ᠰᠤᠷᠪᠤᠯᠵᠢᠯᠠᠭᠴᠢ ᠬᠥᠬᠡᠬᠣᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠡᠴᠠ ᠤᠢᠯᠠᠭᠠᠭᠰᠠᠨ᠎ᠢᠶᠡᠷ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠦ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠱᠠᠲᠤ ᠬᠤᠪᠢᠶᠠᠨ ᠣᠨᠣᠱᠢᠯᠠᠨ ᠡᠮᠨᠡᠬᠦ᠌᠎ᠶ᠋ᠢ ᠠᠬᠢᠭᠤᠯᠬᠤ᠎ᠶ᠋ᠢᠨ ᠲᠥᠯᠥᠭᠡ ᠬᠥᠬᠡᠬᠣᠲᠠ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠭᠦᠳᠡᠨ ᠡᠮᠨᠡᠯᠭᠡ᠎ᠶ᠋ᠢᠨ ᠨᠢᠭᠡᠳᠦᠯᠲᠡᠶ ᠲᠥᠯᠥᠪᠯᠡᠬᠦ᠌ ᠠᠱᠢᠭ᠍ᠲᠠᠶ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠂ 7 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠎ᠶ᠋ᠢᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠭᠦᠳᠡᠨ ᠡᠮᠨᠡᠯᠭᠡ᠎ᠶ᠋ᠢᠨ ᠨᠢᠭᠡᠳᠦᠯᠲᠡᠶ ᠲᠥᠯᠥᠪᠯᠡᠠ ᠦᠭᠬᠦ ᠬᠢᠵᠠᠭᠠᠷ ᠲᠣᠭ᠎ᠠ᠎ᠶ᠋ᠢ ᠤᠤᠯ᠎ᠤᠨ ᠪᠠᠷᠢᠮᠵᠢᠶ᠎ᠠ᠎ᠠᠴᠠ 1200 ᠲᠥᠭᠥᠷᠢᠭ ᠪᠣᠯᠭᠠᠨ ᠳᠡᠭᠡᠭ᠌ᠰᠢᠯᠡᠭᠦᠯᠵᠠᠢ᠃
ᠲᠣᠰ ᠤᠳᠠᠭᠠᠨ ᠤ ᠲᠥᠷᠥ᠎ᠶ᠋ᠢᠨ ᠪᠣᠳᠣᠯᠭ᠎ᠠ ᠶ᠋ᠢᠨ ᠲᠣᠬᠢᠷᠠᠭᠤᠯᠤᠯᠲᠠ ᠨᠢ ᠡᠮ ᠡᠮᠨᠡᠯᠭᠡ᠎ᠶ᠋ᠢᠨ ᠳᠠᠭᠠᠳᠭᠠᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠤᠯᠠᠮ ᠱᠢᠯᠢᠳᠡᠭ᠌ᠵᠢᠭᠦᠯᠵᠦ᠍᠂ ᠳᠠᠭᠠᠳᠭᠠᠯ᠎ᠳᠤ ᠣᠷᠣᠯᠴᠠᠭ᠍ᠰᠠᠨ ᠰᠠᠭᠤᠭᠠᠯᠢ ᠠᠷᠠᠳ᠎ᠲᠤ ᠦᠨᠳᠦᠰᠦᠨ ᠱᠠᠲᠤᠨ᠎ᠳᠤ ᠡᠮᠨᠡᠭᠦᠯᠬᠦ᠌ ᠦᠶ᠎ᠡ᠎ᠳᠦ ᠨᠠᠩ ᠶᠡᠬᠡ ᠲᠣᠭᠠᠨ᠎ᠤ ᠡᠮ ᠡᠮᠨᠡᠯᠭᠡ᠎ᠶ᠋ᠢᠨ ᠵᠠᠷᠤᠳᠠᠯ᠎ᠤᠨ ᠲᠠᠩᠰᠠ ᠲᠠᠢᠯᠬᠤ ᠬᠠᠷᠠᠭᠠᠯᠵᠠᠯ ᠬᠦᠷᠲᠡᠭᠡᠵᠦ᠍᠂ ᠣᠯᠠᠨ ᠲᠦᠮᠡᠨ᠎ᠦ ᠡᠮ ᠡᠮᠨᠡᠯᠭᠡ᠎ᠶ᠋ᠢᠨ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠵᠤᠷᠢᠪᠠ᠃ ᠡᠭᠦᠨ᠎ᠦ ᠬᠠᠮᠲᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢ ᠠᠮᠤᠷ ᠲᠦᠪᠱᠢᠨ᠂ ᠵᠦᠶ ᠵᠣᠬᠢᠰᠲᠠᠶ ᠬᠡᠷᠡᠭ᠌ᠯᠡᠬᠦ᠌᠎ᠶ᠋ᠢ ᠪᠠᠲᠤᠯᠠᠬᠤ᠎ᠶ᠋ᠢᠨ ᠲᠥᠯᠥᠭᠡ ᠡᠯ᠎ᠡ ᠱᠠᠲᠤᠨ᠎ᠤ ᠡᠮᠴᠢᠯᠡᠬᠡᠨ ᠤ᠋ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠬᠢᠨᠠᠨ ᠬᠠᠮᠢᠶᠠᠷᠬᠤ ᠡᠷᠴᠢᠮ᠎ᠢᠶᠡᠨ ᠴᠢᠩᠭᠠᠷᠠᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠮᠡᠳᠡᠯᠭᠡ᠎ᠶ᠋ᠢᠨ ᠬᠥᠮᠥᠷᠭᠡ᠂ ᠲᠦᠷᠢᠮ᠎ᠦᠨ ᠬᠥᠮᠥᠷᠭᠡ᠎ᠶ᠋ᠢ ᠪᠦᠷᠢᠨᠱᠢᠭᠦᠯᠵᠦ᠍᠂ ᠬᠡᠪ᠎ᠦᠨ ᠪᠤᠰᠤ ᠲᠡᠰᠦᠯᠦᠨ ᠪᠤᠳᠤᠭ᠍ᠰᠠᠨ ᠲᠣᠭ᠎ᠠ ᠪᠠᠷᠢᠮᠲᠠ᠎ᠳᠤ ᠴᠢᠭ᠌ᠯᠡᠭᠦᠯᠦᠨ ᠴᠠᠭ ᠲᠤᠬᠠᠶ᠎ᠳᠤᠨᠢ ᠤᠷᠢᠳᠴᠢᠯᠠᠨ ᠰᠡᠷᠡᠮᠵᠢᠯᠡᠭᠦᠯᠵᠦ᠍᠂ ᠳᠠᠭᠠᠳᠭᠠᠯ ᠢ ᠮᠡᠬᠡᠯᠡᠨ ᠠᠪᠬᠤ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦ ᠪᠤᠯᠤᠨ᠎ᠠ᠃
ᠣᠢᠯᠠᠭᠠᠭ᠍ᠰᠠᠨ᠎ᠢᠶᠠᠷ᠂ ᠡᠮ ᠡᠮᠨᠡᠯᠭᠡ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ᠎ᠶ᠋ᠢᠨ ᠲᠥᠯᠥᠭᠡ ᠬᠥᠬᠡᠬᠣᠲᠠ᠎ᠶ᠋ᠢᠨ ᠡᠮᠴᠢᠯᠡᠬᠡᠨ ᠤ᠋ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠡᠯ᠎ᠡ ᠱᠠᠲᠤᠨ᠎ᠤ ᠡᠮᠴᠢᠯᠡᠬᠡᠨ ᠤ᠋ ᠪᠠᠢᠭᠤᠯᠤᠮᠵᠢ᠎ᠶ᠋ᠢᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ ᠢ ᠴᠢᠩᠭ᠎ᠠ ᠬᠡᠷᠡᠭ᠌ᠵᠢᠭᠦᠯᠵᠦ᠍᠂ ᠳᠣᠲᠣᠭᠠᠳᠤ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠪᠦᠷᠢᠨᠱᠢᠭᠦᠯᠵᠦ᠍᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ ᠤᠨ 《ᠭᠤᠷᠪᠠᠨ ᠭᠠᠷᠴᠠᠭ》 ᠢ᠋ ᠴᠢᠩᠭ᠎ᠠ ᠵᠢᠷᠤᠮᠯᠠᠨ᠂ ᠬᠡᠲᠦᠷᠡᠲᠡᠯ᠎ᠡ ᠣᠨᠣᠱᠢᠯᠠᠨ ᠡᠮᠨᠡᠬᠦ᠌᠂ ᠡᠮ᠎ᠦᠨ ᠵᠦᠶ᠋ᠯᠡᠰ᠎ᠢ ᠰᠣᠯᠢᠬᠤ ᠵᠡᠷᠭᠡ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠡᠷᠡᠰ ᠬᠣᠷᠢᠭ᠍ᠯᠠᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠤ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠶ ᠭᠡᠵᠦ᠍ ᠲᠣᠳᠣᠷᠬᠠᠶ ᠲᠣᠭ᠍ᠲᠠᠭᠠᠪᠠ᠃