠤᠰᠤᠨ᠎ᠳᠠᠭᠠᠨ ᠭᠡᠷᠡᠯ ᠭᠢᠯᠪᠠᠭ᠎ᠠ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ》 ᠭᠡᠵᠤ  ᠲᠡᠷᠡ ᠬᠦᠰᠡᠯ ᠵᠤᠷᠢᠯᠳᠠ ᠪᠠᠨ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号