— ᠭᠦᠶ᠋ᠵᠧᠸ᠋ ᠲᠥᠪᠡᠳ ᠱᠢᠨᠵᠢᠶᠠᠩ ᠵᠢᠴᠢ ᠱᠢᠨᠵᠢᠶᠠᠩ᠎ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ ᠪᠤᠢ
ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠳᠤᠮᠳᠠ᠂ ᠭᠦᠶ᠋ᠵᠧᠸ᠋᠂ ᠲᠥᠪᠡᠳ᠂ ᠱᠢᠨᠵᠢᠶᠠᠩ ᠵᠢᠴᠢ ᠱᠢᠨᠵᠢᠶᠠᠩ᠎ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠵᠡᠷᠭᠡ ᠭᠠᠵᠠᠷ᠎ᠤᠨ᠎ᠬᠢᠨ ᠣᠯᠠᠨ ᠲᠦᠮᠡᠨ᠎ᠲᠡᠶ ᠨᠢᠭ᠍ᠲᠠ ᠬᠠᠷᠢᠯᠴᠠᠵᠤ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶ᠋ᠢ ᠦᠷᠭᠦᠯᠵᠢᠯᠡᠨ ᠨᠢᠭᠡ ᠴᠣᠭ᠍ᠴᠠᠵᠢᠭᠤᠯᠤᠨ ᠠᠬᠢᠭᠤᠯᠵᠤ᠂ ᠰᠤᠷᠲᠠᠯ᠎ᠤᠨ ᠪᠠᠢᠭᠤᠯᠤᠯᠲᠠ᠎ᠪᠠᠷ ᠠᠷᠠᠳ᠎ᠤᠨ ᠠᠮᠢᠳᠤᠷᠠᠯ᠎ᠳ᠋ᠤ ᠦᠶ᠋ᠯᠡᠴᠢᠯᠡᠬᠦ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠪᠠᠴᠢᠮ ᠲᠦᠪᠡᠭᠳᠠᠢ ᠠᠶᠤᠯᠲᠠᠶ ᠬᠦᠨᠳᠦ ᠶᠡᠬᠡ ᠡᠭᠦᠷᠭᠡ ᠳᠤᠮᠳᠠ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠱᠢᠯᠭᠠᠨ ᠪᠠᠢᠴᠠᠭᠠᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ ᠪᠤᠢ᠃
ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠵᠢ ᠨᠢᠭᠡ ᠴᠤᠭᠴᠠᠵᠢᠭᠤᠯᠤᠨ ᠠᠬᠢᠭᠤᠯᠪᠠ
ᠣᠢᠷ᠎ᠠ᠎ᠳᠤ᠂ ᠱᠢᠨᠵᠢᠶᠠᠩ᠎ᠤᠨ ᠺᠢᠽᠢᠯᠰᠦ ᠬᠢᠷᠭᠢᠰ ᠥᠪᠡᠷᠲᠡᠭᠡᠨ ᠵᠠᠰᠠᠬᠤ ᠵᠧᠤ᠎ᠶ᠋ᠢᠨ ᠠᠲ᠋ᠦ᠋ᠱ ᠬᠣᠲᠠ᠎ᠶ᠋ᠢᠨ ᠰᠦᠩᠲ᠋ᠠᠺ ᠪᠠᠯᠭᠠᠰᠤᠨ᠎ᠤ ᠫᠠᠲ᠋ᠢᠴᠢᠶᠠᠨ ᠲᠣᠰᠭᠣᠨ᠎ᠤ ᠠᠷᠠᠳ ᠴᠠᠬᠢᠯᠭᠠᠨ ᠴᠡᠨᠡᠭ᠌ᠯᠡᠬᠦ᠌ ᠱᠣᠩ ᠳᠤᠲᠠᠭ᠍ᠳᠠᠵᠤ᠂ ᠴᠠᠬᠢᠯᠭᠠᠨ ᠬᠦᠳᠡᠯᠬᠡᠬᠦᠷᠲᠦ ᠮᠠᠰᠢᠨ ᠲᠡᠷᠭᠡ ᠳ᠋ᠤ ᠴᠠᠬᠢᠯᠭᠠᠨ ᠴᠡᠨᠡᠭ᠌ᠯᠡᠬᠦ᠌᠎ᠳᠦ ᠬᠦᠴᠢᠷᠲᠡᠶ ᠪᠠᠢᠨ᠎ᠠ ᠬᠡᠵᠤ ᠲᠤᠰᠬᠠᠪᠠ᠃ ᠲᠣᠰᠭᠣᠨ᠎ᠤ ᠨᠠᠮ᠎ᠤᠨ ᠶᠡᠷᠦᠩᠬᠡᠢ ᠡᠭᠦᠷ ᠳᠠᠷᠤᠢ ᠲᠦᠷᠭᠡᠨ ᠬᠦᠳᠡᠯᠦᠯᠴᠡᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠣᠷᠣᠯᠭ᠎ᠠ ᠡᠴᠡ ᠪᠡᠯᠡ ᠮᠥᠩᠭᠥ ᠭᠠᠷᠭᠠᠵᠤ᠂ ᠬᠣᠯᠪᠣᠭ᠍ᠳᠠᠯ ᠪᠦᠬᠦᠢ ᠠᠵᠤ ᠠᠬᠤᠢᠯᠠᠯ᠎ᠲᠠᠶ ᠵᠥᠪᠳᠡᠯᠴᠡᠵᠦ᠍ ᠲᠡᠷᠭᠡᠨ ᠵᠣᠭ᠍ᠰᠣᠭᠠᠯ᠎ᠳᠤ 4 ᠴᠠᠬᠢᠯᠭᠠᠨ ᠴᠡᠨᠡᠭ᠌ᠯᠡᠬᠦ᠌ ᠱᠣᠩ ᠪᠠᠢᠭᠤᠯᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠢᠳᠤᠨᠢ ᠱᠢᠢᠳᠪᠦᠷᠢᠯᠡᠪᠡ᠃
ᠱᠢᠨᠵᠢᠶᠠᠩ᠎ᠤᠨ ᠠᠲ᠋ᠦ᠋ᠱ ᠬᠣᠲᠠ᠎ᠳᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠪᠥᠬᠥ᠌ ᠬᠣᠲᠠ᠎ᠶ᠋ᠢᠨ 580 ᠨᠠᠮ᠎ᠤᠨ (ᠶᠡᠷᠦᠩᠬᠡᠢ) ᠡᠭᠦᠷ ᠨᠡᠢᠲᠡ 4730 ᠭᠠᠷᠤᠶ ᠲᠠᠯᠠᠪᠠᠶ (ᠤᠳᠠᠭ᠎ᠠ) ᠲᠤᠰᠭᠠᠶ ᠰᠡᠳᠦᠪᠲᠦ ᠰᠤᠷᠤᠯᠴᠠᠯᠭ᠎ᠠ᠎ᠶ᠋ᠢ ᠥᠷᠨᠢᠭᠦᠯᠪᠡ; ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠵᠠᠳᠠᠯᠬᠤ ᠪᠠ ᠰᠤᠷᠲᠠᠯ᠎ᠢ ᠬᠤᠪᠢᠷᠠᠭᠤᠯᠬᠤ᠎ᠲᠠᠶ ᠤᠶᠠᠯᠳᠤᠭᠤᠯᠤᠨ᠂《ᠬᠡᠷᠡᠭ᠎ᠦᠨ ᠵᠢᠱ᠌ᠢᠶ᠎ᠡ᠎ᠶ᠋ᠢ ᠵᠠᠳᠠᠯᠬᠤ ᠬᠤᠷᠠᠯ》᠂ 《ᠰᠤᠷᠲᠠᠯ᠎ᠢ ᠣᠯᠠᠨ᠎ᠢᠶᠠᠷ᠎ᠢᠶᠠᠨ ᠶᠠᠷᠢᠯᠴᠠᠬᠤ》 ᠵᠡᠷᠭᠡ ᠰᠣᠯᠢᠯᠴᠠᠬᠤ ᠠᠵᠢᠯᠯᠠᠭ᠎ᠠ᠎ᠶ᠋ᠢ 1317 ᠲᠠᠯᠠᠪᠠᠢ (ᠤᠳᠠᠭ᠎ᠠ) ᠥᠷᠨᠢᠭᠦᠯᠪᠡ᠃ ᠠᠢᠯ ᠡᠷᠦᠬᠡ᠎ᠪᠡᠷ ᠤᠷᠤᠵᠤ ᠪᠠᠢᠳᠠᠯ᠎ᠢ ᠤᠢᠯᠠᠭᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠵᠠᠮ᠎ᠢᠶᠠᠷ ᠠᠷᠠᠳ᠎ᠤᠨ ᠰᠠᠨᠠᠭ᠎ᠠ᠎ᠶ᠋ᠢ ᠥᠷᠭᠡᠨ᠎ᠢᠶᠡᠷ ᠬᠤᠷᠢᠶᠠᠵᠤ᠂ ᠠᠲ᠋ᠦ᠋ᠱ ᠬᠣᠲᠠ᠎ᠶ᠋ᠢᠨ᠎ᠬᠢᠨ ᠨᠡᠢᠲᠡ 673 ᠵᠤᠷᠪᠤᠰ ᠰᠠᠨᠠᠯ ᠰᠠᠨᠠᠭᠤᠯᠭ᠎ᠠ ᠬᠤᠷᠢᠶᠠᠭ᠍ᠰᠠᠨ ᠪᠥᠭᠡᠳ ᠠᠰᠠᠭᠤᠳᠠᠯ᠎ᠤᠨ ᠨᠠᠷᠢᠨ ᠲᠠᠩᠰᠠ᠎ᠳᠤ ᠣᠷᠣᠭᠤᠯᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ 1728 ᠬᠤᠪᠢ ᠲᠥᠪᠯᠡᠷᠡᠭᠦᠯᠦᠨ ᠪᠣᠭᠣᠮᠲᠠ ᠱᠢᠪᠲᠤᠯᠵᠤ᠂ ᠣᠯᠠᠨ ᠲᠦᠮᠡᠨ᠎ᠦ ᠠᠱᠢᠭ ᠲᠤᠰᠠ᠎ᠶ᠋ᠢ ᠬᠣᠬᠢᠷᠠᠭᠤᠯᠤᠭ᠍ᠰᠠᠨ 95 ᠠᠰᠠᠭᠤᠳᠠᠯ᠎ᠢ ᠪᠠᠢᠴᠠᠭᠠᠨ ᠱᠢᠶ᠋ᠳᠪᠦᠷᠢᠯᠡᠪᠡ᠃
ᠡᠯ᠎ᠡ ᠭᠠᠵᠠᠷ᠎ᠤᠨ᠎ᠬᠢᠨ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠭᠦᠨᠵᠡᠭᠡᠶ ᠪᠠᠢᠴᠠᠭᠠᠨ ᠳᠡᠯᠭᠡᠵᠦ᠍ ᠴᠡᠭ᠌ᠴᠡᠯᠡᠨ ᠰᠠᠢᠵᠢᠷᠠᠭᠤᠯᠬᠤ᠂ ᠡᠭᠦᠳᠡ᠎ᠪᠡᠨ ᠨᠡᠭᠡᠭᠡᠵᠦ᠍ ᠰᠤᠷᠭᠠᠨ ᠬᠥᠮᠦᠵᠢᠭᠦᠯᠬᠦ᠌ ᠵᠡᠷᠭᠡ ᠠᠷᠭ᠎ᠠ ᠵᠠᠮ᠎ᠵᠢᠡᠷ ᠳᠠᠮᠵᠢᠨ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠪᠣᠳᠠᠲᠦ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃
ᠲᠥᠪᠡᠳ᠎ᠦᠨ ᠱᠢᠭᠠᠽᠸ ᠬᠤᠲᠠ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢ ᠪᠠᠷᠢᠮᠲᠠᠯᠠᠵᠤ᠂ ᠤᠯᠠᠨ ᠲᠦᠮᠡᠨ᠎ᠦ ᠠᠱᠢᠭ ᠲᠤᠰᠠ᠎ᠶ᠋ᠢ ᠦᠯᠦ᠍ ᠬᠠᠢᠬᠤᠷᠬᠤ᠂ ᠤᠯᠠᠨ ᠲᠦᠮᠡᠨ᠎ᠳᠦ ᠦᠢᠯᠡᠴᠢᠯᠡᠬᠦ᠌ ᠲᠠᠯ᠎ᠠ᠎ᠪᠠᠷ ᠵᠥᠷᠢᠶ᠎ᠠ᠎ᠲᠡᠶ ᠪᠠᠢᠬᠤ ᠵᠡᠷᠭᠡ ᠠᠰᠠᠭᠤᠳᠠᠯ᠎ᠢ ᠴᠢᠩᠭ᠎ᠠ ᠠᠩᠬᠠᠷᠴᠤ᠌᠂ 《ᠳᠦᠷᠪᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ》 ᠳᠦᠷᠢᠮ᠎ᠢ ᠪᠠᠷᠢᠮᠲᠠᠯᠠᠨ ᠬᠡᠷᠡᠭ᠌ᠯᠡᠵᠦ᠍᠂ ᠪᠠᠢᠴᠠᠭᠠᠨ ᠰᠤᠳᠤᠯᠬᠤ ᠠᠷᠭ᠎ᠠ ᠮᠠᠶᠢᠭ᠎ᠢᠶᠠᠨ ᠦᠷᠭᠦᠯᠵᠢᠯᠡᠨ ᠰᠠᠢᠵᠢᠷᠠᠭᠤᠯᠵᠤ᠂ ᠱᠢᠶᠠᠨ᠎ᠤ ᠱᠠᠲᠤ ᠵᠢᠴᠢ ᠲᠡᠭᠦᠨ᠎ᠡᠴᠡ ᠳᠡᠭᠡᠭ᠌ᠰᠢᠬᠢ ᠤᠳᠤᠷᠢᠳᠭᠤ ᠺᠠᠳ᠋ᠷᠴᠤᠳ 145 ᠪᠠᠢᠴᠠᠭᠠᠨ ᠰᠤᠳᠤᠯᠬᠤ ᠰᠡᠳᠦᠪ ᠢ᠋ ᠳᠠᠭᠠᠭᠠᠴᠢᠯᠠᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠭᠣᠣᠯᠳᠠᠯᠭ᠎ᠠ᠎ᠲᠠᠶ ᠱᠢᠢᠳᠪᠦᠷᠢᠯᠡᠪᠡ᠃
ᠭᠦᠶ᠋ᠵᠧᠸ᠋ ᠮᠤᠵᠢ᠎ᠶ᠋ᠢᠨ ᠭᠦᠶ᠋ᠶᠠᠩ ᠬᠣᠲᠠ᠎ᠶ᠋ᠢᠨ᠎ᠬᠢᠨ ᠰᠤᠷᠤᠯᠴᠠᠯᠭ᠎ᠠ ᠵᠢ ᠢᠮᠠᠭ᠍ᠲᠠ ᠲᠤᠭᠤᠱᠢᠯᠠᠭᠤᠯᠵᠤ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠦ ᠲᠤᠰᠭᠠᠯ ᠨᠡᠯᠢᠶᠡᠳ ᠴᠢᠩᠭ᠎ᠠ ᠪᠠᠢᠭ᠎ᠠ ᠠᠰᠠᠭᠤᠳᠠᠯ ᠢ᠋ ᠴᠢᠩᠭ᠎ᠠ ᠠᠩᠬᠠᠷᠴᠤ᠌᠂ ᠬᠡᠲᠦ ᠣᠷᠣᠮ ᠦᠯᠡᠳᠡᠭᠡᠬᠦ᠂ ᠠᠯᠪᠠᠲᠠᠨ ᠬᠡᠷᠡᠭ᠌ᠯᠡᠭᠦᠯᠬᠦ ᠵᠡᠷᠭᠡ ᠬᠣᠯᠪᠣᠭ᠍ᠳᠠᠯ ᠪᠥᠬᠥᠶ 14 ᠠᠰᠠᠭᠤᠳᠠᠯ᠎ᠤᠨ ᠰᠦᠪᠡᠭ᠌ᠴᠢ᠎ᠶ᠋ᠢ ᠴᠤᠭ᠍ᠯᠠᠭᠤᠯᠪᠠ᠃ 《ᠴᠡᠪᠡᠷᠯᠡᠬᠦ᠌᠂ ᠪᠠᠢᠭᠤᠯᠬᠤ᠂ ᠬᠠᠮᠢᠶᠠᠷᠬᠤ》 ᠭᠤᠷᠪᠠᠨ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠴᠢᠩᠭ᠎ᠠ ᠠᠩᠬᠠᠷᠴᠤ᠌᠂ ᠳᠣᠲᠣᠭᠠᠳᠤ᠎ᠳᠠᠭᠠᠨ ᠬᠡᠷᠡᠭ᠌ᠯᠡᠵᠤ ᠪᠠᠢᠭᠰᠠᠨ12 ᠵᠠᠰᠠᠭ᠎ᠤᠨ ᠶᠠᠪᠤᠳᠠᠯ᠎ᠤᠨ ᠬᠡᠷᠡᠭ᠌ᠯᠡᠭᠡᠨ᠎ᠦ ᠵᠢᠵᠢᠭ ᠫᠷᠤᠭ᠌ᠷᠠᠮ᠎ᠢ ᠴᠡᠪᠡᠷᠯᠡᠨ ᠴᠡᠭ᠌ᠴᠡᠯᠡᠵᠦ᠍᠂ 4᠎ᠶ᠋ᠢ ᠨᠡᠢᠳᠭᠡᠵᠦ᠍᠂ App ᠶ᠋ᠢᠨ ᠲᠣᠭ᠎ᠠ ᠬᠡᠮᠵᠢᠶ᠎ᠡ᠎ᠶ᠋ᠢ 34% ᠪᠠᠷ ᠪᠠᠭᠠᠰᠭᠠᠪᠠ᠃
ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍ ᠦᠷ᠎ᠡ ᠪᠦᠲᠦᠮᠵᠢ ᠭᠠᠷᠭᠠᠪᠠ
ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠵᠢᠷᠭᠤᠳᠤᠭᠠᠷ ᠳ᠋ᠢᠸᠢᠽᠢ᠎ᠶ᠋ᠢᠨ ᠡᠦ ᠵᠢᠶᠠ ᠴᠢᠦᠢ ᠬᠤᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) 《ᠵᠢᠵᠢᠭ ᠶᠠᠪᠤᠳᠠᠯ》 ᠡᠴᠡ ᠭᠠᠷᠳᠠᠨ ᠠᠰᠠᠭᠤᠳᠠᠯ᠎ᠢ ᠱᠢᠢᠳᠪᠦᠷᠢᠯᠡᠵᠦ᠍᠂ ᠤᠯᠠᠨ ᠲᠦᠮᠡᠨ᠎ᠦ ᠳᠡᠷᠭᠡᠳᠡᠬᠢ ᠵᠢᠵᠢᠭ ᠶᠠᠪᠤᠳᠠᠯ ᠡᠴᠡ ᠡᠬᠢᠯᠡᠨ ᠬᠢᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠨᠡᠨ ᠬᠦ᠌ ᠥᠭᠡᠷᠡᠴᠢᠯᠡᠯᠲᠡ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠃
ᠲᠡᠷᠭᠡ ᠵᠣᠭ᠍ᠰᠣᠬᠤ᠎ᠳᠤ ᠬᠦᠴᠢᠷ᠂ ᠵᠠᠮ ᠢᠪᠴᠤᠦ᠂ ᠤᠰᠤᠨ ᠬᠣᠭᠣᠯᠠᠶ ᠡᠴᠡ ᠤᠰᠤ ᠭᠣᠭᠣᠵᠢᠬᠤ ᠵᠡᠷᠭᠡ ᠠᠰᠠᠭᠤᠳᠠᠯ ᠨᠢ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠭᠠᠯᠢ ᠠᠷᠠᠳ᠎ᠢ ᠭᠠᠴᠢᠭ᠍ᠳᠠᠭᠤᠯᠵᠤ ᠪᠠᠢᠵᠠᠢ᠃ ᠡᠨᠡ ᠵᠢᠯ᠎ᠡᠴᠡ ᠨᠠᠭᠠᠰᠢ᠂ ᠡᠸ᠋ ᠵᠢᠶᠠ ᠴᠢᠦᠶ ᠬᠣᠲᠠ 5060 ᠲᠦᠮᠡᠨ ᠲᠥᠭᠥᠷᠢᠭ᠎ᠦᠨ ᠪᠠᠯᠠ ᠣᠷᠣᠭᠤᠯᠵᠤ ᠴᠢᠩ ᠬᠤ᠌ ᠵᠠᠮ ᠵᠡᠭᠡᠯᠢ ᠭᠤᠳᠤᠮᠵᠢ᠂ ᠵᠢᠶᠦ᠋ᠨ ᠺᠸᠨ ᠵᠠᠮ ᠵᠡᠭᠡᠯᠢ ᠭᠤᠳᠤᠮᠵᠢ ᠵᠡᠷᠭᠡ 4 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢᠨ ᠥᠭᠡᠷᠡᠴᠢᠯᠡᠯᠲᠡ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠪᠠ᠃
ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠭᠦᠢᠵᠧᠦ᠍᠎ᠶ᠋ᠢᠨ ᠬᠦᠢ ᠠᠨ ᠱᠢᠨ᠎ᠡ ᠲᠣᠭᠣᠷᠢᠭ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠲᠣᠪᠴᠢᠢ᠎ᠠ ᠠᠵᠤ ᠠᠬᠤᠢᠯᠠᠯ᠂ ᠤᠯᠠᠨ ᠲᠦᠮᠡᠨ᠎ᠦ ᠬᠦᠴᠢᠷᠳᠠᠵᠤ ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠪᠡ᠃ 6 ᠰᠠᠷ᠎ᠠ᠎ᠶ᠋ᠢᠨ 23 ᠡᠴᠡ ᠡᠬᠢᠯᠡᠨ᠂ ᠪᠠᠷᠢᠯᠭ᠎ᠠ᠎ᠶ᠋ᠢᠨ ᠬᠥᠳᠡᠯᠮᠦᠷᠢ ᠦᠶ᠋ᠯᠡᠴᠢᠯᠡᠭᠡᠨ᠎ᠦ ᠬᠢᠷᠢ ᠬᠡᠮ᠎ᠦᠨ ᠲᠤᠬᠠᠢ ᠲᠤᠬᠠᠢᠯᠠᠭ᠍ᠰᠠᠨ ᠠᠵᠢᠯ᠎ᠢ ᠭᠠᠷᠠᠭ ᠪᠦᠷᠢ ᠭᠥᠯᠢᠶᠡᠨ ᠠᠪᠴᠤ᠌ ᠪᠠᠢᠭ᠍ᠰᠠᠨ᠎ᠢ ᠡᠳᠦᠷ ᠪᠦᠷᠢ ᠭᠦᠶ᠋ᠴᠡᠳᠭᠡᠬᠦ᠌ ᠪᠣᠯᠭᠠᠨ ᠥᠭᠡᠷᠡᠴᠢᠯᠡᠵᠦ᠍᠂ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ 4 ᠡᠳᠦᠷ ᠪᠠᠢᠭ᠍ᠰᠠᠨ᠎ᠡᠴᠡ 2 ᠡᠳᠦᠷ ᠪᠣᠯᠭᠠᠨ ᠪᠣᠭᠣᠨᠢᠰᠭᠠᠪᠠ᠃ ᠡᠨᠡ ᠨᠢ ᠴᠧᠨ ᠶᠤᠸᠠᠨ ᠺᠣᠮᠫᠠᠨᠢ᠎ᠶ᠋ᠢᠨ ᠣᠬᠣᠷᠬᠠᠨ ᠬᠤᠭᠤᠴᠠᠭᠠᠨ᠎ᠳᠤ ᠤᠯᠠᠨ ᠵᠦᠢᠯ᠎ᠦᠨ ᠴᠡᠭ᠌ᠴᠡᠯᠡᠨ ᠰᠠᠢᠵᠢᠷᠠᠭᠤᠯᠤᠯᠲᠠ᠎ᠶ᠋ᠢ ᠪᠡᠶᠡᠯᠡᠭᠦᠯᠵᠦ᠍᠂ 6 ᠰᠠᠷ᠎ᠠ᠎ᠶ᠋ᠢᠨ 30 ᠤ᠋ ᠡᠳᠦᠷ ᠬᠢᠷᠢ ᠬᠡᠮ᠎ᠦᠨ ᠬᠤᠭᠤᠴᠠᠭ᠎ᠠ ᠨᠢ ᠲᠤᠯᠬᠤ᠎ᠠᠴᠠ ᠡᠮᠦᠨ᠎ᠡ ᠬᠤᠭᠤᠴᠠᠭ᠎ᠠ ᠵᠢ ᠬᠣᠢᠱᠢᠯᠠᠭᠤᠯᠬᠤ ᠲᠤᠬᠠᠢᠯᠠᠬᠰᠠᠨ ᠠᠵᠢᠯ᠎ᠢ ᠪᠡᠶᠡᠯᠡᠭᠦᠯᠵᠦ᠍᠂ ᠡᠵᠡᠩᠨᠡᠯᠲᠡ᠎ᠶ᠋ᠢᠨ ᠬᠢᠮᠤᠷᠠᠯ᠎ᠢ ᠱᠢᠢᠳᠪᠦᠷᠢᠯᠡᠪᠡ᠃ ᠣᠳᠣᠬᠠᠨ᠎ᠳᠤ᠂ ᠨᠢᠭᠡᠨᠲᠡ 3 ᠠᠵᠤ ᠠᠬᠤᠢᠯᠠᠯ ᠠᠱᠢᠭ ᠭᠥᠷᠳᠡᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠥᠯᠢᠭᠡᠷ ᠵᠢᠱ᠌ᠢᠶ᠎ᠡ ᠬᠠᠩᠭᠠᠭ᠍ᠰᠠᠨ ᠪᠠᠢᠨ᠎ᠠ᠃
ᠪᠠᠴᠢᠮ ᠲᠦᠪᠡᠭᠳᠠᠢ ᠠᠶᠤᠯᠲᠠᠶ ᠬᠦᠨᠳᠦ ᠡᠭᠦᠷᠭᠡ ᠵᠢ ᠵᠤᠷᠢᠭᠳᠠᠢ ᠡᠭᠦᠷᠭᠡᠯᠡᠪᠠ
ᠪᠠᠴᠢᠮ ᠲᠦᠪᠡᠭᠳᠠᠢ ᠠᠶᠤᠯᠲᠠᠢ ᠬᠦᠨᠳᠦ ᠡᠭᠦᠷᠭᠡ᠎ᠶ᠋ᠢᠨ ᠡᠮᠦᠨ᠎ᠡ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌ ᠡᠰᠡᠬᠦ᠌᠂ ᠡᠮᠦᠨ᠎ᠡ ᠨᠢ ᠤᠷᠤᠵᠤ ᠭᠠᠪᠱᠢᠭᠠᠢᠯᠠᠬᠤ ᠪᠣᠯ ᠰᠤᠷᠲᠠᠯ᠎ᠤᠨ ᠶᠠᠰᠤ ᠴᠢᠨᠠᠷ᠎ᠢ ᠱᠢᠯᠭᠠᠬᠤ ᠱᠢᠯᠭᠠᠭᠤᠷ ᠮᠥᠨ᠃
ᠡᠨᠡ ᠵᠢᠯ᠎ᠦᠨ ᠡᠬᠢᠨ᠎ᠳᠦ ᠲᠥᠪᠡᠳ᠎ᠦᠨ ᠱᠢᠭᠠᠽᠸ ᠬᠣᠲᠠ᠎ᠶ᠋ᠢᠨ ᠲᠢᠨᠭᠷᠢ ᠱᠢᠶᠠᠨ᠎ᠳᠤ 6.8 ᠲᠠᠰ᠎ᠤᠨ ᠭᠠᠵᠠᠷ ᠬᠥᠳᠡᠯᠪᠠ᠃ ᠡᠯ᠎ᠡ ᠭᠠᠮᠱᠢᠭ᠍ᠳᠠᠭ᠍ᠰᠠᠨ ᠱᠢᠶᠠᠨ᠎ᠤ ᠬᠢᠨ ᠭᠠᠮᠱᠢᠭ᠎ᠤᠨ ᠳᠠᠷᠠᠭᠠᠬᠢ ᠰᠡᠷᠭᠦᠭᠡᠵᠦ᠍ ᠲᠠᠬᠢᠨ ᠪᠦᠳᠦᠭᠡᠨ ᠪᠠᠢᠭᠤᠯᠬᠤ ᠠᠵᠢᠯ᠎ᠢ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠲᠡᠶ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠦᠨ ᠵᠢᠯᠣᠭᠣᠳᠴᠤ᠌ ᠡᠮᠦᠨ᠎ᠡ ᠨᠢ ᠤᠷᠤᠵᠤ ᠭᠠᠪᠱᠢᠭᠠᠢᠯᠠᠨ᠂ ᠰᠡᠷᠭᠦᠭᠡᠵᠦ᠍ ᠲᠠᠬᠢᠨ ᠪᠦᠳᠦᠭᠡᠨ ᠪᠠᠢᠭᠤᠯᠤᠭ᠍ᠰᠠᠨ ᠦᠷ᠎ᠡ ᠪᠦᠲᠦᠭᠡᠯ ᠪᠣᠯᠤᠨ ᠠᠷᠠᠳ ᠤᠯᠠᠨ᠎ᠤ ᠬᠠᠨᠤᠮᠵᠢᠲᠠᠢ ᠪᠠᠢᠬᠤ ᠬᠡᠮᠵᠢᠢ᠎ᠡ᠎ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠱᠢᠯᠭᠠᠪᠠ᠃
ᠲᠢᠨᠭᠷᠢ ᠱᠢᠶᠠᠨ᠎ᠤ ᠲᠣᠰᠭᠣᠨ᠎ᠳᠤ ᠰᠠᠭᠤᠭ᠎ᠠ 645 ᠺᠠᠳ᠋ᠷ ᠰᠠᠨᠠᠭᠠᠴᠢᠯᠠᠭ᠎ᠠ᠎ᠡᠴᠡ᠎ᠪᠠᠨ ᠡᠮᠦᠨ᠎ᠡ ᠨᠢ ᠤᠷᠤᠵᠤ ᠭᠠᠪᠱᠢᠭᠠᠢᠯᠠᠨ᠂ 519 ᠰᠠᠭᠤᠷᠢ ᠲᠣᠣᠷᠵᠢᠯ᠎ᠤᠨ ᠨᠢᠭᠡᠴᠢᠬᠤᠪᠢᠶᠠᠷᠢᠯᠠᠨ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠦᠴᠦᠨ᠎ᠢ ᠨᠡᠢ᠌ᠳᠡ 3685 ᠬᠥᠮᠦᠨ ᠤᠳᠠᠭ᠎ᠠ ᠣᠷᠣᠭᠤᠯᠵᠤ᠂ ᠭᠠᠮᠱᠢᠭ᠎ᠤᠨ ᠳᠠᠷᠠᠭᠠᠬᠢ ᠰᠡᠳᠭᠢᠴᠡ᠎ᠶ᠋ᠢᠨ ᠵᠢᠯᠤᠭᠤᠳᠤᠯᠭ᠎ᠠ᠎ᠶ᠋ᠢᠨ ᠠᠵᠢᠯᠯᠠᠭ᠎ᠠ᠎ᠶ᠋ᠢ 472 ᠲᠠᠯᠠᠪᠤᠷ ᠤᠳᠠᠭ᠎ᠠ ᠥᠷᠨᠢᠭᠦᠯᠪᠡ︔ ᠰᠠ ᠵᠢᠶᠠ ᠱᠢᠶᠠᠨ᠎ᠤ ᠨᠠᠮ᠎ᠤᠨ ᠭᠡᠱᠢᠭᠦᠳ 13 《ᠨᠠᠮ᠎ᠤᠨ ᠭᠡᠱᠢᠭᠦᠳ᠎ᠤᠨ ᠪᠣᠭᠣᠮᠲᠠ ᠱᠢᠪᠲᠤᠯᠬᠤ ᠭᠠᠪᠱᠢᠭᠠᠢ ᠠᠩᠬᠢ》 ᠶ᠋ᠢ ᠵᠣᠬᠢᠶᠠᠨ ᠪᠠᠢᠭᠤᠯᠵᠤ᠂ 36 ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠭᠠᠮᠱᠢᠭ᠎ᠤᠨ ᠳᠠᠷᠠᠭᠠᠬᠢ ᠰᠡᠷᠭᠦᠭᠡᠨ ᠲᠠᠬᠢᠨ ᠪᠠᠢᠭᠤᠯᠬᠤ ᠡᠮᠦᠨ᠎ᠡ ᠹᠷᠣᠨᠲ᠎ᠲᠤ ᠬᠦᠷᠴᠦ᠍᠂ 《ᠪᠠᠷᠢᠯᠭ᠎ᠠ᠎ᠶ᠋ᠢᠨ ᠠᠵᠢᠯ᠎ᠤᠨ ᠵᠣᠬᠢᠴᠠᠭᠤᠯᠤᠭ᠍ᠴᠢ》 ᠪᠤᠯᠵᠤ᠂ ᠪᠦᠬᠦ᠌ ᠶᠠᠪᠤᠴᠠ᠎ᠳᠤ ᠮᠥᠷᠳᠡᠨ ᠦᠢᠯᠡᠴᠢᠯᠡᠵᠦ᠍᠂ ᠣᠷᠣᠨ ᠰᠠᠭᠤᠴᠠ᠎ᠶ᠋ᠢᠨ ᠭᠠᠵᠠᠷ ᠵᠡᠷᠭᠡ᠎ᠶ᠋ᠢᠨ ᠵᠠᠭᠤᠷᠠᠯᠳᠤᠭᠠᠨ᠎ᠢ ᠠᠮᠵᠢᠯᠲᠠ᠎ᠲᠠᠶ ᠱᠢᠢᠳᠪᠦᠷᠢᠯᠡᠪᠡ᠃
ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠬᠣᠱᠢᠭᠤᠴᠢ ᠵᠢᠱ᠌ᠢᠶᠡᠴᠢ ᠵᠢᠨ ᠦᠢᠯᠡᠳᠦᠯ᠎ᠢᠶᠡᠨ ᠦᠨᠡᠨ ᠬᠦ᠌ ᠪᠠᠳᠠᠷᠠᠭᠤᠯᠵᠤ᠂ ᠰᠤᠷᠤᠯᠴᠠᠬᠤ ᠪᠠᠢᠴᠠᠭᠠᠬᠤ᠎ᠪᠠᠷ ᠭᠠᠷᠳᠠᠴᠠ ᠪᠣᠯᠭᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠤᠯᠠᠨ ᠲᠦᠮᠡᠨ᠎ᠳᠦ ᠣᠢᠯᠠᠭᠠᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠷᠭᠦᠯᠵᠢᠯᠡᠨ ᠠᠬᠢᠭᠤᠯᠪᠠ᠃
ᠭᠦᠢᠵᠧᠦ ᠮᠤᠵᠢ᠎ᠶ᠋ᠢᠨ ᠴᠢᠶᠠᠨ ᠳ᠋ᠦᠩ ᠨᠠᠨ ᠵᠧᠦ᠍᠎ᠶ᠋ᠢᠨ᠎ᠶ᠋ᠢᠨ ᠫᠢᠩ ᠱᠢᠶᠠᠨ᠎ᠤ ᠰᠠᠨ ᠵᠢᠶᠠᠩ ᠪᠠᠯᠭᠠᠰᠤ᠎ᠶ᠋ᠢᠨ ᠱᠢᠶᠤᠤ ᠵᠢᠶᠠᠩ ᠲᠣᠰᠭᠣᠨ᠎ᠤ ᠠᠷᠠᠳ ᠶᠠᠩ ᠽᠦᠸᠧ ᠦ᠋᠄《ᠡᠨᠡ ᠤᠳᠠᠭ᠎ᠠ᠎ᠶ᠋ᠢᠨ ᠦᠶᠡᠷ᠎ᠦᠨ ᠤᠰᠤᠨ ᠳ᠋ᠤ ᠭᠡᠷ ᠳᠣᠲᠣᠷ᠎ᠠ ᠮᠸᠲᠷ ᠭᠠᠷᠤᠢ ᠤᠰᠤ ᠲᠤᠨᠤᠬᠰᠠᠨ ᠪᠦᠬᠡᠳ ᠪᠢ ᠬᠦᠳᠡᠯᠵᠤ ᠪᠠᠷᠢᠬᠤ ᠳ᠋ᠤ ᠳᠥᠭᠥᠮ ᠦᠭᠡᠢ ᠤᠴᠢᠷ ᠡᠴᠡ ᠤᠰᠤ ᠱᠢᠪᠠᠷ᠎ᠢ ᠴᠡᠪᠡᠷᠯᠡᠬᠦ᠌᠎ᠶ᠋ᠢᠨ ᠠᠷᠭ᠎ᠠ ᠦᠭᠡᠢ ᠪᠠᠢᠬᠰᠠᠨ ᠶᠤᠮ᠂ ᠵᠠᠰᠠᠭ᠎ᠤᠨ ᠣᠷᠳᠣᠨ᠎ᠤ ᠺᠠᠳ᠋ᠷ ᠠᠵᠢᠯᠳᠠᠨ ᠢᠷᠡᠵᠦ᠍ ᠬᠠᠪᠰᠤᠷᠤᠭ᠍ᠰᠠᠨᠳᠠᠭᠠᠨ ᠪᠣᠯᠵᠠᠢ》 ᠭᠡᠪᠡ᠃
6 ᠰᠠᠷ᠎ᠠ᠎ᠶ᠋ᠢᠨ 18 ᠤ᠋ ᠡᠳᠦᠷ᠎ᠡᠴᠡ ᠨᠠᠭᠠᠰᠢ᠂ ᠴᠢᠶᠠᠨ ᠳ᠋ᠦᠩ ᠨᠠᠨ ᠵᠧᠸ᠋ ᠱᠢᠷᠦᠭᠦᠨ ᠪᠣᠷᠣᠭᠠᠨ ᠳ᠋ᠤ ᠲᠠᠭᠠᠷᠢᠬᠳᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠬᠦᠨᠳᠦ ᠨᠣᠴᠢᠲᠠᠶ ᠰᠦᠷᠳᠡᠭᠦᠯᠦᠯ᠎ᠳᠦ ᠤᠴᠠᠷᠠᠪᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠪᠠ᠃ ᠰᠠᠨ ᠵᠢᠶᠠᠩ ᠪᠠᠯᠭᠠᠰᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ ᠽᠸᠩ ᠱᠢᠶᠠᠨ ᠢ᠄《ᠪᠢᠳᠡ ᠤᠳᠤ ᠶᠠᠭ ᠭᠠᠮᠱᠢᠭ᠎ᠤᠨ ᠳᠠᠷᠠᠭ᠎ᠠ ᠬᠡᠷ ᠤᠷᠤᠨ᠎ᠢᠶᠡᠨ ᠲᠠᠬᠢᠨ ᠪᠦᠳᠦᠬᠡᠨ ᠪᠠᠢᠭᠤᠯᠬᠤ ᠠᠵᠢᠯ᠎ᠢ ᠶᠠᠭᠠᠷᠠᠯᠳᠠᠢ ᠬᠢᠵᠦ᠍ ᠪᠠᠢᠨ᠎ᠠ᠂ ᠲᠣᠰᠭᠣᠨ᠎ᠤ ᠠᠷᠠᠳ᠎ᠤᠨ ᠬᠡᠪ᠎ᠦᠨ ᠦᠢᠯᠡᠳᠪᠦᠷᠢᠯᠡᠯ ᠠᠮᠢᠳᠤᠷᠠᠯ᠎ᠢᠶᠠᠨ ᠡᠷᠲᠡᠬᠡᠨ ᠰᠡᠷᠭᠦᠭᠡᠬᠦ᠌᠎ᠳᠦ ᠪᠦᠬᠦ᠌ ᠬᠦᠴᠦ᠍᠎ᠪᠡᠷ᠎ᠢᠶᠡᠨ ᠬᠠᠪᠰᠤᠷᠴᠤ᠌ ᠪᠠᠢᠨ᠎ᠠ》 ᠭᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ ᠡᠴᠡ)