ᠤᠰᠤᠨ ᠠᠱᠢᠭ᠍ᠯᠠᠯᠲᠠ᠎ᠶ᠋ᠢᠨ ᠶᠠᠮᠤᠨ ᠡᠴᠡ ᠪᠡᠭᠡᠵᠢᠩ᠎ᠳᠦ ᠦᠶᠡᠷ᠎ᠦᠨ ᠤᠰᠤ᠎ᠶ᠋ᠢ ᠰᠡᠷᠭᠡᠢᠯᠡᠬᠦ᠌ IV ᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢ ᠡᠬᠢᠯᠡᠭᠦᠯᠪᠡ
2025-07-29 10:07:57
ᠵᠣᠬᠢᠶᠠᠭ᠍ᠴᠢ᠄
ᠸᠧᠶ ᠬᠣᠩ ᠢ
ᠣᠩᠱᠢᠭ᠍ᠰᠠᠨ ᠣᠳᠠᠭ᠎ᠠ᠄
★★★☆☆

ᠬᠠᠮᠢᠶ᠎ᠠ ᠪᠥᠬᠥᠶ ᠲᠦᠷᠢᠮ᠎ᠢ ᠦᠨᠳᠦᠰᠦᠯᠡᠨ᠂ ᠤᠰᠤᠨ ᠠᠱᠢᠭ᠍ᠯᠠᠯᠲᠠ᠎ᠶ᠋ᠢᠨ ᠶᠠᠮᠤᠨ ᠡᠴᠡ 7 ᠰᠠᠷ᠎ᠠ᠎ᠶ᠋ᠢᠨ 27 ᠎ᠤ᠋ ᠡᠳᠦᠷ ᠪᠡᠭᠡᠵᠢᠩ ᠬᠣᠲᠠ᠎ᠳᠤ ᠦᠶᠡᠷ᠎ᠦᠨ ᠤᠰᠤ᠎ᠶ᠋ᠢ ᠰᠡᠷᠭᠡᠢᠯᠡᠬᠦ᠌ IV ᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢ ᠡᠬᠢᠯᠡᠭᠦᠯᠪᠡ᠃

ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠠᠮᠢᠶ᠎ᠠ ᠪᠥᠬᠥᠶ ᠬᠠᠷᠢᠭᠤᠴᠠᠯᠭᠠᠲᠠᠨ᠂ 7 ᠰᠠᠷ᠎ᠠ᠎ᠶ᠋ᠢᠨ 24 ᠎ᠤ᠋ ᠡᠳᠦᠷ᠎ᠡᠴᠡ ᠨᠠᠭᠠᠰᠢ ᠂ ᠬᠠᠢᠾᠧ ᠭᠤᠤᠯ᠎ᠤᠨ ᠰᠠᠪᠠ ᠭᠠᠵᠠᠷ᠎ᠤᠨ ᠴᠤᠤ ᠪᠠᠶ ᠾᠧ ᠭᠤᠤᠯ᠎ᠳᠤ ᠱᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ᠎ᠲᠤ ᠲᠤᠭᠰᠢᠨ ᠪᠣᠷᠣᠭᠠᠨ᠎ᠴᠢᠨᠠᠬᠰᠢᠯᠠᠨ ᠣᠨᠴᠠ ᠶᠡᠬᠡ ᠲᠤᠭᠰᠢᠨ ᠪᠣᠷᠣᠭᠠᠨ ᠣᠷᠣᠵᠠᠶ᠃ 7 ᠰᠠᠷ᠎ᠠ᠎ᠶ᠋ᠢᠨ 27 ᠎ᠤ᠋ ᠡᠳᠦᠷ᠂ ᠴᠤᠤ ᠪᠠᠶ ᠾᠧ ᠭᠣᠣᠯ᠎ᠤᠨ ᠭᠣᠣᠯ ᠤᠷᠤᠰᠭᠠᠯ ᠪᠣᠯᠬᠤ ᠮᠢ ᠶᠦᠨ ᠤᠰᠤᠨ ᠴᠥᠭᠥᠷᠥᠮ᠎ᠳᠦ 1959 ᠣᠨ᠎ᠳᠤ ᠤᠰᠤᠨ ᠴᠥᠭᠥᠷᠥᠮ᠎ᠢ ᠪᠠᠢᠭᠤᠯᠤᠭᠰᠠᠨ᠎ᠡᠴᠡ ᠨᠠᠭᠠᠱᠢᠬᠢ ᠬᠠᠮᠤᠭ᠎ᠤᠨ ᠶᠡᠬᠡ ᠦᠶᠡᠷ᠎ᠦᠨ ᠭᠠᠮᠱᠢᠭ ᠪᠤᠯᠪᠠ᠃ ᠵᠢᠱ᠌ᠢᠯᠲᠡ᠎ᠪᠡᠷ ᠢᠷᠡᠬᠦ᠌ 3 ᠡᠳᠦᠷ᠎ᠲᠦ ᠴᠤᠤ ᠪᠠᠶ ᠾᠧ ᠭᠤᠤᠯ᠎ᠳᠤ ᠮᠥᠨ ᠯᠡ ᠳᠤᠮᠳᠠ᠎ᠡᠴᠡ ᠶᠡᠬᠡ ᠪᠣᠷᠣᠭᠠᠨ ᠣᠷᠣᠵᠤ᠂ ᠬᠡᠰᠡᠭ ᠭᠠᠵᠠᠷ᠎ᠲᠤ ᠱᠢᠷᠦᠭᠦᠨ ᠪᠣᠷᠣᠭᠠᠨ ᠤᠷᠤᠵᠤ᠂ ᠴᠤᠤ ᠾᠧ ᠭᠤᠤᠯ ᠂ ᠪᠠᠶ ᠾᠧ ᠭᠤᠤᠯ᠎ᠳᠤ ᠤᠷᠤᠰᠤᠨ ᠤᠷᠤᠵᠤ ᠢᠷᠡᠬᠦ ᠤᠰᠤ ᠳᠣᠯᠭᠢᠶᠠᠯᠠᠬᠤ ᠪᠠᠢᠳᠠᠯ᠎ᠲᠠᠶ ᠪᠠᠢᠵᠤ᠂ ᠱᠢᠷᠦᠭᠦᠨ ᠪᠣᠷᠣᠭᠠᠨ᠎ᠤ ᠣᠷᠣᠨ᠎ᠤ ᠳᠣᠲᠣᠷᠠᠬᠢ ᠬᠡᠰᠡᠭ ᠳᠤᠮᠳᠠ ᠪᠠᠭ᠎ᠠ ᠭᠤᠤᠯ ᠮᠥᠷᠡᠨ᠎ᠳᠦ ᠰᠡᠷᠡᠮᠵᠢ᠎ᠶ᠋ᠢᠨ ᠱᠤᠭᠤᠮ᠎ᠡᠴᠡ ᠳᠠᠪᠠᠭ᠍ᠰᠠᠨ ᠦᠶᠡᠷ ᠭᠠᠷᠴᠤ᠌ ᠮᠡᠳᠡᠨ᠎ᠡ ᠭᠡᠵᠦ ᠲᠠᠨᠢᠯᠴᠠᠭᠤᠯᠪᠠ᠃

ᠭᠠᠷᠴᠤ᠌ ᠮᠡᠳᠡᠬᠦ᠌ ᠦᠶᠡᠷ᠎ᠦᠨ ᠪᠠᠢᠳᠠᠯ᠎ᠳᠤ ᠴᠢᠭ᠌ᠯᠡᠭᠦᠯᠦᠨ᠂ ᠤᠰᠤᠨ ᠠᠱᠢᠭ᠍ᠯᠠᠯᠲᠠ᠎ᠶ᠋ᠢᠨ ᠶᠠᠮᠤᠨ ᠡᠴᠡ ᠨᠢᠭᠡᠨᠲᠡ ᠣᠷᠣᠨ ᠨᠤᠲᠤᠭ᠎ᠤᠨ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ ᠪᠣᠯᠤᠨ ᠬᠣᠯᠪᠣᠭ᠍ᠳᠠᠯ ᠪᠥᠬᠥᠶ ᠰᠠᠪᠠ ᠭᠠᠵᠠᠷ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢ ᠴᠠᠭ ᠠᠭᠤᠷ᠎ᠤᠨ ᠬᠤᠪᠢᠷᠠᠯᠲᠠ᠎ᠶ᠋ᠢ ᠨᠢᠭ᠍ᠲᠠ ᠠᠵᠢᠭ᠍ᠯᠠᠵᠤ᠂ ᠪᠣᠷᠣᠭᠠᠨ᠎ᠤ ᠪᠠᠢᠳᠠᠯ ᠤᠰᠤᠨ᠎ᠤ ᠪᠠᠢᠳᠠᠯ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌᠎ᠶ᠋ᠢ ᠴᠢᠩᠭᠠᠳᠭᠠᠨ᠂ ᠤᠷᠢᠳᠴᠢᠯᠠᠨ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠨᠡᠢᠲᠡᠯᠡᠵᠦ᠍᠂ ᠦᠶᠡᠷ᠎ᠢ ᠰᠡᠷᠭᠡᠢᠯᠡᠬᠦ᠌ ᠪᠠᠷᠢᠯᠭ᠎ᠠ᠎ᠶ᠋ᠢᠨ ᠱᠢᠰᠲ᠋ᠧᠮ᠎ᠢ ᠱᠢᠨᠵᠢᠯᠡᠬᠦ᠌ ᠤᠬᠠᠭᠠᠨᠴᠢ᠎ᠪᠠᠷ ᠤᠨᠢᠨ ᠲᠡᠬᠡᠷ᠎ᠡ ᠨᠢ ᠲᠣᠬᠢᠷᠠᠭᠤᠯᠵᠤ᠂ ᠪᠠᠢᠭᠤᠯᠵᠤ ᠪᠠᠢᠭ᠎ᠠ ᠪᠠᠷᠢᠯᠭ᠎ᠠ᠂ ᠤᠰᠤᠨ ᠴᠥᠭᠥᠷᠥᠮ ᠵᠡᠷᠭᠡ᠎ᠶ᠋ᠢᠨ ᠦᠶᠡᠷ᠎ᠤᠨ ᠬᠤᠭᠤᠴᠠᠭ᠎ᠠ ᠵᠢ ᠠᠮᠤᠷ ᠲᠦᠪᠱᠢᠨ᠎ᠢᠶᠡᠷ ᠥᠩᠭᠡᠷᠡᠭᠦᠯᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ ᠬᠠᠱᠢᠯᠭ᠎ᠠ ᠳᠠᠯᠠᠩ᠎ᠢ ᠲᠣᠭᠣᠷᠢᠨ ᠪᠠᠢᠴᠠᠭᠠᠵᠤ ᠰᠡᠷᠭᠡᠢᠯᠡᠨ ᠰᠠᠬᠢᠬᠤ᠎ᠶ᠋ᠢ ᠴᠢᠩᠭᠠᠳᠭᠠᠵᠤ᠂ ᠲᠦᠭ᠌ᠰᠢᠭᠦᠷᠢᠲᠦ ᠪᠠᠢᠳᠠᠯ᠎ᠢ ᠡᠷᠲᠡ ᠢᠯᠡᠷᠡᠭᠦᠯᠬᠦ᠌᠂ ᠡᠷᠲᠡ ᠱᠢᠶ᠋ᠳᠪᠦᠷᠢᠯᠡᠬᠦ᠌᠎ᠶ᠋ᠢ ᠪᠡᠶᠡᠯᠡᠭᠦᠯᠵᠦ᠍᠂ ᠳᠤᠮᠳᠠ ᠪᠠᠭ᠎ᠠ ᠭᠤᠤᠯ ᠮᠥᠷᠡᠨ᠎ᠦ ᠦᠶᠡᠷ ᠪᠠ ᠠᠭᠤᠯᠠᠨ ᠦᠶᠡᠷ᠎ᠦᠨ ᠭᠠᠮᠱᠢᠭ᠎ᠢ ᠰᠡᠷᠭᠡᠢᠯᠡᠬᠦ᠌ ᠵᠡᠷᠭᠡ ᠠᠵᠢᠯ᠎ᠢ ᠰᠠᠢᠲᠤᠷ ᠬᠢᠵᠦ᠍᠂ ᠠᠶᠤᠯᠲᠠᠶ ᠣᠷᠣᠨ᠎ᠤ ᠬᠥᠮᠦᠰ᠎ᠢ ᠤᠷᠢᠳᠴᠢᠯᠠᠨ ᠱᠢᠯᠵᠢᠭᠦᠯᠵᠦ᠍᠂ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃

ᠣᠳᠣᠬᠠᠨ᠎ᠳᠤ᠂ ᠤᠰᠤᠨ ᠠᠱᠢᠭ᠍ᠯᠠᠯᠲᠠ᠎ᠶ᠋ᠢᠨ ᠶᠠᠮᠤᠨ ᠡᠴᠡ ᠨᠢᠭᠡᠨᠲᠡ ᠲᠤᠰᠭᠠᠶ ᠮᠡᠷᠭᠡᠵᠢᠯᠲᠡᠨ᠎ᠦ ᠳᠤᠭᠤᠢᠯᠠᠩ ᠲᠣᠮᠢᠯᠠᠵᠤ ᠪᠡᠭᠡᠵᠢᠩ ᠬᠣᠲᠠ᠎ᠶ᠋ᠢᠨ ᠦᠶᠡᠷ᠎ᠢ ᠰᠡᠷᠭᠡᠢᠯᠡᠬᠦ᠌ ᠡᠮᠦᠨ᠎ᠡ ᠹᠷᠣᠨᠲ᠎ᠲᠤ ᠣᠴᠢᠭᠤᠯᠤᠨ ᠤᠰᠤᠨ᠎ᠤ ᠢᠨᠵᠧᠨᠧᠷᠢᠩ᠎ᠦᠨ ᠲᠣᠬᠢᠷᠠᠭᠤᠯᠤᠯᠲᠠ᠂ ᠠᠭᠤᠯᠠᠨ ᠦᠶᠡᠷ᠎ᠦᠨ ᠭᠠᠮᠱᠢᠭ᠎ᠢ ᠰᠡᠷᠭᠡᠢᠯᠡᠬᠦ᠌ ᠵᠡᠷᠭᠡ ᠠᠵᠢᠯ᠎ᠢ ᠬᠠᠪᠰᠤᠷᠤᠨ ᠵᠢᠯᠣᠭᠣᠳᠴᠤ᠌ ᠪᠠᠢᠨ᠎ᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 7 ᠰᠠᠷ᠎ᠠ᠎ᠶ᠋ᠢᠨ 27 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号