ᠠᠰᠠᠭᠤᠳᠠᠯ᠎ᠢ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠮᠵᠢ᠎ᠪᠡᠷ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ᠎ᠶᠢ ᠪᠠᠲᠤᠯᠠᠨ᠎ᠠ
2025-07-05 09:52:30
ᠵᠣᠬᠢᠶᠠᠭ᠍ᠴᠢ᠄
ᠵᠧᠩ ᠰᠢᠤᠸᠠᠢ ᠯᠢᠶᠠᠩ ᠂ ᠰᠦᠩ ᠠ ᠨᠠᠨ ᠂ ᠰᠢᠦᠢ ᠶᠤᠸᠠᠢ
ᠣᠩᠱᠢᠭ᠍ᠰᠠᠨ ᠣᠳᠠᠭ᠎ᠠ᠄
★★★☆☆

ᠲᠥᠪ ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ ᠬᠥᠬᠡᠬᠣᠲᠠ ᠪᠣᠯᠣᠨ ᠪᠤᠭᠤᠲᠤ ᠬᠤᠳᠠ᠎ᠶᠢᠨ ᠬᠢᠨ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠵᠤ᠂ ᠬᠠᠷᠢᠭᠤᠴᠠᠯᠭ᠎ᠠ᠎ᠪᠠᠨ ᠴᠢᠩᠭ᠎ᠠ ᠨᠠᠢᠳᠠᠪᠤᠷᠢᠵᠢᠭᠤᠯᠵᠤ᠂ ᠠᠰᠠᠭᠤᠳᠠᠯ᠎ᠳᠤ ᠬᠠᠨᠳᠤᠵᠤ᠂ ᠠᠰᠠᠭᠤᠳᠠᠯ᠎ᠳᠦ ᠠᠩᠬᠠᠷᠤᠯ᠎ᠵᠢᠡᠨ ᠲᠦᠪᠯᠡᠷᠡᠭᠦᠯᠦᠨ ᠴᠡᠭᠴᠡᠯᠡᠨ ᠰᠠᠢᠵᠢᠷᠠᠭᠤᠯᠵᠦ᠂ ᠴᠢᠩᠭ᠎ᠠ ᠪᠣᠳᠠᠲᠠᠢ ᠠᠷᠭ᠎ᠠ ᠬᠡᠮᠵᠢᠶ᠎ᠡ᠎ᠪᠡᠷ ᠤᠨᠢᠨ ᠳᠡᠭᠡᠷ᠎ᠡ ᠨᠢ ᠴᠡᠭᠴᠡᠯᠡᠨ ᠰᠠᠢᠵᠢᠷᠠᠭᠤᠯᠵᠤ᠂ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠣᠳᠬᠤ ᠲᠠᠯ᠎ᠠ᠎ᠪᠠᠷ ᠬᠦᠴᠦᠯᠡᠵᠤ᠂ ᠰᠤᠷᠤᠯᠴᠠᠯᠭ᠎ᠠ ᠬᠥᠮᠦᠵᠢᠯ᠎ᠦᠨ ᠢᠯᠡᠳᠲᠡ ᠦᠷ᠎ᠡ ᠪᠦᠲᠦᠮᠵᠢ ᠣᠯᠬᠤ᠎ᠶᠢ ᠪᠠᠲᠤᠯᠠᠵᠠᠢ᠃

ᠬᠥᠬᠡᠬᠣᠲᠠ᠎ᠶᠢᠨ ᠬᠢᠨ ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠨᠠᠮ ᠵᠠᠰᠠᠭ᠎ᠤᠨ ᠪᠠᠢᠭᠤᠯᠭ᠎ᠠ᠎ᠶᠢᠨ ᠠᠷᠪᠢᠯᠠᠨ ᠭᠠᠮᠨᠠᠬᠤ᠎ᠶᠢ ᠡᠷᠬᠢᠮᠯᠡᠵᠦ ᠪᠦᠷᠢᠯᠭᠡᠨ ᠰᠦᠢᠳᠬᠡᠬᠦ᠎ᠶᠢ ᠡᠰᠡᠷᠭᠦᠴᠡᠬᠦ ᠳᠦᠷᠢᠮ》᠎ᠤ᠋ᠨ ᠲᠣᠭᠣᠷᠢᠨ᠎ᠳᠤ ᠠᠷᠪᠢᠯᠠᠨ ᠭᠠᠮᠨᠠᠬᠤ ᠬᠦᠷᠢᠶᠡᠨ᠎ᠳᠡᠬᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠨᠢᠭᠡᠨ ᠬᠤᠪᠢ ᠬᠦᠨᠳᠦᠴᠡ ᠲᠠᠢ 《ᠠᠷᠪᠢᠯᠠᠨ ᠭᠠᠮᠨᠠᠬᠤ ᠳᠠᠩᠰᠠ》ᠶ᠋ᠢ ᠲᠤᠰᠢᠶᠠᠵᠠᠢ᠃ ᠠᠯᠪᠠᠨ᠎ᠤ ᠡᠳ᠋ ᠪᠣᠳᠠᠰ᠎ᠢ ᠬᠥᠮᠥᠷᠭᠡᠯᠡᠨ ᠬᠠᠳᠠᠭᠠᠯᠠᠬᠤ᠎ᠳᠤ 《ᠨᠡᠮᠡᠬᠦ》 ᠠᠷᠭ᠎ᠠ᠎ᠶᠢ ᠬᠡᠷᠡᠭᠵᠢᠭᠦᠯᠵᠦ᠂ 《ᠰᠠᠢᠲᠦᠷ ᠠᠷᠪᠢᠯᠠᠨ ᠭᠠᠮᠨᠠᠬᠤ᠂ ᠬᠠᠭᠤᠴᠢᠨ᠎ᠢ ᠵᠠᠰᠠᠵᠤ ᠬᠠᠶᠠᠭᠳᠠᠮᠠᠯ ᠪᠣᠳᠠᠰ᠎ᠢ ᠠᠰᠢᠭ᠍ᠯᠠᠬᠤ᠂ ᠬᠠᠮᠲᠤ᠎ᠪᠠᠷ ᠡᠳ᠋ᠯᠡᠵᠦ ᠬᠠᠮᠲᠤ᠎ᠪᠠᠷ ᠬᠡᠷᠡᠭᠯᠡᠬᠦ᠂ ᠬᠡᠢᠰᠪᠦᠷᠢ ᠪᠣᠳᠠᠲᠠᠢ᠎ᠶᠢ ᠤᠶᠠᠯᠳᠤᠭᠤᠯᠬᠤ》 ᠠᠯᠪᠠᠨ᠎ᠤ ᠡᠳ᠋ ᠪᠣᠳᠠᠰ᠎ᠤᠨ ᠬᠥᠮᠥᠷᠭᠡ᠎ᠶᠢᠨ ᠬᠠᠮᠢᠶᠠᠷᠤᠯᠲᠠ᠎ᠶᠢᠨ ᠰᠢᠰᠲᠧᠮ ᠢ᠋ ᠪᠠᠢᠭᠤᠯᠵᠤ᠂ ᠬᠣᠲᠠ᠎ᠶᠢᠨ ᠲᠣᠰ ᠱᠠᠲᠤᠨ᠎ᠤ ᠵᠠᠰᠠᠭ ᠵᠠᠬᠢᠷᠭ᠎ᠠ ᠠᠵᠢᠯ ᠦᠢᠯᠡᠰ᠎ᠦᠨ ᠨᠢᠭᠡᠴᠢ᠎ᠶᠢᠨ ᠰᠤᠯᠠ ᠳᠠᠯᠪᠢᠬᠳᠠᠵᠦ ᠪᠠᠢᠭ᠎ᠠ᠂ ᠦᠷ᠎ᠡ ᠠᠰᠢᠭ᠋᠎ᠢᠶᠠᠷ ᠳᠣᠣᠷ᠎ᠠ ᠪᠠᠢᠭ᠎ᠠ ᠵᠢᠴᠢ ᠲᠦᠷ ᠴᠠᠭ᠎ᠤᠨ ᠴᠢᠨᠠᠷᠲᠠᠢ ᠲᠤᠰᠬᠠᠢ ᠵᠦᠢᠯ᠎ᠦᠨ ᠠᠵᠢᠯ᠎ᠤᠨ ᠬᠤᠳᠠᠯᠳᠤᠨ ᠠᠪᠤᠭᠰᠠᠨ ᠡᠳ᠋ ᠬᠥᠷᠥᠩᠭᠡ᠎ᠶᠢ ᠪᠦᠬᠦᠨ᠎ᠢ ᠠᠯᠪᠠᠨ᠎ᠤ ᠡᠳ᠋ ᠪᠣᠳᠠᠰ᠎ᠤᠨ ᠬᠥᠮᠥᠷᠭᠡ᠎ᠳᠦ ᠣᠷᠣᠭᠤᠯᠤᠨ ᠨᠢᠭᠡᠳᠦᠯᠲᠡᠢ ᠲᠣᠬᠢᠷᠠᠭᠤᠯᠪᠠ᠃ ᠡᠨᠡ ᠵᠢᠯ᠎ᠡᠴᠡ 430 ᠬᠤᠪᠢ ᠡᠳ᠋ ᠬᠥᠷᠥᠩᠭᠡ᠎ᠶᠢ ᠥᠨᠳᠥᠷ ᠪᠦᠲᠦᠮᠵᠢᠲᠡᠶ᠎ᠪᠡᠷ ᠲᠣᠬᠢᠷᠠᠭᠤᠯᠵᠤ᠂ ᠤᠯᠤᠰ᠎ᠤᠨ ᠥᠮᠴᠢᠯᠡᠯᠳᠦ ᠡᠳ᠋ ᠬᠥᠷᠥᠩᠭᠡ᠎ᠶᠢ ᠲᠣᠭᠲᠠᠩᠭᠤᠢ ᠬᠠᠮᠢᠶᠠᠷᠤᠯᠲᠠ ᠠ᠋ᠴᠠ ᠬᠥᠳᠡᠯᠦᠩᠭᠦᠢ᠎ᠪᠡᠷ ᠡᠷᠭᠢᠯᠳᠦᠭᠦᠯᠬᠦ᠂ ᠥᠨᠳᠥᠷ ᠪᠦᠲᠦᠮᠵᠢᠲᠡᠶ᠎ᠪᠡᠷ ᠠᠰᠢᠭ᠍ᠯᠠᠬᠤ ᠳᠠᠢᠰᠢ ᠬᠤᠪᠢᠷᠠᠭᠤᠯᠬᠤ᠎ᠶᠢ ᠬᠦᠴᠦᠲᠡᠢ ᠠᠬᠢᠭᠤᠯᠪᠠ᠃ ᠠᠯᠪᠠᠨ᠎ᠳᠤ ᠬᠡᠷᠡᠭᠯᠡᠬᠦ ᠭᠡᠷ ᠪᠠᠢᠰᠢᠩ᠎ᠳᠤ 《ᠬᠠᠰᠤᠬᠤ》 ᠠᠷᠭ᠎ᠠ᠎ᠶᠢ ᠬᠡᠷᠡᠭᠵᠢᠭᠦᠯᠵᠦ᠂ ᠰᠠᠯᠠᠭ᠎ᠠ ᠮᠥᠴᠢᠷ᠎ᠦᠨ ᠪᠡᠬᠢᠯᠡᠯᠲᠡ᠎ᠶᠢ ᠡᠪᠳᠡᠬᠦ᠎ᠪᠡᠷ ᠳᠠᠮᠵᠢᠨ ᠡᠬᠢ ᠪᠠᠶᠠᠯᠢᠭ᠋᠎ᠢ ᠥᠨᠳᠥᠷ ᠪᠦᠲᠦᠮᠵᠢᠲᠡᠶ᠎ᠪᠡᠷ ᠡᠷᠭᠢᠯᠲᠡ᠎ᠳᠦ ᠣᠷᠣᠭᠤᠯᠬᠤ᠎ᠶᠢ ᠠᠬᠢᠭᠤᠯᠵᠤ᠂ ᠬᠦᠬᠡᠬᠣᠲᠠ᠎ᠶᠢᠨ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠲᠥᠪ᠂ ᠬᠦᠬᠡᠬᠣᠲᠠ᠎ᠶᠢᠨ ᠬᠣᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠬᠦᠬᠡᠬᠣᠲᠠ᠎ᠶᠢᠨ ᠵᠠᠭᠠᠯᠳᠤᠯᠭ᠎ᠠ᠎ᠶᠢ ᠭᠥᠯᠢᠶᠡᠨ ᠠᠪᠴᠤ ᠪᠠᠷᠢᠨ ᠭᠦᠢᠴᠡᠳᠬᠡᠬᠦ ᠲᠥᠪ ᠵᠡᠷᠭᠡ ᠨᠢᠭᠡᠴᠢ᠎ᠶᠢᠨ 3885.58 ᠲᠡᠭᠰᠢ ᠳᠥᠷᠪᠡᠯᠵᠢᠨ ᠮᠧᠲᠷ᠎ᠦᠨ ᠠᠯᠪᠠᠨ᠎ᠳᠤ ᠬᠡᠷᠡᠭᠯᠡᠬᠦ ᠭᠡᠷ ᠪᠠᠢᠰᠢᠩ᠎ᠢ ᠰᠢᠯᠢᠳᠡᠭᠵᠢᠭᠦᠯᠦᠨ ᠲᠣᠬᠢᠷᠠᠭᠤᠯᠵᠤ᠂ ᠵᠢᠯ᠎ᠳᠦ 447.74 ᠲᠦᠮᠡᠨ ᠲᠥᠭᠥᠷᠢᠭ᠎ᠦᠨ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠠᠷᠪᠢᠯᠠᠪᠠ᠃ ᠰᠤᠯᠠ ᠳᠠᠯᠪᠢᠬᠳᠠᠵᠦ ᠪᠠᠢᠭ᠎ᠠ ᠡᠳ᠋ ᠬᠥᠷᠥᠩᠭᠡ᠎ᠳᠤ 《ᠦᠷᠡᠵᠢᠭᠦᠯᠬᠦ》 ᠠᠷᠭ᠎ᠠ᠎ᠶᠢ ᠬᠡᠷᠡᠭᠵᠢᠭᠦᠯᠵᠦ᠂ ᠣᠷᠳᠣ᠌ ᠬᠤᠭᠤᠴᠠᠭ᠎ᠠ᠎ᠪᠠᠷ ᠰᠤᠯᠠ ᠳᠠᠯᠪᠢᠬᠳᠠᠵᠦ ᠪᠠᠢᠭ᠎ᠠ ᠬᠠᠭᠤᠴᠢᠨ ᠠᠯᠪᠠᠨ᠎ᠤ ᠮᠠᠰᠢᠨ ᠲᠡᠷᠭᠡ᠎ᠳᠦ ᠬᠠᠨᠳᠤᠭᠤᠯᠤᠨ᠂ ᠱᠠᠲᠤ ᠬᠤᠪᠢᠶᠠᠨ ᠠᠮᠢᠯᠠᠭᠤᠯᠬᠤ ᠠᠷᠭ᠎ᠠ ᠪᠣᠳᠣᠯᠭ᠎ᠠ᠎ᠶᠢ ᠰᠢᠨ᠎ᠡ᠎ᠵᠢ ᠡᠭᠦᠳᠦᠨ ᠬᠡᠷᠡᠭᠵᠢᠭᠦᠯᠵᠦ᠂ ᠬᠡᠷᠡᠭᠯᠡᠭᠡᠨ᠎ᠦ ᠦᠨ᠎ᠡ ᠥᠷᠲᠡᠭ᠎ᠲᠠᠢ 13 ᠮᠠᠰᠢᠨ ᠲᠡᠷᠭᠡ᠎ᠶᠢ ᠬᠣᠲᠠ᠎ᠶᠢᠨ ᠵᠠᠮ ᠬᠠᠷᠢᠯᠴᠠᠭᠠᠨ᠎ᠤ ᠴᠠᠭᠳᠠᠭ᠎ᠠ᠎ᠶᠢᠨ ᠰᠠᠯᠪᠤᠷᠢ ᠠᠩᠭᠢ᠂ ᠬᠣᠲᠣᠩ ᠠᠷᠠᠳ᠎ᠤᠨ ᠲᠣᠭᠣᠷᠢᠭ᠋᠎ᠤᠨ ᠪᠠᠢᠭᠤᠯᠭ᠎ᠠ᠎ᠶᠢᠨ ᠶᠠᠪᠤᠳᠠᠯ᠎ᠤᠨ ᠦᠢᠯᠡᠴᠢᠯᠡᠭᠡᠨ᠎ᠦ ᠲᠥᠪ ᠵᠡᠷᠭᠡ ᠨᠢᠭᠡᠴᠢ᠎ᠳᠦ ᠬᠤᠪᠢᠶᠠᠷᠢᠯᠠᠨ ᠥᠭᠴᠦ᠂ ᠲᠡᠳᠡᠨ᠎ᠦ ᠨᠢᠭᠤᠴᠠ ᠴᠢᠬᠤᠯᠠ ᠮᠡᠳᠡᠭᠡ ᠬᠣᠯᠪᠣᠭ᠎ᠠ ᠵᠢᠴᠢ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶᠢᠨ ᠮᠠᠰᠢᠨ ᠲᠡᠷᠭᠡ ᠳᠤᠲᠠᠭᠳᠠᠵᠤ ᠪᠠᠢᠭ᠎ᠠ ᠬᠦᠴᠢᠷᠳᠡᠯ ᠎ᠢ ᠪᠦᠲᠦᠮᠵᠢᠲᠡᠶ ᠨᠠᠮᠳᠠᠭᠤᠯᠪᠠ᠃ ᠲᠥᠰᠥᠪ᠎ᠢ ᠨᠠᠢᠷᠠᠭᠤᠯᠤᠨ ᠵᠣᠬᠢᠶᠠᠬᠤ᠎ᠳᠤ 《ᠬᠠᠰᠤᠬᠤ》 ᠠᠷᠭ᠎ᠠ᠎ᠶᠢ ᠬᠡᠷᠡᠭᠯᠡᠵᠦ᠂ 《ᠠᠮᠵᠢᠯᠲᠠ ᠪᠦᠲᠦᠮᠵᠢ + ᠲᠥᠰᠥᠪ》᠎ᠤ᠋ᠨ ᠬᠠᠮᠲᠤᠷᠠᠨ ᠬᠢᠨᠠᠬᠤ ᠵᠠᠭᠪᠤᠷ᠎ᠢᠶᠠᠷ ᠳᠠᠮᠵᠢᠨ ᠦᠷ᠎ᠡ ᠪᠦᠲᠦᠮᠵᠢ᠎ᠪᠡᠷ ᠳᠣᠣᠷ᠎ᠠ ᠪᠥᠭᠡᠳ ᠦᠷ᠎ᠡ ᠪᠦᠲᠦᠮᠵᠢ ᠦᠭᠡᠢ 252 ᠵᠦᠢᠯᠡᠰ᠎ᠢ ᠴᠡᠪᠡᠷᠯᠡᠵᠦ᠂ ᠪᠠᠴᠢᠮ ᠬᠡᠷᠡᠭᠴᠡᠭᠡᠨ᠎ᠦ ᠪᠤᠰᠤ ᠭᠣᠣᠯᠳᠠᠯᠭ᠎ᠠ᠎ᠲᠠᠢ ᠪᠤᠰᠤ ᠵᠠᠷᠤᠯᠭ᠎ᠠ᠎ᠶᠢ 17 ᠳ᠋ᠦᠩᠰᠢᠭᠤᠷ ᠲᠥᠭᠥᠷᠢᠭ ᠪᠠᠭᠠᠰᠬᠠᠵᠤ᠂ ᠰᠤᠯᠠᠯᠠᠵᠤ ᠭᠠᠷᠭᠠᠭᠰᠠᠨ ᠡᠳ᠋᠎ᠦᠨ ᠬᠦᠴᠦᠨ᠎ᠢ ᠪᠥᠬᠥᠳᠡ᠎ᠶᠢ 《ᠭᠤᠷᠪᠠ᠎ᠶᠢ ᠪᠠᠲᠤᠯᠠᠬᠤ》 ᠢ᠋ᠢᠨ ᠬᠣᠷᠢᠭ᠎ᠠ ᠱᠤᠭᠤᠮ᠎ᠢ ᠪᠠᠲᠤ ᠰᠠᠬᠢᠬᠤ ᠪᠠ ᠵᠠᠰᠠᠭ᠎ᠤᠨ ᠣᠷᠳᠣᠨ᠎ᠤ ᠥᠷᠢ ᠥᠭᠴᠡᠭᠡ᠎ᠶᠢ ᠠᠷᠢᠯᠭᠠᠬᠤ᠎ᠳᠤ ᠬᠡᠷᠡᠭᠯᠡᠪᠡ᠃

ᠪᠤᠭᠤᠲᠤ ᠬᠤᠳᠠ᠎ᠶᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠤᠷᠤᠯᠴᠠᠯᠭ᠎ᠠ ᠬᠥᠮᠦᠵᠢᠯ᠎ᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶᠢ ᠲᠤᠭᠤᠰᠢᠯᠠᠭᠤᠯᠬᠤ ᠴᠢᠬᠤᠯᠠ ᠭᠠᠷᠳᠠᠴᠠ ᠪᠣᠯᠭᠠᠬᠤ᠎ᠶᠢ ᠪᠠᠷᠢᠮᠲᠠᠯᠠᠵᠤ᠂ 《ᠴᠡᠭᠴᠡᠯᠡᠨ ᠰᠠᠢᠵᠢᠷᠠᠭᠤᠯᠬᠤ》ᠪᠣᠳᠠᠲᠤ ᠦᠷ᠎ᠡ ᠪᠦᠲᠦᠮᠵᠢ᠎ᠪᠡᠷ ᠰᠤᠷᠲᠠᠯ᠎ᠤᠨ ᠪᠠᠢᠭᠤᠯᠤᠯᠲᠠ᠎ᠶᠢᠨ ᠦᠷᠭᠦᠯᠵᠢᠯᠡᠨ ᠭᠦᠨᠵᠡᠭᠡᠢᠷᠡᠨ ᠬᠥᠭᠵᠢᠬᠦ᠎ᠶᠢ ᠠᠬᠢᠭᠤᠯᠪᠠ᠃ ᠠᠷᠠᠳ ᠤᠯᠠᠨ᠎ᠤ 《ᠢᠳᠡᠭᠡᠨ ᠤᠮᠳᠠᠭᠠᠨ᠎ᠤ ᠠᠮᠤᠷ ᠲᠦᠪᠰᠢᠨ》 ᠤ᠋ ᠲᠤᠬᠠᠢ ᠬᠦᠰᠡᠯ ᠱᠠᠭᠠᠷᠳᠠᠯᠭ᠎ᠠ ᠥᠨᠳᠥᠷ ᠪᠣᠯᠬᠤ᠎ᠲᠠᠢ ᠵᠡᠷᠭᠡ ᠳᠠᠷᠤᠢᠬᠠᠨ ᠬᠥᠳᠡᠯᠦᠯᠴᠡᠵᠦ᠂ ᠬᠥᠨᠳᠡᠯᠡᠨ ᠲᠣᠭᠣᠷᠢᠭ᠋᠎ᠤᠨ《ᠬᠦᠨᠲᠡᠯᠡᠨ ᠢ᠋ ᠬᠠᠮᠠᠭᠠᠯᠠᠬᠤ ᠬᠤᠷᠴᠠ ᠰᠡᠯᠡᠮ᠎ᠡ》 ᠵᠢᠨ ᠢᠯᠡᠴᠢᠯᠡᠬᠦ ᠲᠠᠪᠴᠠᠩ ᠢ᠋ ᠪᠠᠷᠢᠨ ᠬᠡᠷᠡᠭᠵᠢᠭᠦᠯᠵᠦ᠂ ᠬᠡᠳᠦᠨ ᠬᠠᠷ᠎ᠠ ᠦᠢᠯᠡᠳᠬᠡᠯ᠎ᠦᠨ ᠭᠠᠵᠠᠷ᠎ᠢ ᠬᠡᠳᠦᠬᠡᠨ ᠡᠳᠦᠷ ᠪᠣᠯᠣᠯ ᠦᠭᠡᠢ᠎ᠪᠡᠷ ᠬᠠᠭᠠᠪᠠ᠃ ᠬᠥᠨᠳᠡᠯᠡᠨ ᠲᠣᠭᠣᠷᠢᠭ᠋᠎ᠲᠠᠶᠠᠭᠠᠷ ᠬᠢᠲᠤᠭ᠎ᠠ᠎ᠶᠢᠨ ᠢᠷ ᠎ᠢ ᠳᠣᠲᠣᠭ᠍ᠰᠢ ᠬᠠᠨᠳᠤᠭᠤᠯᠵᠦ᠂ 68 ᠰᠠᠯᠠᠭ᠎ᠠ ᠮᠥᠴᠢᠷ ᠨᠢᠭᠡᠴᠢ ᠦᠨᠡᠨ᠎ᠬᠦ ᠪᠠᠢᠴᠠᠭᠠᠨ ᠪᠤᠲᠠᠲᠠᠢ ᠲᠡᠯᠭᠡᠵᠦ᠂ 252 ᠶᠡᠬᠡ ᠪᠠᠭ᠎ᠠ ᠠᠰᠠᠭᠤᠳᠠᠯ᠎ᠢ ᠲᠠᠲᠠᠵᠦ ᠭᠠᠷᠭᠠᠪᠠ᠃ ᠲᠣᠭᠣᠷᠢᠭᠤᠯᠵᠤ ᠲᠣᠭᠰᠢᠭᠤᠯᠬᠤ ᠦᠭᠡᠢ᠂ ᠲᠠᠭᠯᠠᠭ᠎ᠠ᠎ᠶᠢ ᠳᠠᠷᠤᠬᠤ ᠦᠭᠡᠢ᠎ᠪᠡᠷ ᠲᠡᠳᠡᠭᠡᠷ 《ᠺᠠᠳ᠋ᠷ ᠬᠢᠬᠦ ᠪᠠᠨ ᠪᠤᠯᠢᠬᠤ》᠂ 《ᠵᠤᠭᠤᠰ ᠵᠠᠷᠤᠬᠤ᠎ᠳᠠᠭᠠᠨ ᠲᠡᠩᠲᠡᠬᠦᠦ ᠦᠷᠡᠯᠭᠡᠴᠢ》 ᠵᠡᠷᠭᠡ ᠤᠯᠠᠨ ᠲᠦᠮᠡᠨ᠎ᠤ ᠰᠡᠳᠬᠢᠯ ᠢ᠋ ᠵᠤᠪᠠᠭᠠᠬᠤ᠂ ᠬᠦᠭᠵᠢᠯᠲᠡ ᠵᠢ ᠬᠠᠷᠰᠢᠯᠠᠵᠦ ᠪᠠᠢᠭ᠎ᠠ ᠠᠷᠬᠠᠬ ᠬᠡᠮ ᠢ᠋ ᠰᠤᠩᠭᠤᠵᠦ᠂ 6 ᠶᠡᠬᠡ ᠲᠦᠷᠦᠯ᠎ᠤᠨ ᠨᠠᠷᠢᠨ ᠲᠠᠩᠰᠠ ᠵᠢ ᠵᠢᠬᠰᠠᠭᠠᠵᠦ᠂ ᠵᠢᠷᠤᠬ ᠡᠯᠭᠦᠵᠦ ᠲᠠᠢᠨ ᠬᠢᠪᠡ᠃ ᠴᠡᠭᠴᠡᠯᠡᠨ ᠰᠠᠢᠵᠢᠷᠠᠭᠤᠯᠤᠬᠰᠠᠨ ᠦᠷ᠎ᠡ ᠳ᠋ᠦᠩ ᠢᠯᠡᠳᠳᠡ ᠪᠠᠢᠵᠦ᠂ ᠨᠢᠭᠡ ᠠᠰᠠᠭᠤᠳᠠᠯ ᠢ᠋ ᠰᠢᠢᠳᠪᠦᠷᠢᠯᠡᠬᠦ᠎ᠳᠡᠭᠡᠨ ᠠᠳᠠᠯᠢ ᠲᠦᠷᠦᠯ᠎ᠤᠨ ᠠᠰᠠᠭᠤᠳᠠᠯ᠎ᠤᠨ ᠬᠡᠮ ᠰᠤᠭᠤᠭ᠎ᠢ ᠬᠡᠷᠬᠢᠨ ᠪᠥᠭᠯᠡᠬᠦ ᠶ᠋ᠢ ᠪᠣᠳᠣᠯᠬᠢᠯᠠᠪᠠ; ᠨᠢᠭᠡ ᠬᠡᠰᠡᠭ᠎ᠢ ᠵᠠᠰᠠᠪᠠᠯ ᠪᠦᠬᠦᠶ᠋ᠢᠯᠡ ᠬᠦᠷᠢᠶ᠎ᠡ᠎ᠶᠢ ᠵᠢᠷᠤᠮᠵᠢᠭᠤᠯᠬᠤ᠎ᠶᠢ ᠠᠬᠢᠭᠤᠯᠪᠠ᠃  ᠬᠥᠨᠳᠡᠯᠡᠨ ᠲᠣᠭᠣᠷᠢᠭ᠋᠎ᠤᠨ 《ᠣᠳᠣᠬᠠᠨ᠎ᠳᠤ ᠳᠠᠷᠤᠢ ᠬᠢᠵᠦ᠂ ᠬᠢᠪᠡᠯ ᠳᠠᠷᠤᠢ ᠰᠠᠢᠲᠤᠷ ᠬᠢᠬᠦ》 ᠡᠷᠴᠢ ᠵᠣᠷᠢᠭ᠋ ᠪᠣᠯ ᠪᠤᠭᠤᠲᠤ ᠬᠤᠳᠠ᠎ᠶᠢᠨ ᠴᠢᠩᠭ᠎ᠠ ᠪᠣᠳᠠᠲᠠᠢ ᠠᠷᠭ᠎ᠠ ᠬᠡᠮᠵᠢᠶ᠎ᠡ᠎ᠪᠡᠷ ᠴᠡᠭᠴᠡᠯᠡᠨ ᠰᠠᠢᠵᠢᠷᠠᠭᠤᠯᠬᠤ᠎ᠶᠢ ᠴᠢᠩᠭ᠎ᠠ ᠠᠳᠬᠤᠭᠰᠠᠨ᠎ᠤ ᠬᠤᠷᠢᠶᠠᠩᠭᠤᠢ ᠳᠦᠷᠰᠦ ᠪᠣᠯᠣᠨ᠎ᠠ᠂ ᠠᠰᠠᠭᠤᠳᠠᠯ ᠎ᠢ 《ᠴᠤᠬᠤᠶ᠋ᠢᠪᠠᠯ ᠳᠠᠷᠤᠢ ᠴᠣᠬᠢᠵᠤ》᠂ ᠦᠨᠡᠨ ᠪᠤᠳᠠᠳᠠᠢ ᠴᠡᠭᠴᠡᠯᠡᠨ ᠰᠠᠢᠵᠢᠷᠠᠭᠤᠯᠵᠦ᠂ ᠤᠯᠠᠨ ᠲᠦᠮᠡᠨ᠎ᠳᠦ ᠬᠤᠪᠢᠷᠠᠯᠲᠠ᠎ᠶᠢ ᠳᠠᠷᠤᠢ ᠲᠦᠷᠭᠡᠨ ᠮᠡᠳᠡᠷᠡᠬᠦᠯᠵᠦ᠂ ᠺᠠᠳ᠋ᠷ᠎ᠤᠨ ᠰᠤᠷᠲᠠᠯ᠎ᠢ ᠦᠨᠡᠨ᠎ᠬᠦ ᠬᠤᠪᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号