ᠡᠯ᠎ᠡ ᠲᠠᠯ᠎ᠠ ᠵᠢᠨ ᠣᠶᠤᠨ ᠤᠬᠠᠭᠠᠨ ᠢ᠋ ᠨᠢᠭ᠍ᠲᠠᠷᠠᠭᠤᠯᠵᠤ ᠪᠤᠭᠤᠮᠳᠠ ᠰᠢᠪᠳᠤᠯᠤᠨ ᠰᠠᠭᠤᠷᠢ ᠪᠡᠨ ᠪᠠᠬᠢᠵᠢᠬᠦᠯᠤᠨ᠎ᠠ
2025-07-05 09:39:14
ᠵᠣᠬᠢᠶᠠᠭ᠍ᠴᠢ᠄
ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠬᠦᠳᠤᠯᠳᠠ ᠪᠡᠷ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠤᠭᠰᠠᠨ ᠨᠢᠭᠤᠴᠠ ᠶ᠋ᠢ ᠬᠠᠢᠬᠤᠢ  ②

  

ᠣᠨᠴᠠ ᠲᠥᠷᠥᠯ ᠤ᠋ᠨ ᠲᠡᠷᠭᠡ ᠶ᠋ᠢ ᠵᠢᠷᠤᠵᠤ ᠲᠥᠯᠥᠪᠯᠡᠨ ᠦᠶ᠋ᠯᠡᠳᠬᠦ᠌ ᠬᠤᠷᠠᠮᠠᠯ ᠮᠡᠷᠭᠡᠵᠢᠯ ᠤ᠋ᠨ ᠪᠥᠬᠥ᠌ ᠤᠯᠤᠰ ᠤ᠋ᠨ ᠭᠤᠤᠯᠳᠠᠯᠭ᠎ᠠ᠎ᠲᠠᠶ ᠲᠤᠷᠱᠢᠯᠲᠠ ᠵᠢᠨ ᠲᠠᠰᠤᠭ᠎ᠨᠢ ᠳᠡᠭᠡᠳᠦ ᠬᠡᠮᠵᠢᠶᠡᠨ᠎ᠦ ᠴᠢᠯᠥᠭᠡᠲᠦ ᠬᠤᠪᠢᠷᠠᠮᠠᠲᠠᠭᠠᠶ ᠬᠦᠮᠦᠨ ᠦᠭᠡᠢ ᠲᠠᠪᠴᠠᠩ ᠤ᠋ᠨ ᠵᠠᠩᠭᠢᠯᠠᠭ᠎ᠠ ᠵᠢᠨ ᠮᠡᠷᠭᠡᠵᠢᠯ ᠳ᠋ᠤ ᠱᠢᠪᠲᠤᠯᠤᠯᠲᠠ ᠭᠠᠷᠭᠠᠵᠤ᠂ ᠤᠯᠤᠰ ᠤ᠋ᠨ ᠳᠣᠲᠣᠭᠠᠳᠤ ᠵᠢᠨ ᠬᠣᠭᠣᠰᠣᠨ ᠢ᠋ ᠨᠥᠬᠥᠪᠥᠷᠢᠯᠡᠪᠡ; ᠤᠯᠤᠰ ᠤ᠋ᠨ ᠴᠠᠭᠠᠨ ᠢᠳᠡᠭᠡᠨ᠎ᠤ ᠦᠢᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠭᠠᠳᠠᠭᠠᠳᠤ ᠵᠢᠨ ᠮᠡᠷᠭᠡᠵᠢᠯ ᠤ᠋ᠨ ᠭᠠᠭ᠍ᠴᠠᠭᠠᠷ ᠡᠵᠡᠮᠱᠢᠯ ᠢ᠋ ᠡᠪᠳᠡᠵᠦ᠍᠂ ᠥᠨᠳᠥᠷ ᠴᠡᠪᠡᠷᠴᠡ᠎ᠲᠡᠶ β - ᠪᠢᠱᠢᠯᠠᠭ ᠤ᠋ᠨ ᠤᠭᠤᠷᠠᠭ ᠦᠢᠯᠡᠳᠬᠦ᠌ ᠳ᠋ᠤ ᠬᠦᠴᠢᠷ ᠠᠰᠠᠭᠤᠳᠠᠯ ᠢ᠋ ᠱᠢᠪᠲᠤᠯᠤᠨ᠂ ᠦᠢᠯᠡᠳᠬᠦᠨ᠎ᠦ ᠨᠤᠷᠮ᠎ᠠ ᠨᠢ ᠳᠡᠯᠡᠬᠡᠢ ᠵᠢᠨ ᠮᠡᠳᠡᠭᠡᠯᠡᠯ ᠤ᠋ᠨ ᠲᠦᠪᠱᠢᠨ᠎ᠦ 20% ᠎ᠶᠢ ᠳᠠᠪᠠᠪᠠ; ᠪᠠᠶᠠᠨᠨᠠᠭᠤᠷ ᠤ᠋ᠨ ᠤᠯᠤᠰ ᠤ᠋ᠨ ᠲᠠᠷᠢᠶᠠᠯᠠᠩ ᠤ᠋ᠨ ᠳᠡᠭᠡᠳᠤ ᠰᠢᠨ᠎ᠡ ᠮᠡᠷᠭᠡᠵᠢᠯ ᠤ᠋ᠨ ᠵᠢᠱ᠌ᠢᠶ᠎ᠡ ᠦᠵᠡᠬᠦᠯᠬᠦ ᠣᠷᠣᠨ᠎ᠤ ᠬᠤᠸᠠ ᠮᠧᠩ ᠮᠢᠬᠠᠨ ᠤ᠋ ᠬᠣᠨᠢᠨ᠎ᠤ ᠱᠢᠨ᠎ᠡ ᠡᠭᠦᠯᠳᠡᠷ 《2024 ᠣᠨ᠎ᠤ ᠳᠤᠮᠳᠠᠳᠤ ᠤᠯᠤᠰ ᠤ᠋ᠨ ᠲᠠᠷᠢᠶᠠᠯᠠᠩ ᠬᠥᠳᠡᠭᠡ ᠲᠣᠰᠭᠣᠨ᠎ᠤ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠦᠭ᠌ᠰᠡᠨ ᠦᠷ᠎ᠡ ᠪᠦᠲᠦᠭᠡᠯ》 ᠵᠢᠡᠷ ᠰᠣᠩᠭᠣᠭ᠍ᠳᠠᠪᠠ ᠁

ᠨᠢᠭᠡ ᠪᠦᠯᠦᠭ ᠳᠡᠭᠡᠳᠤ ᠴᠢᠳᠠᠪᠬᠢᠲᠤ ᠰᠢᠨ᠎ᠡ ᠶ᠋ᠢ ᠡᠭᠦᠳᠬᠦ ᠳᠠᠪᠴᠠᠩ ᠤ᠋ᠨ ᠳᠡᠮᠵᠢᠯᠭᠡ ᠳᠤᠤᠷ᠎ᠠ ᠨᠢᠭᠡ ᠪᠦᠯᠦᠭ ᠠᠵᠢᠯ ᠲᠦᠷᠦᠯ ᠢ᠋ ᠬᠥᠭ᠌ᠵᠢᠭᠡᠭ᠌ᠰᠡᠨ᠂ ᠭᠠᠵᠠᠷ ᠣᠷᠣᠨ ᠢ᠋ ᠬᠥᠭ᠌ᠵᠢᠭᠡᠭ᠌ᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠬᠦᠳᠤᠯᠳᠠ᠎ᠵᠢᠨ ᠦᠷ᠎ᠡ ᠪᠦᠲᠦᠭᠡᠯ ᠥᠪᠥᠷ ᠮᠣᠩᠭᠣᠯ ᠳ᠋ᠤ ᠵᠠᠯᠭᠠᠭ᠎ᠠ ᠪᠠᠷ  ᠴᠣᠯᠭᠣᠷᠠᠨ ᠭᠠᠷᠴᠤ᠌᠂ ᠤᠯᠠᠨ ᠲᠠᠯ᠎ᠠ ᠪᠡᠷ ᠱᠢᠪᠲᠤᠯᠤᠯᠲᠠ ᠭᠠᠷᠭᠠᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠳ᠋ᠤ ᠲᠠᠪᠴᠠᠩ ᠢ᠋ ᠤᠷᠢᠳ ᠵᠢᠡᠷ ᠬᠡᠷᠡᠭ᠌ᠵᠢᠭᠦᠯᠦᠨ᠎ᠡ᠃ ᠱᠢᠨ᠎ᠡ ᠶ᠋ᠢ ᠡᠭᠦᠳᠬᠦ᠌ ᠲᠠᠪᠴᠠᠩ ᠪᠣᠯ ᠱᠢᠨ᠎ᠡ ᠶ᠋ᠢ ᠡᠭᠦᠳᠬᠦ᠌ ᠡᠬᠢ ᠪᠠᠶᠠᠯᠢᠭ ᠢ᠋ ᠲᠥᠪᠯᠡᠷᠡᠭᠦᠯᠬᠦ᠌᠂ ᠱᠢᠨ᠎ᠡ ᠶ᠋ᠢ ᠡᠭᠦᠳᠬᠦ᠌ ᠴᠢᠳᠠᠪᠤᠷᠢᠲᠠᠨ ᠢ᠋ ᠴᠤᠭᠯᠠᠷᠠᠭᠤᠯᠬᠤ᠂ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠶ᠋ᠢ ᠥᠷᠨᠢᠭᠦᠯᠬᠦ᠌᠂ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠱᠢᠨ᠎ᠡ ᠶ᠋ᠢ ᠡᠭᠦᠳᠬᠦ᠌ ᠲᠠᠪᠴᠠᠩ ᠬᠣᠱᠢᠭᠤᠴᠢ ᠦᠢᠯᠡᠳᠦᠯ ᠵᠢᠡᠨ ᠬᠡᠷᠬᠢᠨ ᠪᠠᠳᠠᠷᠠᠭᠤᠯᠬᠤ ᠪᠤᠢ?ᠲᠠᠪᠴᠠᠩ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍ ᠲᠠᠰ ᠳᠡᠪᠱᠢᠭᠦᠯᠬᠦ᠌ ᠶ᠋ᠢ ᠬᠡᠷᠬᠢᠨ ᠰᠠᠢᠲᠤᠷ ᠠᠳᠭᠤᠬᠤ ᠪᠣᠶ?ᠣᠢᠷ᠎ᠠ ᠵᠢᠨ ᠡᠳᠦᠷ ᠰᠤᠷᠪᠤᠯᠵᠢᠯᠠᠭ᠍ᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠰᠠᠯᠠᠭ᠎ᠠ ᠮᠥᠴᠢᠷ᠂ ᠱᠢᠨ᠎ᠡ ᠶ᠋ᠢ ᠡᠭᠦᠳᠬᠦ᠌ ᠲᠠᠪᠴᠠᠩ ᠪᠠ ᠠᠵᠤ ᠠᠬᠤᠢᠯᠠᠯ ᠵᠢᠡᠷ ᠭᠦᠨᠵᠡᠭᠡᠢᠷᠡᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠬᠦᠳᠤᠯᠳᠠ ᠪᠡᠷ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠤᠭᠰᠠᠨ ᠨᠢᠭᠤᠴᠠ ᠶ᠋ᠢ ᠬᠠᠢᠪᠠ᠃

ᠱᠢᠨ᠎ᠡ ᠶ᠋ᠢ ᠡᠭᠦᠳᠬᠦ᠌ ᠲᠠᠪᠴᠠᠩ ᠢ᠋ ᠪᠠᠢᠭᠤᠯᠵᠤ ᠴᠢᠨᠠᠷ ᠰᠠᠢᠳᠠᠢ ᠬᠦᠭᠵᠢᠯᠳᠠ᠎ᠳᠤ ᠲᠤᠯᠭᠠᠭᠤᠷᠢᠯᠠᠯ ᠬᠠᠡᠭᠭᠠᠨ᠎ᠠ

ᠤᠯᠤᠰ ᠤ᠋ᠨ ᠰᠦ ᠵᠢᠨ ᠦᠢᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠤ᠋ᠨ ᠲᠤᠮᠤ ᠠᠰᠠᠷ᠎ᠲᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ ᠶᠠᠭᠠᠷᠠᠯᠲᠠᠢ ᠠᠵᠢᠯᠯᠠᠵᠠᠭᠠᠨ᠎ᠠ᠃ ᠲᠤᠷᠱᠢᠯᠲᠠ ᠵᠢᠨ ᠳᠠᠰᠤᠭ᠎ᠲᠤ᠂ ᠲᠡᠳᠡ ᠨᠢᠭᠡ ᠲᠠᠯ᠎ᠠ ᠪᠡᠷ ᠨᠠᠷᠢᠯᠢᠭ ᠬᠡᠮᠵᠢᠭᠦᠷᠯᠢᠭ ᠢ᠋ ᠬᠡᠷᠡᠭ᠌ᠯᠡᠵᠦ᠍᠂ ᠨᠦᠬᠦᠭᠡ ᠲᠠᠯ᠎ᠠ ᠪᠡᠷ ᠺᠣᠮᠫᠢᠦ᠋ᠲ᠋ᠧᠷ ᠤ᠋ᠨ ᠳᠡᠯᠭᠡᠴᠡ ᠶ᠋ᠢ ᠨᠢᠮᠪᠠᠢ ᠠᠵᠢᠭᠯᠠᠨ᠂ ᠲᠣᠭ᠎ᠠ ᠪᠠᠷᠢᠮᠲᠠ ᠶ᠋ᠢ ᠴᠠᠭ ᠲᠤᠬᠠᠶ ᠳ᠋ᠤᠨᠢ ᠬᠢᠨᠠᠨ ᠬᠡᠮᠵᠢᠨ᠎ᠡ᠃ ᠰᠠᠭᠠᠯᠢ ᠵᠢᠨ ᠦᠨᠢᠶ᠎ᠡ ᠵᠢᠨ ᠡᠭᠦᠯᠳᠡᠷ ᠪᠣᠢᠵᠢᠭᠤᠯᠬᠤ ᠡᠴᠡ ᠴᠢᠳᠠᠮᠵᠢᠳᠤ ᠲᠦᠭᠦᠬᠡᠶ ᠮᠠᠲ᠋ᠧᠷᠢᠶᠠᠯ ᠨᠡᠭᠡᠭᠡᠨ ᠬᠥᠭ᠌ᠵᠢᠭᠦᠯᠬᠦ᠌ ᠬᠦᠷᠲᠡᠯ᠎ᠡ᠂ ᠴᠠᠭᠠᠨ ᠢᠳᠡᠭᠡᠨ ᠡᠳ᠋ᠰᠢᠬᠦᠯᠤᠨ ᠪᠤᠯᠪᠠᠰᠤᠷᠠᠭᠤᠯᠬᠤ ᠤᠷ᠎ᠠ ᠮᠡᠷᠭᠡᠵᠢᠯ ᠪᠠ ᠲᠣᠨᠣᠭ ᠲᠥᠬᠥᠭᠡᠷᠦᠮᠵᠢ᠎ᠡᠴᠡ ᠠᠮᠤᠷ ᠲᠦᠪᠱᠢᠨ ᠪᠠ ᠶᠠᠰᠤ ᠴᠢᠨᠠᠷ ᠬᠦᠷᠲᠡᠯ᠎ᠡ᠂ ᠲᠠᠳᠠ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ ᠤ᠋ᠨ ᠪᠣᠭᠣᠮᠲᠠ ᠱᠢᠪᠲᠤᠯᠤᠯᠳᠠ᠎ᠵᠢᠨ ᠲᠣᠭᠣᠷᠢᠨ ᠳ᠋ᠤ ᠱᠢᠨ᠎ᠡ ᠶ᠋ᠢ ᠡᠭᠦᠳᠴᠦ᠍᠂ ᠴᠠᠭᠠᠨ ᠢᠳᠡᠭᠡᠨ᠎ᠦ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠨ᠎ᠠ᠃

ᠰᠦ ᠵᠢᠨ ᠲᠡᠮᠦᠷ ᠤ᠋ᠨ ᠤᠭᠤᠷᠠᠭ ᠢ᠋ ᠬᠠᠨᠳᠤᠯᠭ᠎ᠠ᠎ᠲᠠᠶ ᠪᠡᠷ ᠭᠠᠷᠭᠠᠨ ᠠᠪᠴᠤ᠌ ᠬᠠᠮᠠᠭᠠᠯᠠᠬᠤ ᠮᠡᠷᠭᠡᠵᠢᠯ ᠢ᠋ ᠠᠮᠵᠢᠯᠲᠠ᠎ᠲᠠᠶ ᠰᠤᠳᠤᠯᠤᠨ ᠨᠡᠭᠡᠭᠡᠵᠦ᠍᠂ ᠭᠠᠳᠠᠭᠠᠳᠤ ᠵᠢᠨ ᠵᠠᠩᠭᠢᠯᠠᠭ᠎ᠠ ᠵᠢᠨ ᠮᠡᠷᠭᠡᠵᠢᠯ ᠤ᠋ᠨ ᠪᠡᠬᠢᠯᠡᠯᠲᠡ ᠶ᠋ᠢ ᠡᠪᠳᠡᠪᠡ; ᠨᠡᠢᠲᠡ 237 ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ ᠢ᠋ ᠥᠷᠨᠢᠭᠦᠯᠵᠦ᠍᠂ 139 ᠲᠤᠰᠭᠠᠶ ᠠᠱᠢᠭ ᠭᠤᠶᠤᠴᠢᠯᠠᠨ᠂ 190 ᠥᠭᠦᠯᠡᠯ ᠨᠡᠢᠲᠡᠯᠡᠪᠡ ᠁  ᠤᠯᠤᠰ ᠤ᠋ᠨ ᠰᠦ ᠵᠢᠨ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠪᠠᠢᠭᠤᠯᠤᠭ᠍ᠳᠠᠭ᠍ᠰᠠᠨ ᠡᠴᠡ ᠨᠠᠭᠠᠰᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠬᠦᠳᠤᠯᠳᠠ᠎ᠵᠢᠨ ᠦᠷ᠎ᠡ ᠪᠦᠲᠦᠮᠵᠢ ᠡᠯᠪᠡᠭ ᠪᠤᠯᠵᠠᠢ᠃

ᠠᠯᠢ ᠣᠯᠠᠨ ᠮᠡᠷᠭᠡᠵᠢᠯ ᠤ᠋ᠨ ᠱᠢᠪᠲᠤᠯᠤᠯᠲᠠ ᠨᠢ ᠤᠯᠤᠰ ᠤ᠋ᠨ ᠴᠠᠭᠠᠨ ᠢᠳᠡᠭᠡᠨ᠎ᠤ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠤ᠋ᠨ ᠳᠡᠭᠡᠳᠤ ᠴᠢᠳᠠᠪᠬᠢᠲᠤ ᠲᠠᠪᠴᠠᠩ ᠤ᠋ᠨ ᠴᠤᠭ᠍ᠯᠠᠷᠠᠯ ᠤ᠋ᠨ ᠦᠶ᠋ᠯᠡᠳᠦᠯ᠎ᠡᠴᠡ ᠪᠤᠯᠪᠠ —

10 ᠭᠠᠷᠤᠶ ᠠᠺᠠᠳᠧᠮᠢᠴᠢ᠂ 100 ᠭᠠᠷᠤᠶ ᠳᠡᠭᠡᠳᠦ ᠵᠡᠷᠭᠡ ᠵᠢᠨ ᠠᠵᠢᠯ ᠲᠥᠷᠥᠯ ᠤ᠋ᠨ ᠲᠤᠰᠭᠠᠶ ᠮᠡᠷᠭᠡᠵᠢᠯᠲᠡᠨ᠂ 20 ᠭᠠᠷᠤᠶ ᠭᠠᠳᠠᠭᠠᠳᠤ ᠵᠢᠨ ᠲᠤᠰᠭᠠᠶ ᠮᠡᠷᠭᠡᠵᠢᠯᠲᠡᠨ᠂ 1000 ᠭᠠᠷᠤᠶ ᠭᠤᠤᠯᠯᠠᠭᠴᠢ  ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠠ 5000 ᠭᠠᠷᠤᠶ ᠬᠥᠮᠦᠨ᠎ᠦ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢᠨ ᠱᠢᠨ᠎ᠡ ᠶ᠋ᠢ ᠡᠭᠦᠳᠬᠦ᠌ ᠡᠩᠨᠡᠭᠡ ᠶ᠋ᠢ ᠪᠦᠷᠢᠯᠳᠤᠬᠦᠯᠪᠠ; ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶ᠋ᠢ ᠤᠶᠠᠯᠳᠤᠭᠤᠯᠤᠭ᠍ᠰᠠᠨ 《ᠬᠠᠮᠵᠢᠯᠴᠠᠨ ᠱᠢᠨ᠎ᠡ ᠶ᠋ᠢ ᠡᠭᠦᠳᠬᠦ᠌ ᠦᠶ᠋ᠯᠡᠴᠢᠯᠡᠭᠡᠨ᠎ᠦ ᠰᠦᠯᠵᠢᠶ᠎ᠡ》 ᠶ᠋ᠢ ᠪᠠᠢᠭᠤᠯᠵᠤ᠂ ᠰᠦ ᠵᠢᠨ ᠦᠢᠯᠡᠰ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢ ᠬᠠᠮᠤᠷᠤᠭ᠍ᠰᠠᠨ ᠱᠢᠨ᠎ᠡ ᠶ᠋ᠢ ᠡᠭᠦᠳᠬᠦ᠌ ᠪᠣᠳᠠᠲᠤ ᠴᠣᠭ᠍ᠴᠠ ᠵᠢᠨ ᠰᠦᠯᠵᠢᠶ᠎ᠡ ᠶ᠋ᠢ ᠪᠠᠢᠭᠤᠯᠪᠠ; ᠰᠠᠭᠠᠯᠢ ᠵᠢᠨ ᠦᠨᠢᠶ᠎ᠡ ᠦᠷᠡᠵᠢᠭᠦᠯᠬᠦ᠌ ᠬᠢᠭᠡᠳ ᠲᠡᠵᠢᠭᠡᠨ ᠦᠷᠡᠵᠢᠭᠦᠯᠬᠦ᠌ ᠮᠡᠷᠭᠡᠵᠢᠯ᠂ ᠱᠢᠮ᠎ᠡ ᠲᠡᠵᠢᠭᠡᠯ ᠬᠢᠭᠡᠳ ᠡᠷᠡᠭᠦᠯ ᠮᠡᠨᠳᠦ᠂ ᠴᠠᠭᠠᠨ ᠢᠳᠡᠭᠡᠨ ᠡᠳ᠋ᠰᠢᠬᠦᠯᠤᠨ ᠪᠤᠯᠪᠠᠰᠤᠷᠠᠭᠤᠯᠬᠤ ᠤᠷ᠎ᠠ ᠮᠡᠷᠭᠡᠵᠢᠯ ᠬᠢᠭᠡᠳ ᠲᠣᠨᠣᠭ ᠲᠥᠬᠥᠭᠡᠷᠦᠮᠵᠢ᠂ ᠴᠠᠭᠠᠨ ᠢᠳᠡᠭᠡᠨ᠎ᠦ ᠠᠮᠤᠷ ᠲᠦᠪᠰᠢᠨ ᠬᠢᠭᠡᠳ ᠶᠠᠰᠤ ᠴᠢᠨᠠᠷ ᠵᠡᠷᠭᠡ 4 ᠰᠤᠳᠤᠯᠭᠠᠨ᠎ᠤ ᠲᠥᠪ ᠢ᠋ ᠪᠠᠢᠷᠢᠯᠠᠭᠤᠯᠤᠨ ᠪᠠᠢᠭᠤᠯᠵᠤ᠂ ᠮᠡᠷᠭᠡᠵᠢᠯ ᠤ᠋ᠨ ᠪᠣᠭᠣᠮᠢ ᠵᠢᠨ ᠠᠰᠠᠭᠤᠳᠠᠯ ᠢ᠋ ᠱᠢᠶ᠋ᠳᠪᠦᠷᠢᠯᠡᠪᠡ; ᠴᠠᠭᠠᠨ ᠢᠳᠡᠭᠡᠨ᠎ᠤ ᠦᠢᠯᠡᠰ ᠤ᠋ᠨ ᠮᠡᠳᠡᠯᠭᠡ ᠵᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠂ ᠴᠠᠭᠠᠨ ᠢᠳᠡᠭᠡᠨ᠎ᠤ ᠦᠢᠯᠡᠰ ᠤ᠋ᠨ ᠪᠠᠷᠢᠮᠵᠢᠶᠠᠵᠢᠭᠤᠯᠤᠯᠲᠠ᠂ ᠰᠦ ᠵᠢᠨ ᠦᠢᠯᠡᠰ ᠤ᠋ᠨ ᠲᠤᠰᠭᠠᠶ ᠮᠡᠷᠭᠡᠵᠢᠯ ᠤ᠋ᠨ ᠨᠡᠪᠴᠢᠭᠦᠯᠤᠯᠳᠠ᠎ᠵᠢᠨ 3 ᠦᠶ᠋ᠯᠡᠴᠢᠯᠡᠭᠡᠨ᠎ᠦ ᠲᠠᠪᠴᠠᠩ ᠢ᠋ ᠪᠠᠢᠷᠢᠯᠠᠭᠤᠯᠤᠨ ᠪᠠᠢᠭᠤᠯᠵᠤ᠂ ᠠᠵᠢᠯ ᠲᠥᠷᠥᠯ ᠤ᠋ᠨ ᠠᠵᠤ ᠠᠬᠤᠢᠯᠠᠯ ᠳ᠋ᠤ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠪᠥᠬᠥ᠌ ᠲᠠᠯ᠎ᠠ ᠵᠢᠨ ᠣᠯᠠᠨ ᠡᠱᠢᠵᠢᠭ᠌ᠰᠡᠨ ᠦᠶ᠋ᠯᠡᠴᠢᠯᠡᠭᠡ ᠪᠠ ᠱᠢᠰᠲ᠋ᠧᠮᠵᠢᠭ᠌ᠰᠡᠨ ᠱᠢᠶ᠋ᠳᠪᠦᠷᠢᠯᠡᠬᠦ᠌ ᠲᠥᠰᠦᠯ ᠢ᠋ ᠬᠠᠩᠭᠠᠪᠠ ᠁

《ᠲᠦᠪ ᠡᠴᠡ ᠵᠠᠩᠭᠢᠯᠠᠭ᠎ᠠ ᠵᠢᠨ ᠭᠤᠤᠯᠳᠠᠯᠭ᠎ᠠ ᠲᠠᠢ ᠮᠡᠷᠭᠡᠵᠢᠯ ᠳ᠋ᠤ ᠱᠢᠪᠲᠤᠯᠤᠯᠲᠠ ᠬᠢᠵᠦ᠍᠂ ᠴᠢᠬᠤᠯᠠ ᠶᠡᠬᠡ ᠰᠠᠭᠤᠷᠢ ᠰᠤᠳᠤᠯᠭᠠᠨ᠎ᠤ ᠦᠷ᠎ᠡ ᠪᠦᠲᠦᠭᠡᠯ ᠢ᠋ ᠠᠵᠤ ᠦᠢᠯᠡᠰᠵᠢᠭᠦᠯᠬᠦ᠌᠎ᠪᠡᠷ ᠭᠣᠣᠯ ᠡᠭᠦᠷᠭᠡ ᠪᠣᠯᠭᠠᠨ᠂ ᠳᠠᠪᠠᠭᠤᠯᠢᠭ ᠴᠢᠳᠠᠪᠤᠷᠢᠲᠠᠨ᠎ᠤ ᠬᠦᠴᠦᠨ ᠢ᠋ ᠨᠢᠭ᠍ᠲᠠᠷᠠᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ᠋ ᠭᠦᠨᠵᠡᠭᠡᠢ ᠠᠭᠤᠰᠤᠯᠴᠠᠭᠤᠯᠤᠭ᠍ᠰᠠᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠱᠢᠰᠲ᠋ᠧᠮ ᠢ᠋ ᠪᠠᠢᠭᠤᠯᠤᠨ᠂ ᠴᠠᠭᠠᠨ ᠢᠳᠡᠭᠡᠨ᠎ᠤ ᠦᠢᠯᠡᠰ ᠤ᠋ᠨ ᠬᠥᠭ᠌ᠵᠢᠯᠲᠡ ᠶ᠋ᠢ ᠬᠢᠵᠠᠭᠠᠷᠯᠠᠵᠤ ᠪᠠᠢᠭ᠎ᠠ ᠵᠠᠩᠭᠢᠯᠠᠭ᠎ᠠ ᠵᠢᠨ ᠮᠡᠷᠭᠡᠵᠢᠯ ᠤ᠋ᠨ ᠪᠣᠭᠣᠮᠢ ᠶ᠋ᠢ ᠬᠦᠴᠦᠯᠡᠨ ᠱᠢᠪᠲᠤᠯᠤᠨ᠎ᠠ》 ᠭᠡᠵᠤ ᠰᠢᠨ᠎ᠠ᠎ᠵᠢ ᠡᠬᠦᠳᠬᠦ ᠲᠥᠪ ᠤ᠋ᠨ ᠶᠡᠷᠦᠩᠬᠡᠢ ᠳᠠᠭᠠᠭᠠᠮᠠᠯ ᠡᡁᠸ ᠵᠢᠶᠠᠨ ᠰᠤᠷᠪᠤᠯᠵᠢᠯᠠᠭ᠍ᠴᠢ ᠳ᠋ᠤ ᠬᠡᠯᠡᠨ᠎ᠡ᠃ ᠰᠢᠨ᠎ᠠ ᠎ᠵᠢ ᠡᠬᠦᠳᠬᠦ ᠲᠥᠪ᠎ᠡᠴᠡ ᠪᠦᠬᠦ᠌ ᠤᠯᠤᠰ ᠴᠢᠨᠠᠭ᠍ᠰᠢᠯᠠᠪᠠᠯ ᠪᠦᠬᠦ᠌ ᠪᠥᠮᠪᠥᠷᠴᠡᠭ ᠤ᠋ᠨ ᠳᠠᠪᠠᠭᠤᠯᠢᠭᠳᠤ ᠱᠢᠨ᠎ᠡ ᠶ᠋ᠢ ᠡᠭᠦᠳᠬᠦ᠌ ᠡᠬᠢ ᠪᠠᠶᠠᠯᠢᠭ ᠢ᠋ ᠨᠡᠢᠳᠭᠡᠵᠦ᠍᠂ ᠳᠤᠮᠳᠠᠳᠤ ᠤᠯᠤᠰ ᠤ᠋ᠨ ᠰᠦ ᠵᠢᠨ ᠦᠢᠯᠡᠰ ᠤ᠋ᠨ ᠮᠡᠷᠭᠡᠵᠢᠯ ᠤ᠋ᠨ ᠬᠦᠴᠢᠷ ᠠᠰᠠᠭᠤᠳᠠᠯ ᠢ᠋ ᠱᠢᠢᠳᠪᠦᠷᠢᠯᠡᠨ᠂ ᠮᠡᠷᠭᠡᠵᠢᠯ ᠵᠢᠡᠷ ᠠᠵᠢᠯ ᠲᠦᠷᠦᠯ ᠳ᠋ᠤ ᠬᠦᠴᠦᠨ ᠤᠯᠭᠤᠪᠠ᠃

ᠤᠯᠤᠰ ᠤ᠋ᠨ ᠪᠠᠢᠯᠳᠤᠬᠤ ᠪᠤᠳᠤᠯᠭ᠎ᠠ ᠶ᠋ᠢ ᠪᠡᠶᠡᠯᠡᠭᠦᠯᠬᠦ᠌ ᠴᠢᠬᠤᠯᠠ ᠠᠴᠢᠶᠠᠯᠠᠪᠤᠷᠢ ᠪᠣᠯᠤᠭ᠍ᠰᠠᠨ᠎ᠤ ᠬᠤᠪᠢ ᠳ᠋ᠤ᠂ ᠤᠯᠤᠰ ᠤ᠋ᠨ ᠲᠡᠰ ᠤ᠋ᠨ ᠱᠢᠨ᠎ᠡ ᠶ᠋ᠢ ᠡᠭᠦᠳᠬᠦ᠌ ᠲᠠᠪᠴᠠᠩ ᠪᠣᠯ ᠪᠡᠬᠢᠯᠡᠯᠲᠡ ᠶ᠋ᠢ ᠡᠪᠳᠡᠬᠦ᠌᠂ ᠠᠵᠤ ᠦᠢᠯᠡᠰ ᠤ᠋ᠨ ᠬᠥᠭ᠌ᠵᠢᠯᠲᠡ ᠶ᠋ᠢ ᠬᠦᠳᠦᠯᠥᠨ ᠳᠠᠭᠠᠭᠤᠯᠬᠤ ᠵᠠᠩᠭᠢᠯᠠᠭ᠎ᠠ ᠪᠣᠯᠤᠨ᠎ᠠ᠃ ᠥᠪᠥᠷ ᠮᠣᠩᠭᠣᠯ ᠳ᠋ᠤ᠂ ᠤᠯᠤᠰ ᠤ᠋ᠨ ᠴᠠᠭᠠᠨ ᠢᠳᠡᠭᠡᠨ ᠎ᠤ  ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠵᠢᠡᠷ ᠲᠥᠯᠥᠭᠡᠯᠡᠭᠦᠯᠦᠭ᠌ᠰᠡᠨ ᠳᠡᠭᠡᠳᠦ ᠴᠢᠳᠠᠪᠬᠢᠳᠤ ᠱᠢᠨ᠎ᠡ ᠶ᠋ᠢ ᠡᠭᠦᠳᠬᠦ᠌ ᠲᠠᠪᠴᠠᠩ ᠤ᠋ᠨ 《ᠲᠦᠷᠦᠭᠦᠴᠢ ᠭᠠᠯᠠᠭᠤ》 ᠶ᠋ᠢᠨ ᠦᠢᠯᠡᠳᠦᠯ ᠲᠣᠪᠣᠢᠮ᠎ᠠ ᠪᠠᠢᠵᠤ᠂ ᠪᠦᠬᠦᠢᠯᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠣᠳᠠᠲᠤ ᠬᠦᠴᠦᠨ ᠢᠯᠡᠳᠲᠡ ᠳᠡᠭᠡᠭ᠌ᠰᠢᠯᠡᠪᠡ᠃

ᠣᠳᠣᠬᠠᠨ ᠳ᠋ᠤ᠂ ᠥᠪᠥᠷ ᠮᠣᠩᠭᠣᠯ ᠤ᠋ᠨ ᠶᠠᠭ ᠭᠤᠶᠤᠴᠢᠯᠠᠨ ᠪᠠᠢᠭᠤᠯᠵᠤ ᠪᠠᠢᠭ᠎ᠠ ᠤᠯᠤᠰ ᠤ᠋ᠨ ᠲᠠᠰ ᠤ᠋ᠨ ᠡᠪᠡᠰᠦᠨ᠎ᠦ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ ᠨᠢᠭᠡᠨᠲᠡ ᠪᠣᠳᠠᠲᠤ ᠠᠵᠢᠯᠯᠠᠭᠠᠨ᠎ᠳᠠᠭᠠᠨ ᠣᠷᠣᠵᠤ᠂ ᠪᠥᠬᠥ᠌ ᠤᠯᠤᠰ ᠤ᠋ᠨ ᠳᠠᠪᠠᠭᠤᠯᠢᠭ ᠬᠦᠴᠦᠨ ᠢ᠋ ᠨᠢᠭ᠍ᠲᠠᠷᠠᠭᠤᠯᠤᠨ᠂ ᠡᠪᠡᠰᠦᠨ᠎ᠦ ᠦᠶ᠋ᠯᠡᠰ ᠤ᠋ᠨ ᠬᠦᠷᠢᠶᠡᠨ᠎ᠳᠡᠬᠢ ᠬᠥᠲᠥᠯᠥᠨ ᠳᠠᠭᠠᠭᠤᠯᠬᠤ ᠴᠢᠨᠠᠷᠲᠠᠶ᠂ ᠱᠢᠪᠲᠤᠯᠤᠯᠲᠠ ᠵᠢᠨ ᠴᠢᠨᠠᠷᠲᠠᠶ ᠪᠠ ᠬᠤᠪᠢᠰᠤᠯᠲᠠ ᠵᠢᠨ ᠴᠢᠨᠠᠷᠲᠠᠶ ᠵᠠᠩᠭᠢᠯᠠᠭ᠎ᠠ ᠵᠢᠨ ᠮᠡᠷᠭᠡᠵᠢᠯ ᠢ᠋ ᠱᠢᠪᠲᠤᠯᠬᠤ ᠪᠣᠯᠤᠨ᠎ᠠ᠃

ᠣᠢᠷ᠎ᠠ ᠵᠢᠨ ᠵᠢᠯ ᠡᠴᠡ ᠨᠠᠭᠠᠰᠢ᠂ ᠥᠪᠥᠷ ᠮᠣᠩᠭᠣᠯ ᠠᠵᠤ ᠦᠶ᠋ᠯᠡᠰ ᠤ᠋ᠨ ᠬᠡᠷᠡᠭ᠌ᠴᠡᠭᠡ ᠳ᠋ᠤ ᠬᠠᠨᠳᠤᠭᠤᠯᠤᠨ᠂ ᠪᠥᠬᠥ᠌ ᠣᠷᠣᠨ᠎ᠤ ᠬᠦᠴᠦᠨ ᠢ᠋ ᠳᠠᠢᠴᠢᠯᠠᠨ ᠴᠢᠬᠤᠯᠠ ᠶᠡᠬᠡ ᠱᠢᠨ᠎ᠡ ᠶ᠋ᠢ ᠡᠭᠦᠳᠬᠦ᠌ ᠲᠠᠪᠴᠠᠩ ᠤ᠋ᠨ ᠪᠠᠢᠭᠤᠯᠤᠯᠲᠠ ᠶ᠋ᠢ ᠲᠦᠷᠭᠡᠳᠭᠡᠵᠦ᠍ ᠪᠠᠢᠨ᠎ᠠ᠃ ᠴᠠᠭᠠᠨ ᠢᠳᠡᠭᠡᠨ᠎ᠤ ᠦᠶ᠋ᠯᠡᠰ᠂ ᠡᠪᠡᠰᠦᠨ᠎ᠦ ᠦᠶ᠋ᠯᠡᠰ᠂ ᠬᠣᠪᠣᠷ ᠱᠢᠷᠣᠶ ᠂ ᠡᠨᠧᠷᠭᠢ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠵᠢᠨ ᠲᠣᠭᠣᠷᠢᠨ ᠳ᠋ᠤ ᠤᠯᠤᠰ ᠤ᠋ᠨ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ᠂ ᠤᠯᠤᠰ ᠤ᠋ᠨ ᠲᠠᠷᠢᠶᠠᠯᠠᠩ ᠤ᠋ᠨ ᠳᠡᠭᠡᠲᠤ ᠰᠢᠨ᠎ᠡ ᠮᠡᠷᠭᠡᠵᠢᠯ ᠤ᠋ᠨ ᠠᠵᠤ ᠦᠢᠯᠡᠰ ᠤ᠋ᠨ ᠵᠢᠱ᠌ᠢᠶ᠎ᠡ ᠦᠵᠡᠭᠦᠯᠬᠦ ᠤᠷᠤᠨ ᠵᠡᠷᠭᠡ ᠴᠢᠬᠤᠯᠠ ᠶᠡᠬᠡ ᠱᠢᠨ᠎ᠡ ᠶ᠋ᠢ ᠡᠭᠦᠳᠬᠦ᠌ ᠲᠠᠪᠴᠠᠩ ᠢ᠋ ᠳᠡᠮᠵᠢᠬᠦ᠌ ᠡᠷᠴᠢᠮ ᠵᠢᠡᠨ ᠦᠷᠭᠦᠯᠵᠢᠯᠡᠨ ᠴᠢᠩᠭᠠᠷᠠᠭᠤᠯᠵᠤ᠂ 2024 ᠣᠨ ᠳ᠋ᠤ ᠨᠡᠢ᠌ᠳᠡ 8.96 ᠳ᠋ᠦᠩᠱᠢᠭᠤᠷ ᠲᠥᠭᠥᠷᠢᠭ ᠤ᠋ᠨ ᠪᠡᠯᠡ ᠮᠥᠩᠭᠥ᠌ ᠪᠡᠷ ᠳᠡᠮᠵᠢᠪᠡ᠃ ᠨᠢᠳᠤᠨᠤᠨ᠂ ᠥᠪᠡᠷᠲᠡᠭᠡᠨ ᠵᠠᠰᠠᠬᠤ ᠣᠷᠣᠨ᠎ᠤ ᠲᠠᠰ ᠤ᠋ᠨ ᠱᠢᠨ᠎ᠡ ᠶ᠋ᠢ ᠡᠭᠦᠳᠬᠦ᠌ ᠲᠠᠪᠴᠠᠩ ᠤᠯᠤᠰ ᠤ᠋ᠨ ᠱᠢᠰᠲ᠋ᠧᠮ᠎ᠲᠡᠶ ᠢᠳᠡᠪᠬᠢᠲᠡᠶ ᠠᠭᠤᠰᠤᠯᠴᠠᠨ ᠵᠣᠯᠭᠠᠯᠴᠠᠵᠤ᠂ ᠬᠥᠬᠡᠬᠣᠲᠠ ᠪᠤᠭᠤᠲᠤ ᠣᠷᠳᠣᠰ ᠤ᠋ᠨ ᠤᠯᠤᠰ ᠤ᠋ᠨ ᠪᠡᠶ᠎ᠡ᠎ᠪᠡᠨ ᠳᠠᠭᠠᠭᠠᠵᠤ ᠪᠠᠢᠭᠤᠯᠤᠭᠰᠠᠨ ᠱᠢᠨ᠎ᠡ ᠶ᠋ᠢ ᠡᠭᠦᠳᠬᠦ᠌ ᠲᠣᠭᠣᠷᠢᠭ ᠢ᠋ ᠡᠭᠦᠳᠦᠨ ᠪᠠᠢᠭᠤᠯᠬᠤ ᠠᠵᠢᠯ ᠪᠣᠳᠠᠲᠤ ᠠᠬᠢᠴᠠ᠎ᠲᠠᠶ ᠪᠣᠯᠵᠣ᠂ ᠳᠠᠯᠠᠨ ᠬᠠᠷ᠎ᠠ ᠠᠭᠤᠯᠠ ᠵᠢᠨ ᠲᠤᠷᠱᠢᠯᠲᠠ ᠵᠢᠨ ᠲᠠᠰᠤᠭ᠂ ᠣᠷᠳᠣᠰ ᠤ᠋ᠨ ᠲᠤᠷᠱᠢᠯᠲᠠ ᠵᠢᠨ ᠲᠠᠰᠤᠭ ᠵᠡᠷᠭᠡ ᠨᠢᠭᠡ ᠪᠦᠯᠦᠭ ᠳᠡᠭᠡᠳᠦ ᠴᠢᠳᠠᠪᠬᠢᠲᠤ ᠱᠢᠨ᠎ᠡ ᠶ᠋ᠢ ᠡᠭᠦᠳᠬᠦ᠌ ᠲᠠᠪᠴᠠᠩ ᠢ᠋ ᠠᠵᠢᠯᠯᠠᠭᠤᠯᠪᠠ᠃

ᠡᠨᠡ ᠵᠢᠯ᠂ ᠥᠪᠥᠷ ᠮᠣᠩᠭᠣᠯ 《ᠲᠠᠪᠴᠠᠩ ᠢ᠋ ᠪᠣᠢᠵᠢᠭᠤᠯᠬᠤ》 ᠠᠵᠢᠯᠯᠠᠭ᠎ᠠ ᠶ᠋ᠢ ᠬᠦᠴᠦᠯᠡᠨ ᠬᠡᠷᠡᠭ᠌ᠵᠢᠭᠦᠯᠵᠦ᠍᠂ ᠤᠯᠤᠰ ᠤ᠋ᠨ ᠲᠠᠰ ᠤ᠋ᠨ ᠲᠠᠪᠴᠠᠩ ᠤ᠋ᠨ 《ᠲᠦᠷᠦᠭᠦᠴᠢ ᠭᠠᠯᠠᠭᠤ》 ᠶ᠋ᠢᠨ ᠦᠢᠯᠡᠳᠦᠯ ᠪᠠ ᠦᠶ᠋ᠯᠡᠴᠢᠯᠡᠭᠡᠨ᠎ᠦ ᠴᠢᠳᠠᠮᠵᠢ ᠶ᠋ᠢ ᠳᠡᠭᠡᠭ᠌ᠰᠢᠯᠡᠭᠦᠯᠤᠨ᠂ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠠᠪᠴᠠᠩ ᠤ᠋ᠨ ᠪᠠᠢᠭᠤᠯᠤᠯᠲᠠ ᠶ᠋ᠢ ᠨᠢᠭᠡᠳᠦᠯᠲᠡᠶ ᠲᠥᠯᠥᠪᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠡᠬᠢ ᠪᠠᠶᠠᠯᠢᠭ ᠢ᠋ ᠭᠤᠤᠯᠳᠠᠯᠭ᠎ᠠ᠎ᠲᠠᠶ ᠬᠦᠷᠢᠶ᠎ᠡ ᠪᠠ ᠵᠠᠩᠭᠢᠯᠠᠭ᠎ᠠ ᠵᠢᠨ ᠱᠢᠨ᠎ᠡ ᠶ᠋ᠢ ᠡᠭᠦᠳᠬᠦ᠌ ᠴᠡᠭ ᠲᠡᠢᠰᠢ ᠲᠥᠪᠯᠡᠷᠡᠭᠦᠯᠬᠦ᠌ ᠶ᠋ᠢ ᠠᠬᠢᠭᠤᠯᠤᠨ᠂ ᠥᠨᠳᠥᠷ ᠪᠦᠲᠦᠮᠵᠢᠲᠡᠶ ᠱᠢᠨ᠎ᠡ ᠶ᠋ᠢ ᠡᠭᠦᠳᠬᠦ᠌ ᠲᠠᠪᠴᠠᠩ ᠤ᠋ᠨ ᠱᠢᠰᠲ᠋ᠧᠮ ᠢ᠋ ᠬᠠᠮᠵᠢᠯᠴᠠᠨ ᠲᠦᠷᠭᠡᠨ ᠪᠠᠢᠭᠤᠯᠪᠠ᠃

ᠰᠤᠳᠤᠯᠤᠨ ᠦᠶ᠋ᠯᠡᠳᠪᠦᠷᠢᠯᠡᠬᠦ᠌ ᠬᠡᠯᠬᠢᠶ᠎ᠡ ᠶ᠋ᠢ ᠨᠡᠪᠲᠡᠷᠡᠭᠦᠯᠵᠦ᠍ ᠠᠵᠤ ᠦᠶ᠋ᠯᠡᠰ ᠤ᠋ᠨ ᠬᠥᠭ᠌ᠵᠢᠯᠲᠡ ᠶ᠋ᠢ ᠠᠬᠢᠭᠤᠯᠤᠨ᠎ᠠ

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠬᠦᠳᠤᠯᠳᠠ᠎ᠵᠢᠨ ᠦᠷ᠎ᠡ ᠪᠦᠲᠦᠭᠡᠯ ᠵᠦᠪᠬᠡᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠡᠴᠡ ᠠᠵᠤ ᠦᠢᠯᠡᠰ ᠤ᠋ᠨ ᠡᠮᠤᠨ᠎ᠡ ᠡᠩᠨᠡᠭᠡ ᠲᠡᠢᠰᠢ ᠶᠠᠪᠤᠪᠠᠯ ᠰᠠᠶᠢ ᠦᠨᠡᠨ ᠬᠦ᠌ ᠪᠣᠳᠠᠲᠤ ᠦᠢᠯᠡᠳᠪᠦᠷᠢᠯᠡᠯ ᠤ᠋ᠨ ᠬᠦᠴᠦᠨ ᠢ᠋ ᠪᠦᠷᠢᠯᠳᠦᠭᠦᠯᠵᠦ᠍ ᠴᠢᠳᠠᠨ᠎ᠠ᠂ ᠱᠢᠨ᠎ᠡ ᠶ᠋ᠢ ᠡᠭᠦᠳᠬᠦ᠌ ᠲᠠᠪᠴᠠᠩ ᠪᠣᠯ ᠶᠠᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠵᠤ ᠦᠢᠯᠡᠰᠵᠢᠯᠲᠡ ᠲᠡᠢᠰᠢ ᠤᠷᠤᠭ᠍ᠰᠢᠯᠠᠬᠤ ᠴᠢᠬᠤᠯᠠ ᠵᠠᠮ ᠮᠥᠨ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠲᠤᠰᠭᠠᠢᠵᠢᠭ᠍ᠰᠠᠨ ᠮᠡᠷᠭᠡᠵᠢᠯ ᠢ᠋ ᠰᠤᠳᠤᠯᠤᠨ ᠨᠡᠭᠡᠭᠡᠬᠦ᠌ ᠪᠠ ᠳᠤᠮᠳᠠ ᠬᠤᠭᠤᠴᠠᠭᠠᠨ ᠤ᠋ ᠲᠤᠷᠱᠢᠯᠲᠠ ᠵᠢᠨ ᠣᠯᠠᠨ ᠨᠡᠢᠲᠡ ᠵᠢᠨ ᠦᠶ᠋ᠯᠡᠴᠢᠯᠡᠭᠡᠨ᠎ᠦ ᠲᠠᠪᠴᠠᠩ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ ᠢ᠋ ᠱᠢᠯᠵᠢᠭᠦᠯᠬᠦ᠌ ᠦᠶ᠋ᠯᠡᠴᠢᠯᠡᠭᠡᠨ᠎ᠦ ᠪᠠᠢᠭᠤᠯᠤᠮᠵᠢ ᠁ ᠱᠠᠩᠬᠠᠶ ᠵᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠵᠢᠨ ᠥᠪᠥᠷ ᠮᠣᠩᠭᠣᠯ ᠤ᠋ᠨ ᠰᠤᠳᠤᠯᠭᠠᠨ᠎ᠤ ᠬᠦᠷᠢᠶᠡᠯᠡᠩ ᠤ᠋ᠨ ᠦᠵᠡᠭᠦᠯᠭᠡ ᠵᠢᠨ ᠲᠢᠩᠬᠢᠮ ᠳ᠋ᠤ ᠣᠷᠣᠬᠤ ᠳ᠋ᠤ᠂ ᠲᠣᠰ ᠰᠤᠳᠤᠯᠭᠠᠨ᠎ᠤ ᠬᠦᠷᠢᠶᠡᠯᠡᠩ ᠤ᠋ᠨ ᠣᠯᠤᠭ᠍ᠰᠠᠨ ᠠᠯᠢ ᠣᠯᠠᠨ ᠢᠷᠠᠭᠤ ᠠᠯᠳᠠᠷ ᠬᠠᠷᠠᠭᠠᠨ ᠳ᠋ᠤ  ᠲᠣᠳᠣᠷᠠᠨ᠎ᠠ᠃

ᠥᠪᠥᠷ ᠮᠣᠩᠭᠣᠯ ᠪᠣᠯᠤᠨ ᠱᠠᠩᠬᠠᠶ ᠵᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠵᠢᠨ ᠬᠠᠮᠲᠤᠷᠠᠨ ᠪᠠᠢᠭᠤᠯᠤᠭ᠍ᠰᠠᠨ ᠱᠢᠨ᠎ᠡ ᠶ᠋ᠢ ᠡᠭᠦᠳᠬᠦ᠌ ᠲᠠᠪᠴᠠᠩ ᠪᠣᠯᠤᠭ᠍ᠰᠠᠨ᠎ᠤ ᠬᠤᠪᠢ ᠳ᠋ᠤ᠂ ᠱᠠᠩᠬᠠᠶ ᠵᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠵᠢᠨ ᠥᠪᠥᠷ ᠮᠣᠩᠭᠣᠯ ᠤ᠋ᠨ ᠰᠤᠳᠤᠯᠭᠠᠨ᠎ᠤ ᠬᠦᠷᠢᠶᠡᠯᠡᠩ ᠥᠪᠥᠷ ᠮᠣᠩᠭᠣᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠵᠢᠨ ᠬᠡᠷᠡᠭ᠌ᠴᠡᠭᠡ ᠱᠠᠭᠠᠷᠳᠠᠯᠭ᠎ᠠ ᠵᠢᠨ ᠲᠣᠭᠣᠷᠢᠨ ᠳ᠋ᠤ᠂ ᠱᠠᠩᠬᠠᠶ ᠵᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠵᠢᠨ 23 ᠳᠡᠭᠡᠳᠦ ᠰᠤᠷᠭᠠᠭᠤᠯᠢ᠂ 8 ᠬᠠᠷᠢᠶᠠᠲᠤ ᠡᠮᠨᠡᠯᠭᠡ ᠵᠢᠨ ᠬᠣᠷᠢᠶ᠎ᠠ᠂ 160 ᠭᠠᠷᠤᠶ ᠱᠢᠨᠵᠢᠯᠡᠭᠡᠨ᠎ᠦ ᠰᠠᠯᠠᠭ᠎ᠠ ᠠᠯᠤᠰᠯᠠᠭ᠍ᠰᠠᠨ ᠲᠤᠰᠭᠠᠶ ᠮᠡᠷᠭᠡᠵᠢᠯᠲᠡᠨ᠎ᠦ ᠪᠦᠯᠬᠦᠮ ᠢ᠋ ᠠᠬᠢᠭᠤᠯᠵᠤ᠂ ᠥᠪᠥᠷ ᠮᠣᠩᠭᠣᠯ ᠤ᠋ᠨ ᠲᠣᠰ ᠭᠠᠵᠠᠷ ᠤ᠋ᠨ ᠠᠵᠤ ᠠᠬᠤᠢᠯᠠᠯ᠎ᠲᠠᠶ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠠᠮᠲᠤᠷᠠᠯᠴᠠᠭᠠᠨ᠎ᠤ 157 ᠲᠥᠷᠥᠯ ᠵᠦᠶ᠋ᠯ ᠢ᠋ ᠥᠷᠨᠢᠭᠦᠯᠤᠨ᠂ ᠨᠢᠭᠡᠨᠲᠡ 70 ᠭᠠᠷᠤᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠤᠨᠳᠤᠤᠰᠢᠭᠤᠯᠤᠨ ᠬᠡᠷᠡᠭ᠌ᠯᠡᠬᠦ᠌ ᠶ᠋ᠢ ᠪᠡᠶᠡᠯᠡᠭᠦᠯᠪᠡ᠃

ᠱᠸᠨ ᠭᠦᠸᠧ ᠴᠢᠩ ᠰᠤᠳᠤᠯᠤᠭᠴᠢ ᠵᠢᠨ ᠪᠦᠯᠬᠦᠮ ᠤ᠋ᠨ ᠨᠡᠭᠡᠭᠡᠨ ᠬᠥᠭ᠌ᠵᠢᠭᠦᠯᠦᠭ᠌ᠰᠡᠨ ᠬᠤᠵᠢᠷᠯᠢᠭ ᠭᠠᠵᠠᠷ ᠤ᠋ᠨ ᠲᠣᠭᠠᠴᠢᠯᠠᠭ᠍ᠰᠠᠨ ᠵᠠᠰᠠᠯᠲᠠ ᠵᠢᠨ ᠮᠡᠷᠭᠡᠵᠢᠯ ᠬᠥᠷᠥᠰᠥᠨ᠎ᠦ ᠲᠠᠷᠢᠶᠠᠯᠠᠬᠤ ᠳᠠᠪᠬᠤᠷᠭ᠎ᠠ ᠵᠢᠨ ᠳᠠᠪᠤᠰᠤᠨ᠎ᠤ ᠠᠭᠤᠯᠤᠭ᠍ᠳᠠᠴᠠ ᠶ᠋ᠢ 0.2% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠵᠤ᠂ ᠬᠥᠬᠡᠬᠣᠲᠠ ᠵᠢᠨ ᠲᠣᠭ᠍ᠲᠠᠬᠤ ᠱᠢᠶᠠᠨ ᠳ᠋ᠤ ᠨᠢᠭᠡᠨᠲᠡ 2000 ᠮᠦ᠍᠎ᠵᠢᠱ᠌ᠢᠶ᠎ᠡ ᠦᠵᠡᠭᠦᠯᠦᠨ ᠵᠠᠰᠠᠪᠠ; ᠹᠧᠩ ᠶᠠᠨ᠎ᠫᠷᠤᠹᠧᠰᠰᠤᠷ ᠤ᠋ᠨ ᠪᠦᠯᠬᠦᠮ ᠤ᠋ᠨ ᠨᠡᠭᠡᠭᠡᠨ ᠬᠥᠭ᠌ᠵᠢᠭᠦᠯᠦᠭ᠌ᠰᠡᠨ ᠦᠯᠦ᠍ ᠭᠠᠷᠭᠠᠨ ᠠᠪᠬᠤ ᠪᠥᠭᠡᠮ ᠬᠦᠴᠢᠯ ᠢ᠋ ᠱᠢᠯᠭᠠᠨ ᠪᠠᠢᠴᠠᠭᠠᠬᠤ ᠮᠡᠷᠭᠡᠵᠢᠯ 3 ᠵᠦᠶ᠋ᠯ ᠤ᠋ᠨ ᠬᠢᠵᠢᠭ ᠡᠪᠡᠳᠴᠢᠨ ᠢ᠋ ᠲᠦᠷᠭᠡᠨ ᠵᠢᠡᠷ ᠬᠠᠮᠲᠤ ᠳ᠋ᠤᠨᠢ ᠪᠠᠢᠴᠠᠭᠠᠬᠤ ᠶ᠋ᠢ ᠪᠡᠶᠡᠯᠡᠭᠦᠯᠵᠦ᠍᠂ ᠠᠮᠢᠲᠠᠨ᠎ᠤ ᠠᠷᠠᠯᠵᠢᠶᠠᠨ᠎ᠤ ᠵᠠᠬ᠎ᠠ ᠳᠡᠯᠭᠡᠭᠦᠷ ᠤ᠋ᠨ ᠭᠦᠶ᠋ᠯᠭᠡᠭᠡᠨ ᠳ᠋ᠤ ᠵᠠᠩᠭᠢᠯᠠᠭ᠎ᠠ ᠵᠢᠨ ᠦᠢᠯᠡᠳᠦᠯ ᠦᠵᠡᠭᠦᠯᠵᠦ᠍ ᠪᠤᠢ; ᠴᠧᠩ ᠬᠠᠶ ᠷᠦᠩ ᠫᠷᠤᠹᠧᠰᠰᠤᠷ ᠲᠣᠰ ᠭᠠᠵᠠᠷ ᠤ᠋ᠨ ᠠᠮᠢᠳᠤ ᠪᠣᠳᠠᠰ ᠤ᠋ᠨ ᠡᠮ ᠡᠮᠨᠡᠯᠭᠡ ᠵᠢᠨ ᠠᠵᠤ ᠠᠬᠤᠢᠯᠠᠯ᠎ᠲᠠᠶ ᠬᠠᠮᠲᠤᠷᠠᠨ᠂ ᠲᠤᠩᠭᠠᠯᠠᠭ ᠡᠳ᠋ ᠤ᠋ᠨ ᠬᠦᠴᠢᠯ ᠤ᠋ᠨ ᠨᠠᠲ᠋ᠷᠢ ᠪᠣᠯᠤᠨ ᠢᠰᠭᠡᠭ᠌ᠴᠢ ᠪᠠᠺᠲ᠋ᠧᠷᠢ ᠶ᠋ᠢ ᠰᠣᠩᠭᠣᠨ ᠪᠣᠢᠵᠢᠭᠤᠯᠵᠤ ᠥᠭᠡᠷᠡᠴᠢᠯᠡᠨ ᠵᠠᠰᠠᠵᠤ᠂ ᠵᠢᠱ᠌ᠢᠯᠲᠡ᠎ᠪᠡᠷ ᠵᠢᠯ ᠳ᠋ᠤ 1000 ᠲᠦᠮᠡᠨ ᠲᠥᠭᠥᠷᠢᠭ ᠤ᠋ᠨ ᠠᠵᠤ ᠠᠬᠤᠢᠯᠠᠯ ᠤ᠋ᠨ ᠥᠪᠡᠷ ᠤ᠋ᠨ ᠥᠷᠲᠡᠭ ᠢ᠋ ᠠᠷᠪᠢᠯᠠᠬᠤ ᠪᠤᠯᠤᠨ᠎ᠠ ᠁

《ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠵᠢᠨ ᠮᠡᠷᠭᠡᠵᠢᠯ》 ᠥᠪᠥᠷ ᠮᠣᠩᠭᠣᠯ ᠤ᠋ᠨ ᠣᠷᠣᠨ ᠨᠤᠲᠤᠭ ᠤ᠋ᠨ ᠠᠵᠤ ᠦᠶ᠋ᠯᠡᠰ ᠲᠤ᠌ ᠦᠨᠳᠦᠰᠦᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠤᠯᠠᠷᠢᠭᠤᠯᠬᠤ ᠬᠤᠷᠳᠤᠴᠠ ᠶ᠋ᠢ ᠲᠦᠷᠭᠡᠳᠭᠡᠨ᠂ ᠠᠵᠤ ᠦᠶ᠋ᠯᠡᠰ ᠤ᠋ᠨ ᠬᠥᠭ᠌ᠵᠢᠯᠲᠡ ᠳ᠋ᠤ ᠠᠮᠢᠵᠢᠷᠠᠯ ᠤ᠋ᠨ ᠬᠦᠴᠦᠨ ᠨᠡᠮᠡᠷᠢᠯᠡᠨ᠎ᠡ᠃

《ᠪᠢᠳᠡ ᠨᠠᠩ ᠣᠯᠠᠨ ᠳᠡᠭᠡᠳᠦ ᠲᠠᠰ ᠤ᠋ᠨ ᠱᠢᠨ᠎ᠡ ᠶ᠋ᠢ ᠡᠭᠦᠳᠬᠦ᠌ ᠡᠬᠢ ᠪᠠᠶᠠᠯᠢᠭ ᠢ᠋ ᠥᠪᠥᠷ ᠮᠣᠩᠭᠣᠯ ᠳ᠋ᠤ ᠨᠠᠢᠳᠠᠪᠤᠷᠢᠵᠢᠭᠤᠯᠬᠤ ᠶ᠋ᠢ ᠦᠷᠭᠦᠯᠵᠢᠯᠡᠨ ᠠᠬᠢᠭᠤᠯᠵᠤ᠂ ᠠᠵᠤ ᠦᠶ᠋ᠯᠡᠰ ᠤ᠋ᠨ ᠬᠡᠯᠬᠢᠶ᠎ᠡ᠂ ᠱᠢᠨ᠎ᠡ ᠶ᠋ᠢ ᠡᠭᠦᠳᠬᠦ᠌ ᠬᠡᠯᠬᠢᠶ᠎ᠡ᠂ ᠬᠥᠷᠥᠩᠭᠡ ᠵᠢᠨ ᠬᠡᠯᠬᠢᠶ᠎ᠡ᠂ ᠦᠶ᠋ᠯᠡᠴᠢᠯᠡᠭᠡᠨ᠎ᠦ ᠬᠡᠯᠬᠢᠶ᠎ᠡ ᠶ᠋ᠢ ᠬᠠᠷᠢᠯᠴᠠᠨ ᠤᠶᠠᠯᠳᠤᠭᠤᠯᠤᠭ᠍ᠰᠠᠨ ᠱᠢᠨ᠎ᠡ ᠶ᠋ᠢ ᠡᠭᠦᠳᠬᠦ᠌ ᠦᠶ᠋ᠯᠡᠰ ᠪᠤᠰᠭᠠᠬᠤ ᠤᠷᠴᠢᠨ ᠢ᠋ ᠴᠢᠷᠮᠠᠢᠨ ᠪᠤᠢ ᠪᠤᠯᠭᠠᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ〈ᠱᠢᠪᠲᠤᠯᠤᠯᠲᠠ〉 ᠳ᠋ᠤ ᠬᠦᠴᠦᠲᠡᠶ ᠲᠤᠯᠭᠠᠭᠤᠷᠢᠯᠠᠯ ᠬᠠᠩᠭᠠᠨ᠎ᠠ》 ᠭᠡᠵᠤ ᠰᠤᠳᠤᠯᠭᠠᠨ᠎ᠤ ᠬᠦᠷᠢᠶᠡᠯᠡᠩ ᠤ᠋ᠨ ᠳᠠᠷᠤᠭ᠎ᠠ ᠳ᠋ᠦᠩ ᠹᠠᠨ ᠯᠢ ᠰᠤᠷᠪᠤᠯᠵᠢᠯᠠᠭ᠍ᠴᠢ ᠳ᠋ᠤ ᠬᠡᠯᠡᠨ᠎ᠡ᠃

ᠵᠠᠩᠭᠢᠯᠠᠭ᠎ᠠ ᠵᠢᠨ ᠭᠤᠤᠯᠳᠠᠯᠭ᠎ᠠ ᠲᠠᠢ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠶ᠋ᠢ ᠥᠷᠨᠢᠭᠦᠯᠵᠦ᠍᠂ ᠲᠤᠷᠰᠢᠯᠲᠡ ᠵᠢᠨ ᠳᠤᠮᠳᠠ ᠬᠤᠭᠤᠴᠠᠭᠠᠨ ᠤ᠋ ᠦᠢᠯᠡᠳᠪᠦᠷᠢᠯᠡᠯ ᠤ᠋ᠨ ᠰᠠᠭᠤᠷᠢᠨ ᠢ᠋ ᠪᠠᠢᠭᠤᠯᠤᠨ᠂ ᠮᠡᠷᠭᠡᠵᠢᠯ ᠤ᠋ᠨ ᠦᠷ᠎ᠡ ᠪᠦᠲᠦᠭᠡᠯ ᠢ᠋ ᠤᠯᠠᠷᠢᠭᠤᠯᠤᠨ ᠬᠡᠷᠡᠭ᠌ᠯᠡᠬᠦ᠌ ᠶ᠋ᠢ ᠠᠬᠢᠭᠤᠯᠬᠤ ᠁ ᠡᠯ᠎ᠡ ᠱᠠᠲᠤᠨ᠎ᠤ ᠡᠯ᠎ᠡ ᠲᠦᠷᠦᠯ ᠤ᠋ᠨ ᠱᠢᠨ᠎ᠡ ᠶ᠋ᠢ ᠡᠭᠦᠳᠬᠦ᠌ ᠲᠠᠪᠴᠠᠩ ᠳ᠋ᠤ ᠲᠦᠱᠢᠭ᠌ᠯᠡᠨ᠂ ᠨᠡᠩ ᠤᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠠᠵᠤ ᠠᠬᠤᠢ ᠵᠢᠨ ᠦᠷ᠎ᠡ ᠠᠰᠢᠭ ᠢ᠋ ᠠᠪᠴᠢᠷᠠᠵᠤ᠂ ᠠᠵᠤ ᠦᠢᠯᠡᠰ ᠤ᠋ᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌ ᠶ᠋ᠢ ᠠᠬᠢᠭᠤᠯᠵᠤ ᠪᠤᠢ᠃

ᠪᠠᠶᠠᠨᠨᠠᠭᠤᠷ ᠤ᠋ᠨ ᠤᠯᠤᠰ ᠤ᠋ᠨ ᠲᠠᠷᠢᠶᠠᠯᠠᠩ ᠤ᠋ᠨ ᠳᠡᠭᠡᠳᠤ ᠰᠢᠨ᠎ᠡ ᠮᠡᠷᠭᠡᠵᠢᠯ ᠤ᠋ᠨ ᠠᠵᠤ ᠦᠢᠯᠡᠰ ᠤ᠋ᠨ ᠵᠢᠱ᠌ᠢᠶ᠎ᠡ ᠦᠵᠡᠭᠦᠯᠬᠦ ᠣᠷᠣᠨ ᠥᠪᠥᠷ ᠮᠣᠩᠭᠣᠯ ᠤ᠋ᠨ ᠹᠦ᠋ ᠴᠤᠸᠠᠨ ᠣᠲᠣ ᠦᠶ᠎ᠡ ᠵᠢᠨ ᠮᠢᠬᠠᠨ ᠤ᠋ ᠬᠣᠨᠢᠨ᠎ᠤ ᠠᠵᠤ ᠦᠢᠯᠡᠰᠵᠢᠭ᠌ᠰᠡᠨ ᠣᠷᠴᠢᠯ ᠠᠵᠤ ᠠᠬᠤᠶ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ᠂ ᠮᠢᠬᠠᠨ ᠤ᠋ ᠬᠣᠨᠢ ᠲᠡᠵᠢᠭᠡᠨ ᠦᠷᠡᠵᠢᠭᠦᠯᠬᠦ᠌ ᠮᠠᠱᠢᠨ ᠬᠥᠮᠦᠨ ᠶᠠᠭ ᠲᠣᠭ᠍ᠲᠠᠭ᠍ᠰᠠᠨ ᠡᠷᠭᠢᠯᠲᠡ ᠵᠢᠨ ᠵᠠᠮ ᠵᠢᠡᠷ ᠪᠣᠷᠳᠣᠭ᠎ᠠ ᠨᠡᠮᠡᠵᠤ ᠪᠣᠶ᠃ 《ᠮᠠᠱᠢᠨ ᠬᠥᠮᠦᠨ ᠠᠰᠠᠷᠠᠭ᠍ᠴᠢ》 ᠶ᠋ᠢᠨ ᠠᠷᠠᠴᠢᠯᠠᠯ ᠳᠤᠤᠷ᠎ᠠ᠂ ᠡᠨᠳᠡᠬᠢ ᠬᠣᠨᠢᠳ 《ᠣᠶᠤᠨᠴᠢ ᠥᠷᠥᠭᠡ》 ᠳ᠋ᠤ ᠰᠠᠭᠤᠵᠤ᠂ 《ᠵᠠᠬᠢᠶᠠᠯᠠᠭᠰᠠᠨ ᠬᠣᠭᠣᠯᠠ》 ᠢᠳᠡᠵᠦ᠍ ᠪᠣᠶ᠃

《ᠬᠦᠷᠢᠶᠡᠯᠡᠩ ᠲᠣᠭᠣᠷᠢᠭ ᠤᠯᠤᠰ ᠤ᠋ᠨ ᠳᠣᠲᠣᠭᠠᠳᠤ ᠵᠢᠨ ᠠᠩᠬᠠᠳᠠᠭ᠍ᠴᠢ ᠣᠶᠤᠨᠴᠢ ᠮᠠᠯᠵᠢᠯ ᠤ᠋ᠨ ᠲᠠᠯᠠᠪᠠᠶ ᠵᠢᠨ ᠮᠢᠬᠠᠨ ᠤ᠋ ᠬᠣᠨᠢ ᠲᠡᠵᠢᠭᠡᠨ ᠦᠷᠡᠵᠢᠭᠦᠯᠬᠦ᠌ ᠮᠠᠱᠢᠨ ᠬᠥᠮᠦᠨ᠎ᠦ ᠱᠢᠰᠲ᠋ᠧᠮ ᠢ᠋ ᠰᠤᠳᠤᠯᠤᠨ ᠨᠡᠭᠡᠭᠡᠵᠦ᠍᠂ ᠮᠠᠱᠢᠨ ᠬᠥᠮᠦᠨ ᠵᠢᠡᠷ ᠲᠡᠵᠢᠭᠡᠬᠦ᠌᠂ ᠣᠩᠭᠣᠴᠠ ᠴᠡᠪᠡᠷᠯᠡᠬᠦ᠌᠂ ᠱᠦᠭᠦᠷᠳᠡᠨ ᠴᠡᠪᠡᠷᠯᠡᠬᠦ᠌ ᠵᠡᠷᠭᠡ 10 ᠱᠢᠰᠲ᠋ᠧᠮ ᠢ᠋ ᠪᠠᠭ᠍ᠲᠠᠭᠠᠵᠤ᠂ ᠮᠢᠬᠠᠨ ᠤ᠋ ᠬᠣᠨᠢ ᠶ᠋ᠢ ᠤᠶᠤᠨᠴᠢᠯᠠᠨ ᠲᠡᠵᠢᠭᠡᠨ ᠦᠷᠡᠵᠢᠭᠦᠯᠬᠦ᠌ ᠮᠡᠷᠭᠡᠵᠢᠯ ᠤ᠋ᠨ ᠲᠠᠯ᠎ᠠ ᠪᠡᠷ ᠵᠠᠩᠭᠢᠯᠠᠭ᠎ᠠ ᠵᠢᠨ ᠴᠢᠨᠠᠷᠲᠠᠶ ᠱᠢᠪᠲᠤᠯᠤᠯᠲᠠ ᠭᠠᠷᠭᠠᠪᠠ᠃ 1 ᠲᠡᠵᠢᠭᠡᠬᠦ᠌ ᠮᠠᠱᠢᠨ ᠬᠥᠮᠦᠨ 6 ᠰᠠᠷᠠᠪᠴᠢ ᠵᠢᠨ ᠬᠤᠨᠢ ᠲᠡᠵᠢᠭᠡᠬᠦ᠌ ᠠᠵᠢᠯ ᠢ᠋ ᠪᠡᠶᠡᠯᠡᠭᠦᠯᠵᠦ᠍᠂ 1 ᠴᠡᠪᠡᠷᠯᠡᠬᠦ᠌ ᠮᠠᠱᠢᠨ ᠬᠥᠮᠦᠨ 10 ᠰᠠᠷᠠᠪᠴᠢ ᠶ᠋ᠢ ᠴᠡᠪᠡᠷᠯᠡᠬᠦ᠌ ᠠᠵᠢᠯ ᠢ᠋ ᠪᠡᠶᠡᠯᠡᠭᠦᠯᠤᠨ᠂ ᠦᠶ᠋ᠯᠡᠳᠪᠦᠷᠢᠯᠡᠯ ᠤ᠋ᠨ ᠬᠠᠮᠢᠶᠠᠷᠤᠯᠲᠠ ᠵᠢᠨ ᠥᠪᠡᠷ ᠤ᠋ᠨ ᠥᠷᠲᠡᠭ ᠢ᠋ 150 ᠲᠦᠮᠡᠨ ᠲᠥᠭᠥᠷᠢᠭ ᠠᠷᠪᠢᠯᠠᠵᠤ ᠴᠢᠳᠠᠨ᠎ᠠ᠃ ᠨᠠᠷᠢᠯᠢᠭ ᠣᠨᠣᠪᠴᠢᠲᠠᠶ ᠲᠡᠵᠢᠭᠡᠭ᠌ᠰᠡᠨ᠎ᠡᠴᠡ ᠮᠢᠬᠠᠨ ᠤ᠋ ᠬᠣᠨᠢ ᠵᠢᠨ ᠥᠰᠥᠯᠲᠡ ᠵᠢᠨ ᠬᠤᠷᠳᠤᠴᠠ ᠢᠯᠡᠳᠲᠡ ᠲᠦᠷᠭᠡᠳᠴᠦ᠍᠂ ᠮᠢᠬᠠᠨ᠎ᠤ ᠴᠢᠨᠠᠷ ᠴᠤ᠌ ᠨᠠᠩ ᠱᠢᠨ᠎ᠡ ᠰᠣᠷᠭᠣᠭ ᠪᠣᠯᠵᠠᠶ》 ᠭᠡᠵᠤ ᠥᠪᠥᠷ ᠮᠣᠩᠭᠣᠯ ᠤ᠋ᠨ ᠹᠦ᠋ ᠴᠤᠸᠠᠨ ᠲᠡᠵᠢᠭᠡᠨ ᠦᠷᠡᠵᠢᠭᠦᠯᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠶᠡᠷᠦᠩᠬᠡᠶ ᠳᠠᠭᠠᠭᠠᠮᠠᠯ ᠴᠧᠨ ᠺᠠᠶ ᠲᠠᠩᠰᠠ ᠪᠤᠳᠤᠵᠤ ᠭᠠᠷᠤᠯ᠎ᠠ᠃

ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠬᠦᠷᠢᠶ᠎ᠡ ᠴᠠᠷᠠᠭ᠎ᠠ ᠳ᠋ᠤ ᠡᠭᠦᠳᠦᠨ ᠪᠠᠢᠭᠤᠯᠤᠭ᠍ᠰᠠᠨ 《ᠬᠦᠴᠦᠲᠡᠢ ᠵᠡᠪᠰᠡᠭ》 ᠪᠣᠯᠤᠭ᠍ᠰᠠᠨ᠎ᠤ ᠬᠤᠪᠢ ᠳ᠋ᠤ᠂ ᠪᠠᠶᠠᠨᠨᠠᠭᠤᠷ ᠤ᠋ᠨ ᠤᠯᠤᠰ ᠤ᠋ᠨ ᠲᠠᠷᠢᠶᠠᠯᠠᠩ ᠤ᠋ᠨ ᠳᠡᠭᠡᠳᠤ ᠰᠢᠨ᠎ᠡ ᠮᠡᠷᠭᠡᠵᠢᠯ ᠤ᠋ᠨ ᠵᠢᠱ᠌ᠢᠶ᠎ᠡ ᠦᠵᠡᠬᠦᠯᠬᠦ ᠣᠷᠣᠨ ᠳ᠋ᠤ 《1 + 10 + N》 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠠᠪᠴᠠᠩ ᠢ᠋ ᠪᠠᠢᠭᠤᠯᠤᠨ᠂ 10 ᠠᠺᠠᠳᠧᠮᠢᠴᠢ ᠵᠢᠴᠢ 56 ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠪᠦᠯᠬᠦᠮ ᠢ᠋ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ ᠡᠴᠡ ᠳᠡᠭᠡᠭ᠌ᠰᠢᠬᠢ ᠱᠢᠨ᠎ᠡ ᠶ᠋ᠢ ᠡᠭᠦᠳᠬᠦ᠌ ᠲᠠᠪᠴᠠᠩ ᠤ᠋ᠨ ᠠᠴᠢᠶᠠᠯᠠᠪᠤᠷᠢ 44  ᠶ᠋ᠢ ᠪᠠᠢᠭᠤᠯᠤᠨ᠂ ᠭᠠᠵᠠᠷ᠂ ᠤᠰᠤ᠂ ᠡᠭᠦᠯᠳᠡᠷ᠂ ᠪᠣᠭᠣᠳᠠᠶ᠂ ᠮᠢᠬᠠᠨ ᠤ᠋ ᠬᠣᠨᠢ ᠵᠡᠷᠭᠡ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠵᠢᠨ ᠲᠣᠭᠣᠷᠢᠨ ᠳ᠋ᠤ ᠰᠤᠳᠤᠯᠭᠠᠨ ᠥᠷᠨᠢᠭᠦᠯᠵᠦ᠍᠂ ᠨᠢᠭᠡᠨᠲᠡ 61 ᠵᠦᠶ᠋ᠯ ᠤ᠋ᠨ ᠵᠠᠩᠭᠢᠯᠠᠭ᠎ᠠ ᠵᠢᠨ ᠮᠡᠷᠭᠡᠵᠢᠯ ᠤ᠋ᠨ ᠪᠣᠭᠣᠮᠲᠠ ᠱᠢᠪᠲᠤᠯᠬᠤ ᠪᠠ ᠦᠷ᠎ᠡ ᠪᠦᠲᠦᠭᠡᠯ ᠢ᠋ ᠤᠨᠳᠤᠤᠰᠢᠭᠤᠯᠬᠤ ᠲᠥᠷᠥᠯ ᠵᠦᠶ᠋ᠯ ᠢ᠋ ᠵᠣᠬᠢᠶᠠᠨ ᠪᠠᠢᠭᠤᠯᠤᠨ ᠬᠡᠷᠡᠭ᠌ᠵᠢᠭᠦᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠬᠦᠳᠤᠯᠳᠠ᠎ᠵᠢᠨ ᠦᠷ᠎ᠡ ᠪᠦᠲᠦᠭᠡᠯ ᠵᠢᠡᠷ ᠠᠵᠤ ᠦᠶ᠋ᠯᠡᠰ ᠤ᠋ᠨ ᠲᠠᠰ ᠳᠡᠪᠱᠢᠬᠦ᠌ ᠶ᠋ᠢ ᠠᠬᠢᠭᠤᠯᠪᠠ᠃

ᠡᠨᠡ ᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 《ᠱᠢᠪᠲᠤᠯᠤᠯᠲᠠ》 ᠶ᠋ᠢᠨ ᠴᠡᠭ ᠪᠠᠢᠷᠢ ᠪᠠ ᠭᠤᠤᠯᠳᠠᠯᠭ᠎ᠠ᠎ᠲᠠᠶ ᠠᠵᠤ ᠦᠶ᠋ᠯᠡᠰ ᠤ᠋ᠨ ᠬᠡᠯᠬᠢᠶ᠎ᠡ᠂ ᠥᠪᠥᠷ ᠮᠣᠩᠭᠣᠯ ᠤ᠋ᠨ ᠱᠢᠰᠲ᠋ᠧᠮᠵᠢᠭ᠌ᠰᠡᠨ ᠪᠠᠢᠷᠢᠱᠢᠭᠤᠯᠤᠯᠲᠠ ᠵᠢᠨ ᠭᠤᠤᠯᠳᠠᠯᠭ᠎ᠠ᠎ᠲᠠᠶ ᠲᠤᠷᠱᠢᠯᠲᠠ ᠵᠢᠨ ᠲᠠᠰᠤᠭ᠂ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠲᠥᠪ᠂ ᠤᠬᠠᠭ᠍ᠳᠠᠬᠤᠨ ᠢ᠋ ᠱᠢᠯᠭᠠᠨ ᠪᠠᠲᠤᠯᠠᠬᠤ ᠲᠥᠪ᠂ ᠨᠤᠲᠠᠯᠠᠯ ᠤ᠋ᠨ ᠳᠤᠮᠳᠠ ᠬᠤᠭᠤᠴᠠᠭᠠᠨ ᠤ᠋ ᠲᠤᠷᠱᠢᠯᠲᠠ ᠵᠢᠨ ᠰᠠᠭᠤᠷᠢᠨ ᠵᠡᠷᠭᠡ ᠱᠢᠨ᠎ᠡ ᠶ᠋ᠢ ᠡᠭᠦᠳᠬᠦ᠌ ᠲᠠᠪᠴᠠᠩ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠴᠢᠬᠤᠯᠠ ᠶᠡᠬᠡ ᠪᠣᠭᠣᠮᠲᠠ ᠱᠢᠪᠲᠤᠯᠬᠤ ᠡᠭᠦᠷᠭᠡ ᠵᠢᠨ ᠬᠡᠷᠡᠭ᠌ᠵᠢᠭᠦᠯᠦᠯᠲᠡ ᠳ᠋ᠤ ᠦᠶ᠋ᠯᠡᠴᠢᠯᠡᠨ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠠᠵᠤ ᠦᠶ᠋ᠯᠡᠰ ᠤ᠋ᠨ ᠬᠡᠷᠡᠭ᠌ᠯᠡᠭᠡ》 ᠶ᠋ᠢᠨ ᠵᠠᠩᠭᠢᠯᠠᠭ᠎ᠠ ᠵᠢᠨ ᠲᠤᠯᠭᠠᠭᠤᠷᠢᠯᠠᠬᠤ ᠦᠶ᠋ᠯᠡᠳᠦᠯ ᠢ᠋ ᠦᠷᠭᠦᠯᠵᠢᠯᠡᠨ ᠴᠢᠩᠭᠠᠳᠭᠠᠪᠠ᠃

ᠳᠡᠭᠡᠳᠦ ᠲᠡᠰ ᠤ᠋ᠨ ᠡᠯᠧᠮᠧᠨ᠋ᠲ ᠢ᠋ ᠴᠤᠭᠯᠠᠷᠠᠭᠤᠯᠤᠨ ᠱᠢᠨ᠎ᠡ ᠶ᠋ᠢ ᠡᠭᠦᠳᠬᠦ᠌ ᠬᠥᠳᠡᠯᠭᠡᠬᠦ᠌ ᠬᠦᠴᠦᠨ ᠢ᠋ ᠬᠥᠭ᠌ᠵᠢᠭᠡᠨ᠎ᠡ

ᠲᠦᠷᠦᠭᠦᠬᠡᠨ᠂ ᠣᠷᠳᠣᠰ ᠤ᠋ᠨ ᠲᠤᠷᠱᠢᠯᠲᠠ ᠵᠢᠨ ᠲᠠᠰᠤᠭ᠂ ᠪᠡᠭᠡᠵᠢᠩ ᠶᠡᠬᠡ ᠰᠤᠷᠭᠠᠭᠤᠯᠢ ᠵᠢᠨ ᠣᠷᠳᠣᠰ ᠤ᠋ᠨ ᠡᠨᠧᠷᠭᠢ ᠵᠢᠨ ᠰᠤᠳᠤᠯᠭᠠᠨ᠎ᠤ ᠬᠦᠷᠢᠶᠡᠯᠡᠩ ᠵᠡᠷᠭᠡ 6 ᠪᠠᠢᠭᠤᠯᠤᠮᠵᠢ 9 ᠵᠦᠶ᠋ᠯ ᠤ᠋ᠨ ᠬᠣᠱᠢᠭᠤᠷᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠲᠥᠪᠯᠡᠷᠡᠭᠦᠯᠦᠨ ᠨᠡᠢᠲᠡᠯᠡᠵᠦ᠍᠂ ᠱᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ᠌ ᠪᠠᠢᠭᠤᠯᠤᠮᠵᠢ ᠵᠢᠨ ᠣᠷᠣᠨ ᠨᠤᠲᠤᠭ ᠤ᠋ᠨ ᠠᠵᠤ ᠦᠶ᠋ᠯᠡᠰ ᠤ᠋ᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠳ᠋ᠤ ᠦᠶ᠋ᠯᠡᠴᠢᠯᠡᠬᠦ᠌ ᠬᠠᠮᠤᠭ ᠤ᠋ᠨ ᠱᠢᠨ᠎ᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠪᠠ ᠤᠨᠳᠤᠤᠰᠢᠭᠤᠯᠤᠭᠰᠠᠨ ᠪᠣᠳᠠᠲᠤ ᠦᠷ᠎ᠡ ᠪᠦᠲᠦᠮᠵᠢ ᠶ᠋ᠢ ᠲᠤᠳᠤᠷᠠᠭᠤᠯᠪᠠ᠃

ᠤᠯᠤᠰ᠂ ᠥᠪᠡᠷᠲᠡᠭᠡᠨ ᠵᠠᠰᠠᠬᠤ ᠣᠷᠣᠨ ᠡᠴᠡ ᠪᠠᠢᠷᠢᠯᠠᠭᠤᠯᠤᠭ᠍ᠰᠠᠨ ᠭᠣᠣᠯᠳᠠᠯᠭ᠎ᠠ᠎ᠲᠠᠶ ᠶᠡᠬᠡ ᠳᠡᠭᠡᠳᠦ ᠰᠤᠷᠭᠠᠭᠤᠯᠢ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠡᠷ ᠳᠤᠲᠠᠮᠠᠭ ᠵᠡᠷᠭᠡ ᠨᠢ ᠤᠷᠳᠤᠰ ᠬᠤᠳᠠ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠳᠤᠲᠠᠭᠤᠳᠠᠯ ᠪᠠᠭᠤᠷᠠᠢ ᠲᠠᠯ᠎ᠠ ᠪᠠᠢᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠪᠣᠭᠣᠮᠢ ᠶ᠋ᠢ ᠬᠡᠷᠬᠢᠨ ᠱᠢᠪᠲᠤᠯᠬᠤ ᠪᠤᠢ?ᠣᠷᠳᠣᠰ ᠬᠣᠲᠠ ᠨᠠᠷᠢᠯᠢᠭ ᠣᠨᠣᠪᠴᠢᠲᠠᠶ ᠪᠡᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠥᠨᠳᠥᠷ ᠴᠢᠳᠠᠪᠬᠢᠲᠤ ᠱᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ᠌ ᠪᠠᠢᠭᠤᠯᠤᠮᠵᠢ ᠶ᠋ᠢ ᠶᠡᠬᠡᠪᠡᠷ ᠬᠥᠭ᠌ᠵᠢᠭᠦᠯᠵᠦ᠍ ᠪᠣᠶ —

ᠴᠢᠩᠬᠤᠸᠠ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠲᠠᠶ ᠬᠠᠮᠲᠤ ᠪᠡᠷ 10 ᠭᠠᠷᠤᠶ ᠱᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ᠌ ᠪᠠᠢᠭᠤᠯᠤᠮᠵᠢ ᠪᠠᠢᠭᠤᠯᠵᠤ᠂ ᠡᠨᠧᠷᠭᠢ᠂ ᠬᠢᠮᠢ ᠵᠢᠨ ᠠᠵᠤ ᠦᠶ᠋ᠯᠡᠳᠪᠦᠷᠢ᠂ ᠱᠢᠨ᠎ᠡ ᠮᠠᠲ᠋ᠧᠷᠢᠶᠠᠯ ᠵᠡᠷᠭᠡ ᠭᠤᠤᠯᠳᠠᠯᠭ᠎ᠠ᠎ᠲᠠᠶ ᠬᠦᠷᠢᠶᠡᠨ ᠳ᠋ᠤ ᠠᠩᠬᠠᠷᠤᠯ ᠵᠢᠡᠨ ᠲᠥᠪᠯᠡᠷᠡᠭᠦᠯᠦᠨ ᠵᠠᠩᠭᠢᠯᠠᠭ᠎ᠠ ᠵᠢᠨ ᠭᠤᠤᠯᠳᠠᠯᠭ᠎ᠠ ᠲᠠᠢ ᠮᠡᠷᠭᠡᠵᠢᠯ ᠤ᠋ᠨ ᠪᠤᠭᠤᠮᠲᠠ ᠰᠢᠪᠲᠤᠯᠬᠤ ᠶ᠋ᠢ ᠥᠷᠨᠢᠭᠦᠯᠪᠡ; ᠠᠺᠠᠳᠧᠮᠢᠴᠢ ᠲᠤᠰᠭᠠᠢ ᠮᠡᠷᠭᠡᠵᠢᠯᠲᠡᠨ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠶ᠋ᠢ ᠠᠳᠠᠯᠢ ᠪᠡᠷ ᠡᠯᠰᠡᠵᠦ᠍᠂ ᠠᠳᠠᠯᠢ ᠪᠡᠷ ᠪᠠᠢᠭᠤᠯᠵᠤ᠂ ᠠᠳᠠᠯᠢ ᠪᠡᠷ ᠣᠷᠣᠭᠤᠯᠤᠨ ᠠᠪᠴᠢᠷᠠᠵᠤ᠂ ᠳᠡᠭᠡᠳᠦ ᠲᠡᠰ ᠤ᠋ᠨ ᠴᠢᠳᠠᠪᠤᠷᠢᠲᠠᠨ ᠵᠢᠡᠷ ᠬᠦᠳᠦᠯᠦᠨ ᠳᠠᠭᠠᠭᠤᠯᠵᠤ᠂ ᠰᠤᠳᠤᠯᠭᠠᠨ᠎ᠤ ᠪᠠᠢᠭᠤᠯᠤᠮᠵᠢ ᠵᠢᠨ ᠥᠨᠳᠥᠷ ᠭᠠᠷᠤᠭ᠎ᠠ ᠡᠴᠡ ᠬᠥᠭ᠌ᠵᠢᠬᠦ᠌ ᠶ᠋ᠢ ᠠᠬᠢᠭᠤᠯᠪᠠ; ᠱᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ᠌ ᠪᠠᠢᠭᠤᠯᠤᠮᠵᠢ ᠳ᠋ᠤ ᠴᠢᠳᠠᠪᠤᠷᠢᠲᠠᠨ ᠤᠷᠢᠬᠤ᠂ ᠮᠡᠷᠭᠡᠵᠢᠯ ᠤ᠋ᠨ ᠴᠣᠯᠠ ᠦᠨᠡᠯᠡᠨ ᠲᠣᠭ᠍ᠲᠠᠭᠠᠬᠤ᠂ ᠦᠷ᠎ᠡ ᠪᠦᠲᠦᠭᠡᠯ ᠢ᠋ ᠤᠨᠳᠤᠤᠰᠢᠭᠤᠯᠬᠤ ᠵᠡᠷᠭᠡ ᠡᠵᠡᠨ ᠮᠡᠳᠡᠬᠦ᠌ ᠡᠷᠬᠡ ᠭᠦᠶ᠋ᠴᠡᠳ ᠣᠯᠭᠣᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠠᠰ᠎ᠲᠤᠨᠢ ᠬᠠᠮᠢᠶᠠᠷᠬᠤ᠂ ᠤᠷᠢᠳᠠᠪᠠᠷ ᠬᠡᠷᠡᠭ᠌ᠯᠡᠵᠦ᠍ ᠳᠠᠷᠠᠭ᠎ᠠ᠎ᠨᠢ ᠰᠦᠶ᠋ᠳᠭᠡᠯ ᠲᠤᠱᠢᠶᠠᠬᠤ᠂ ᠱᠢᠨ᠎ᠡ ᠶ᠋ᠢ ᠡᠭᠦᠳᠬᠦ᠌ ᠠᠮᠢᠵᠢᠷᠠᠯ ᠤ᠋ᠨ ᠬᠦᠴᠦᠨ ᠢ᠋ ᠬᠥᠭ᠌ᠵᠢᠭᠡᠬᠦ᠌ ᠶ᠋ᠢ ᠵᠥᠪᠱᠢᠶᠡᠷᠡᠪᠡ; ᠪᠡᠯᠡ ᠮᠥᠩᠭᠥ ᠵᠢᠨ ᠪᠠᠲᠤᠯᠠᠭ᠎ᠠ ᠶ᠋ᠢ ᠴᠢᠩᠭᠠᠳᠭᠠᠵᠤ᠂ ᠰᠤᠳᠤᠯᠤᠨ ᠨᠡᠭᠡᠭᠡᠬᠦ᠌ ᠨᠥᠬᠥᠪᠥᠷᠢ ᠥᠭ᠌ᠴᠦ᠂ ᠰᠤᠳᠤᠯᠤᠨ ᠨᠡᠭᠡᠭᠡᠬᠦ᠌ ᠪᠠᠢᠭᠤᠯᠤᠮᠵᠢ ᠯᠠᠪᠳᠠᠭᠤᠨ ᠵᠢᠡᠷ ᠤᠷᠤᠭ᠍ᠰᠢᠯᠠᠬᠤ ᠳ᠋ᠤ ᠪᠠᠲᠤᠯᠠᠭ᠎ᠠ ᠬᠠᠩᠭᠠᠪᠠ ᠁

《ᠣᠳᠣᠬᠠᠨ ᠳ᠋ᠤ ᠣᠷᠳᠣᠰ ᠬᠣᠲᠠ ᠵᠢᠨ ᠱᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ᠌ ᠪᠠᠢᠭᠤᠯᠤᠮᠵᠢ ᠪᠦᠯᠦᠭ᠌ᠵᠢᠨ ᠬᠥᠭ᠌ᠵᠢᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ ᠡᠴᠡ ᠳᠡᠭᠡᠭ᠌ᠰᠢᠬᠢ ᠰᠤᠳᠤᠯᠤᠨ ᠨᠡᠭᠡᠭᠡᠬᠦ᠌ ᠪᠠᠢᠭᠤᠯᠤᠮᠵᠢ ᠨᠡᠮᠡᠭ᠌ᠳᠡᠭᠡᠳ ᠨᠢᠭᠡᠨᠲᠡ 271 ᠪᠣᠯᠵᠣ᠂ ᠰᠤᠳᠤᠯᠤᠨ ᠨᠡᠭᠡᠭᠡᠬᠦ᠌ ᠲᠠᠪᠴᠠᠩ ᠤ᠋ᠨ ᠭᠤᠤᠯᠳᠠᠯᠭ᠎ᠠ᠎ᠲᠠᠶ ᠠᠵᠤ ᠦᠶ᠋ᠯᠡᠰ ᠢ᠋ ᠪᠦᠬᠦᠨ ᠢ᠋ ᠪᠥᠷᠬᠥᠭᠦᠯᠬᠦ᠌ ᠶ᠋ᠢ ᠪᠡᠶᠡᠯᠡᠭᠦᠯᠤᠨ᠂ ᠨᠢᠭᠡ ᠪᠦᠯᠦᠭ ᠳᠡᠯᠡᠬᠡᠶ ᠵᠢᠨ ᠪᠠ ᠤᠯᠤᠰ ᠤ᠋ᠨ ᠳᠣᠲᠣᠭᠠᠳᠤ ᠵᠢᠨ ᠲᠡᠷᠢᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠪᠣᠶ ᠪᠣᠯᠭᠠᠵᠤ᠂ ᠭᠠᠵᠠᠷ ᠣᠷᠣᠨ᠎ᠤ ᠠᠵᠤ ᠦᠶ᠋ᠯᠡᠰ ᠤ᠋ᠨ ᠲᠠᠰ ᠳᠡᠪᠱᠢᠬᠦ᠌ ᠶ᠋ᠢ ᠬᠥᠲᠥᠯᠥᠨ ᠳᠠᠭᠠᠭᠤᠯᠬᠤ ᠬᠦᠴᠦᠷᠬᠡᠭ ᠶᠡᠬᠡ ᠬᠥᠳᠡᠯᠭᠡᠭᠦᠷ ᠪᠣᠯᠤᠭ᠍ᠰᠠᠨ ᠪᠠᠢᠨ᠎ᠠ》 ᠭᠡᠵᠦ᠍ ᠣᠷᠳᠣᠰ ᠬᠣᠲᠠ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠣᠪᠴᠢᠶᠠᠨ᠎ᠤ ᠳᠡᠳ᠋ ᠳᠠᠷᠤᠭ᠎ᠠ ᠵᠢᠶᠠ ᠷᠦ ᠵᠢᠩ ᠬᠡᠯᠡᠨ᠎ᠠ᠃

ᠣᠢᠷ᠎ᠠ ᠵᠢᠨ ᠵᠢᠯ ᠤ᠋ᠨ ᠲᠤᠷᠰᠢ᠂ ᠥᠪᠥᠷ ᠮᠣᠩᠭᠣᠯ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠪᠡᠨ ᠦᠷᠭᠦᠯᠵᠢᠯᠡᠨ ᠴᠢᠩᠭᠠᠳᠭᠠᠵᠤ᠂ ᠦᠶ᠋ᠯᠡᠴᠢᠯᠡᠭᠡᠨ᠎ᠦ ᠬᠡᠯᠬᠢᠶ᠎ᠡ᠎ᠪᠡᠨ ᠲᠡᠭᠦᠯᠳᠡᠷᠵᠢᠭᠦᠯᠦᠨ᠂ ᠳᠡᠭᠡᠳᠦ ᠴᠢᠳᠠᠪᠬᠢᠲᠤ ᠱᠢᠨ᠎ᠡ ᠶ᠋ᠢ ᠡᠭᠦᠳᠬᠦ᠌ ᠲᠠᠪᠴᠠᠩ ᠢ᠋ ᠲᠠᠰᠤᠷᠠᠯᠲᠠ ᠥᠬᠡᠶ ᠪᠠᠢᠭᠤᠯᠤᠨ ᠬᠦᠴᠦᠷᠬᠡᠭ᠌ᠵᠢᠭᠦᠯᠵᠦ᠍᠂ ᠱᠢᠨ᠎ᠡ ᠶ᠋ᠢ ᠡᠭᠦᠳᠬᠦ᠌ ᠡᠯᠧᠮᠧᠨ᠋ᠲ᠂ ᠳᠡᠭᠡᠳᠦ ᠲᠠᠰ ᠤ᠋ᠨ ᠴᠢᠳᠠᠪᠤᠷᠢᠲᠠᠨ ᠢ᠋ ᠲᠦᠷᠭᠡᠳᠭᠡᠨ ᠲᠥᠪᠯᠡᠷᠡᠭᠦᠯᠵᠤ᠂ ᠱᠢᠨ᠎ᠡ ᠶ᠋ᠢ ᠡᠭᠦᠳᠬᠦ᠌ ᠬᠥᠳᠡᠯᠭᠡᠬᠦ᠌ ᠬᠦᠴᠦᠨ ᠢ᠋ ᠬᠥᠭ᠌ᠵᠢᠭᠡᠪᠡ᠃

ᠣᠳᠣᠬᠠᠨ ᠳ᠋ᠤ᠂ ᠬᠥᠬᠡᠬᠣᠲᠠ ᠨᠢᠭᠡᠨᠲᠡ ᠱᠢᠨ᠎ᠡ ᠶ᠋ᠢ ᠡᠭᠦᠳᠬᠦ᠌ ᠲᠠᠪᠴᠠᠩ ᠤ᠋ᠨ ᠰᠦᠯᠵᠢᠶ᠎ᠡ ᠶ᠋ᠢ ᠪᠦᠷᠢᠯᠳᠦᠭᠦᠯᠵᠦ᠍᠂ 1000 ᠭᠠᠷᠤᠢ ᠱᠢᠨ᠎ᠡ ᠶ᠋ᠢ ᠡᠭᠦᠳᠬᠦ᠌ ᠠᠴᠢᠶᠠᠯᠠᠪᠤᠷᠢ ᠶ᠋ᠢ ᠪᠠᠢᠭᠤᠯᠤᠨ᠂ 39 ᠠᠺᠠᠳᠧᠮᠢᠴᠢ᠂ 216 ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠢ᠋ ᠠᠮᠢᠳᠤᠯᠢᠭ ᠵᠢᠡᠷ ᠣᠷᠣᠭᠤᠯᠤᠨ ᠠᠪᠴᠢᠷᠠᠵᠤ᠂ ᠣᠷᠣᠨ᠎ᠤ ᠭᠠᠳᠠᠨᠠᠬᠢ 131 ᠶᠡᠬᠡ ᠳᠡᠭᠡᠳᠦ ᠰᠤᠷᠭᠠᠭᠤᠯᠢ ᠵᠢᠴᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠲᠠᠶ ᠬᠠᠮᠲᠤᠷᠠᠯᠴᠠᠭ᠎ᠠ ᠪᠠᠢᠭᠤᠯᠪᠠ᠃

ᠪᠤᠭᠤᠲᠤ ᠬᠣᠲᠠ ᠨᠢᠭᠡᠨᠲᠡ 13 ᠬᠣᠪᠣᠷ ᠱᠢᠷᠣᠶ ᠵᠢᠨ ᠱᠢᠨ᠎ᠡ ᠶ᠋ᠢ ᠡᠭᠦᠳᠬᠦ᠌ ᠲᠠᠪᠴᠠᠩ ᠢ᠋ ᠪᠠᠢᠭᠤᠯᠪᠠ; ᠪᠦᠬᠦ᠌ ᠤᠯᠤᠰ ᠤ᠋ᠨ 2 ᠭᠣᠣᠯᠳᠠᠯᠭ᠎ᠠ᠎ᠲᠠᠶ ᠲᠤᠷᠱᠢᠯᠲᠠ ᠵᠢᠨ ᠲᠠᠰᠤᠭ᠂ ᠦᠪᠡᠷᠲᠡᠭᠡᠨ ᠵᠠᠰᠠᠬᠤ ᠤᠷᠤᠨ ᠤ᠋ 17 ᠭᠣᠣᠯᠳᠠᠯᠭ᠎ᠠ᠎ᠲᠠᠶ ᠲᠤᠷᠱᠢᠯᠲᠠ ᠵᠢᠨ ᠲᠠᠰᠤᠭ ᠢ᠋ ᠱᠢᠯᠢᠳᠡᠭ᠌ᠵᠢᠭᠦᠯᠦᠨ ᠲᠠᠬᠢᠨ ᠪᠠᠢᠭᠤᠯᠪᠠ;  ᠪᠤᠭᠤᠲᠤ ᠬᠣᠲᠠ ᠵᠢᠨ ᠲᠤᠷᠱᠢᠯᠲᠠ ᠵᠢᠨ ᠲᠠᠰᠤᠭ ᠢ᠋ ᠵᠣᠬᠢᠶᠠᠨ ᠪᠠᠢᠭᠤᠯᠵᠤ᠂ ᠮᠡᠷᠭᠡᠵᠢᠯ ᠤ᠋ᠨ ᠪᠣᠭᠣᠮᠲᠠ ᠱᠢᠪᠲᠤᠯᠬᠤ ᠪᠠ ᠦᠷ᠎ᠡ ᠪᠦᠲᠦᠭᠡᠯ ᠢ᠋ ᠤᠨᠳᠤᠤᠰᠢᠭᠤᠯᠬᠤ ᠲᠥᠷᠥᠯ ᠵᠦᠶ᠋ᠯ 6 ᠶ᠋ᠢ ᠲᠦᠷᠦᠭᠦᠯᠡᠨ ᠬᠡᠷᠡᠭ᠌ᠵᠢᠭᠦᠯᠪᠡ᠃

ᠣᠷᠳᠣᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ᠎ᠲᠤ᠂ ᠨᠢᠭᠡᠨᠲᠡ ᠣᠷᠳᠣᠰ ᠤ᠋ᠨ ᠲᠤᠷᠱᠢᠯᠲᠠ ᠵᠢᠨ ᠲᠠᠰᠤᠭ ᠵᠢᠡᠷ ᠬᠥᠲᠥᠴᠢ ᠪᠣᠯᠭᠠᠭ᠍ᠰᠠᠨ᠂ ᠱᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ᠌ ᠪᠠᠢᠭᠤᠯᠤᠮᠵᠢ ᠪᠡᠷ ᠲᠤᠰᠠᠯᠠᠮᠵᠢ ᠪᠣᠯᠭᠠᠭ᠍ᠰᠠᠨ᠂ ᠠᠵᠤ ᠠᠬᠤᠢᠯᠠᠯ ᠤ᠋ᠨ ᠰᠤᠳᠤᠯᠤᠨ ᠨᠡᠭᠡᠭᠡᠬᠦ᠌ ᠲᠥᠪ ᠵᠢᠡᠷ ᠲᠤᠯᠭᠠᠭᠤᠷᠢᠯᠠᠯ ᠪᠣᠯᠭᠠᠭ᠍ᠰᠠᠨ ᠱᠢᠨ᠎ᠡ ᠶ᠋ᠢ ᠡᠭᠦᠳᠬᠦ᠌ ᠵᠢᠭ᠍ᠰᠠᠭᠠᠯ ᠤ᠋ᠨ ᠭᠠᠵᠠᠷ ᠢ᠋ ᠠᠩᠬ᠎ᠠ ᠠᠯᠬᠤᠮ ᠪᠦᠷᠢᠯᠳᠦᠭᠦᠯᠵᠦ᠍᠂ 《ᠲᠤᠷᠱᠢᠯᠲᠠ ᠵᠢᠨ ᠲᠠᠰᠤᠭ ᠰᠤᠳᠤᠯᠤᠨ ᠨᠡᠭᠡᠭᠡᠬᠦ᠌  — ᠳᠤᠮᠳᠠ ᠬᠤᠭᠤᠴᠠᠭᠠᠨ ᠤ᠋ ᠲᠤᠷᠰᠢᠯᠲᠡ ᠶ᠋ᠢ ᠪᠣᠯᠪᠠᠰᠤᠷᠠᠩᠭᠤᠶ ᠪᠣᠯᠭᠠᠬᠤ — ᠬᠦᠷᠢᠶᠡᠯᠡᠩ ᠲᠣᠭᠣᠷᠢᠭ ᠢ᠋ ᠠᠵᠤ ᠦᠢᠯᠡᠰᠵᠢᠭᠦᠯᠬᠦ᠌》 ᠤᠨᠳᠤᠤᠰᠢᠭᠤᠯᠬᠤ  ᠪᠢᠲᠡᠭᠦᠦ ᠴᠠᠭᠠᠷᠢᠭ ᠢ᠋ ᠠᠩᠬ᠎ᠠ ᠠᠯᠬᠤᠮ ᠪᠦᠷᠢᠯᠳᠦᠭᠦᠯᠪᠡ᠃

ᠤᠳᠤ ᠥᠪᠥᠷ ᠮᠣᠩᠭᠣᠯ ᠳ᠋ᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠴᠢᠳᠠᠪᠤᠷᠢ ᠦᠷᠭᠦᠯᠵᠢᠯᠡᠨ ᠲᠡᠭᠡᠭᠰᠢᠯᠡᠵᠤ᠂ ᠱᠢᠨ᠎ᠡ ᠶ᠋ᠢ ᠡᠭᠦᠳᠬᠦ᠌ ᠴᠤᠭᠯᠠᠷᠠᠯ ᠤ᠋ᠨ ᠦᠢᠯᠡᠳᠦᠯ ᠡᠳᠦᠷ ᠢᠷᠡᠬᠦᠶ᠎ᠡ ᠲᠤᠪᠤᠢ᠌ᠮ᠎ᠠ ᠪᠤᠯᠵᠤ᠂ ᠴᠢᠬᠤᠯᠠ ᠶᠡᠬᠡ ᠱᠢᠨ᠎ᠡ ᠡᠭᠦᠳᠦᠯᠲᠡ ᠵᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠣᠷᠠᠨ ᠭᠠᠷᠴᠤ᠌᠂  ᠴᠢᠨᠠᠷ ᠰᠠᠢᠲᠠᠢ ᠬᠥᠭ᠌ᠵᠢᠯᠲᠡ ᠳ᠋ᠤ ᠬᠦᠴᠤᠷᠭᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号