ᠠᠷᠭ᠎ᠠ ᠬᠡᠮᠵᠢᠶ᠎ᠡ ᠵᠢᠨ ᠰᠢᠨ᠎ᠠ ᠵᠢ ᠡᠬᠦᠳᠴᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠳᠦᠮᠵᠢ ᠵᠢ ᠬᠦᠴᠦᠯᠡᠨ ᠳᠡᠭᠡᠭᠰᠢᠯᠡᠬᠦᠯᠤᠨ᠎ᠠ
2025-08-01 10:19:47
ᠵᠣᠬᠢᠶᠠᠭ᠍ᠴᠢ᠄
ᠯᠢ ᠱᠢᠤᠸᠠᠢ ᠶᠣᠣ ᠭᠤᠤ ᠮᠢᠨ ᠨᠠ ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

ᠲᠥᠪ ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠠᠵᠢᠯ ᠤ᠋ᠨ ᠠᠷᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢᠨ ᠪᠦᠬᠦᠯᠢ ᠴᠣᠭ᠍ᠴᠠ᠎ᠪᠠᠷ ᠳᠡᠭᠡᠭ᠌ᠰᠢᠯᠡᠬᠦᠯᠬᠦ᠎ᠶ᠋ᠢ ᠲᠠᠢ᠌ᠴᠢᠯᠠᠪᠠ᠃ ᠤᠯᠠᠭᠠᠨᠬᠠᠳᠠ ᠬᠣᠲᠠ《ᠭᠤᠷᠪᠠ ᠵᠢ ᠰᠤᠷᠤᠯᠴᠠᠬᠤ》᠂ 《ᠭᠤᠷᠪᠠ ᠵᠢ ᠪᠠᠢᠴᠠᠭᠠᠬᠤ》᠂ 《ᠭᠤᠷᠪᠠ ᠵᠢ ᠰᠠᠢᠵᠢᠷᠠᠭᠤᠯᠬᠤ》 ᠶ᠋ᠢ ᠨᠢᠭᠡ ᠴᠤᠬ᠍ᠴᠠᠵᠢᠭᠤᠯᠤᠨ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠠᠵᠢᠯ ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ; ᠬᠢᠩᠭᠠᠨ ᠠᠢᠮᠠᠭ ᠭᠤᠤᠯ ᠰᠡᠳᠦᠪᠲᠦ ᠨᠠᠮ᠎ᠤᠨ ᠡᠳᠦᠷ᠎ᠦᠨ 《 ᠨᠢᠭᠡ ᠰᠠᠷ᠎ᠠ᠎ᠳᠤ ᠨᠢᠭᠡ ᠰᠤᠷᠤᠯᠴᠠᠬᠤ ᠨᠢᠭᠡ ᠰᠤᠳᠤᠯᠬᠤ ᠨᠢᠭᠡ ᠵᠥᠪᠯᠡᠬᠦ᠌ ᠨᠢᠭᠡ ᠦᠶ᠋ᠯᠡᠳᠦᠯᠭᠡᠵᠢᠭᠦᠯᠬᠦ᠌ 》 ᠲᠦᠷᠢᠮ᠎ᠢ ᠨᠠᠢᠳᠠᠪᠤᠷᠢᠵᠢᠭᠤᠯᠬᠤ᠎ᠪᠠᠷ ᠳᠠᠮᠵᠢᠨ᠂ ᠮᠠᠯᠵᠢᠬᠤ ᠲᠠᠷᠢᠶᠠᠯᠠᠬᠤ ᠣᠷᠣᠨ ᠎ᠤ ᠨᠠᠮ ᠎ᠤᠨ ᠭᠡᠱᠢᠭᠦᠨ ᠎ᠦ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠳᠤᠮᠳᠠ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠳᠠᠪᠲᠠᠨ ᠪᠣᠯᠪᠠᠰᠤᠷᠠᠭᠤᠯᠬᠤ᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠲᠠᠰᠤᠷᠠᠯᠲᠠ ᠥᠬᠡᠶ ᠴᠢᠩᠭᠠᠳᠭᠠᠪᠠ᠃

《 ᠣᠢᠷ᠎ᠠ᠎ᠶ᠋ᠢᠨ ᠡᠳᠦᠷ᠎ᠤᠨ ᠲᠤᠷᠰᠢ᠂ ᠪᠢᠳᠡ 〈ᠭᠤᠷᠪᠠᠨ ᠬᠤᠷᠠᠯ ᠨᠢᠭᠡ ᠬᠢᠴᠢᠶᠡᠯ〉 ᠵᠢᠡᠷ ᠳᠠᠮᠵᠢᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ᠂ ᠬᠥᠳᠡᠯᠵᠦ᠍ ᠪᠠᠷᠢᠬᠤ᠎ᠳᠤ ᠳᠥᠭᠥᠮ ᠦᠭᠡᠢ ᠠᠬᠠᠮᠠᠳ ᠨᠠᠮ᠎ᠤᠨ ᠭᠡᠱᠢᠭᠦᠨ᠎ᠳ᠋ᠤ ᠲᠣᠰᠭᠣᠨ᠎ᠤ ᠨᠠᠮ᠎ᠤᠨ ᠡᠬᠦᠷ ᠠᠷᠠᠳ᠎ᠤᠨ ᠵᠥᠪᠯᠡᠯ ᠤ᠋ᠨ ᠺᠠᠳ᠋ᠷ ᠰᠤᠷᠤᠯᠴᠠᠯᠭ᠎ᠠ ᠵᠢ ᠡᠬᠦᠳᠡᠨ ᠳ᠋ᠤᠨᠢ ᠬᠦᠷᠭᠡᠵᠦ᠍᠂ ᠨᠡᠭᠦᠳᠡᠯ ᠨᠠᠮ᠎ᠤᠨ ᠭᠡᠱᠢᠭᠦᠨ〈ᠨᠠᠮ᠎ᠤᠨ ᠡᠭᠦᠷ᠎ᠦᠨ e ᠨᠡᠢᠭᠡᠮᠯᠢᠭ〉 ᠲᠸ᠋ ᠲᠦᠱᠢᠭ᠌ᠯᠡᠨ ᠰᠦᠯᠵᠢᠶ᠎ᠡ᠎ᠪᠡᠷ ᠰᠤᠷᠤᠯᠴᠠᠵᠤ᠂ ᠰᠤᠷᠤᠯᠴᠠᠯᠭ᠎ᠠ ᠬᠥᠮᠦᠵᠢᠯ᠎ᠢ ᠪᠦᠬᠦᠨ᠎ᠢ ᠪᠦᠷᠬᠦᠭᠦᠯᠬᠦ᠌᠂ ᠣᠷᠬᠢᠭ᠍ᠳᠠᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠵᠦ ᠪᠠᠢᠨ᠎ᠠ》 ᠭᠡᠵᠦ᠍ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠸᠠᠩ᠎ᠤᠨ ᠬᠤᠷᠤᠭ᠎ᠠ ᠪᠠᠯᠭᠠᠰᠤ᠎ᠶ᠋ᠢᠨ ᠤᠪᠤᠭ᠎ᠠ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠯᠢ ᠶᠦᠨ ᠹᠸᠩ ᠬᠡᠯᠡᠪᠡ᠃ ᠤᠯᠠᠭᠠᠨᠬᠠᠳᠠ ᠬᠣᠲᠠ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂《ᠭᠤᠷᠪᠠ ᠵᠢ ᠰᠤᠷᠤᠯᠴᠠᠬᠤ 》 ᠪᠠᠷ ᠰᠤᠷᠲᠠᠯ᠎ᠤᠨ ᠪᠠᠢᠭᠤᠯᠤᠯᠲᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠵᠦ᠍᠂ 《ᠭᠤᠷᠪᠠ᠎ᠶ᠋ᠢ ᠪᠠᠢᠴᠠᠭᠠᠬᠤ》 ᠪᠠᠷ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠠᠬᠢᠭᠤᠯᠵᠤ᠂ 《 ᠭᠤᠷᠪᠠ᠎ᠶ᠋ᠢ ᠰᠠᠢᠵᠢᠷᠠᠭᠤᠯᠬᠤ 》 ᠪᠠᠷ ᠰᠤᠷᠲᠠᠯ᠎ᠤᠨ ᠠᠷᠬᠠᠭ ᠬᠡᠮ᠎ᠢ ᠠᠷᠢᠯᠭᠠᠪᠠ᠃  《 ᠭᠤᠷᠪᠠ᠎ᠶ᠋ᠢ ᠰᠤᠷᠤᠯᠴᠠᠬᠤ 》 ᠲᠠᠯ᠎ᠠ᠎ᠪᠠᠷ᠂ ᠪᠦᠬᠦ᠌ ᠬᠣᠲᠠ᠎ᠶ᠋ᠢᠨ 1200 ᠭᠠᠷᠤᠶ  ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠤᠨᠤᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠎ᠶ᠋ᠢ 2400 ᠭᠠᠷᠤᠶ ᠤᠳᠠᠭ᠎ᠠ ᠥᠷᠨᠢᠭᠦᠯᠵᠦ᠍ ᠂ 1.1 ᠲᠦᠮᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 3 ᠲᠦᠮᠨ ᠤᠳᠠᠭ᠎ᠠ ᠰᠤᠷᠤᠯᠴᠠᠵᠤ᠂ ᠲᠤᠰᠭᠠᠶ ᠰᠡᠳᠦᠪᠳᠤ ᠬᠠᠪᠰᠤᠷᠤᠨ ᠵᠢᠯᠣᠭᠣᠳᠤᠮᠵᠢ᠎ᠶ᠋ᠢ 300 ᠭᠠᠷᠤᠶ ᠤᠳᠠᠭ᠎ᠠ ᠥᠷᠨᠢᠭᠦᠯᠪᠡ;《 ᠭᠤᠷᠪᠠ᠎ᠶ᠋ᠢ ᠪᠠᠢᠴᠠᠭᠠᠬᠤ》 ᠲᠠᠯ᠎ᠠ᠎ᠪᠠᠷ᠂ ᠪᠠᠷᠢᠮᠵᠢᠶᠠᠯᠠᠵᠤ ᠬᠠᠷᠭᠤᠭᠤᠯᠤᠨ ᠪᠠᠢᠴᠠᠭᠠᠵᠤ᠂ ᠰᠠᠨᠠᠯ ᠬᠤᠷᠢᠶᠠᠵᠦ ᠥᠷᠭᠡᠨ᠎ᠢᠶᠡᠷ ᠪᠠᠢᠴᠠᠭᠠᠵᠤ᠂ ᠬᠠᠮᠲᠤᠷᠠᠨ ᠬᠢᠨᠠᠵᠤ ᠬᠠᠮᠲᠤᠷᠠᠨ ᠵᠢᠯᠣᠭᠣᠳᠴᠤ᠌ ᠬᠠᠪᠰᠤᠷᠤᠨ ᠪᠠᠢᠴᠠᠭᠠᠵᠤ᠂ ᠠᠰᠠᠭᠤᠳᠠᠯ᠎ᠢ ᠭᠦᠨᠵᠡᠭᠡᠶ ᠪᠠᠢᠴᠠᠭᠠᠨ ᠡᠷᠢᠪᠡ;《ᠭᠤᠷᠪᠠ᠎ᠶ᠋ᠢ ᠰᠠᠢᠵᠢᠷᠠᠭᠤᠯᠬᠤ》 ᠲᠠᠯ᠎ᠠ ᠎ᠪᠠᠷ᠂ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ ᠪᠠ ᠬᠣᠯᠪᠣᠭᠠᠯᠠᠨ ᠴᠡᠭ᠌ᠴᠡᠯᠡᠨ ᠰᠠᠢᠵᠢᠷᠠᠭᠤᠯᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠢᠯᠡ ᠪᠤᠯᠭᠠᠬᠤ ᠢᠯᠡ ᠨᠡᠢᠲᠡᠯᠡᠬᠦ᠌᠎ᠪᠡᠷ ᠳᠠᠮᠵᠢᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠴᠡᠭ᠌ᠴᠡᠯᠡᠨ ᠰᠠᠢᠵᠢᠷᠠᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠪᠡᠳᠤᠯᠠᠪᠠ᠃

《 ᠪᠢᠳᠡ ᠣᠯᠠᠨ ᠲᠦᠮᠡᠨ᠎ᠳᠦ ᠰᠡᠳᠭᠢᠯ ᠲᠠᠯᠪᠢᠨ ᠦᠶ᠋ᠯᠡᠴᠢᠯᠡᠬᠦ᠌ ᠳᠤᠮᠳᠠ ᠰᠤᠷᠲᠠᠯ᠎ᠤᠨ ᠠᠰᠠᠭᠤᠳᠠᠯ᠎ᠢ ᠰᠠᠢᠵᠢᠷᠠᠭᠤᠯᠬᠤ ᠎ᠶ᠋ᠢ ᠪᠠᠷᠢᠮᠲᠠᠯᠠᠵᠤ᠂ ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠬᠦ᠌ ᠲᠠᠯ᠎ᠠ᠎ᠪᠠᠷ᠂ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠠᠵᠢᠯ᠎ᠤᠨ ᠪᠠᠢᠷᠢ᠎ᠳᠠᠭᠠᠨ ᠰᠠᠭᠤᠷᠢᠯᠠᠨ ᠣᠯᠠᠨ ᠲᠦᠮᠡᠨ᠎ᠳᠦ ᠦᠶ᠋ᠯᠡᠴᠢᠯᠡᠬᠦ᠌ ᠵᠦᠶ᠋ᠯᠡᠰ ᠎ᠢ ᠠᠮᠠᠯᠳᠠᠵᠤ᠂ ᠠᠵᠢᠯᠯᠠᠭ᠎ᠠ ᠵᠢᠨ ᠳᠠᠷᠠᠭ᠎ᠠ ᠨᠠᠮ᠎ᠤᠨ ᠡᠭᠦᠷ ᠡᠴᠨ ᠲᠠᠭᠠᠭᠤᠯᠤᠨ ᠠᠮᠠᠯᠠᠯᠲᠠ᠎ᠪᠠᠨ ᠦᠶ᠋ᠯᠡᠳᠦᠯᠭᠡᠵᠢᠭᠦᠯᠪᠡ》᠃ ᠬᠢᠩᠭᠠᠨ ᠠᠢᠮᠠᠭ᠎ᠤᠨ ᠷᠠᠱᠢᠶᠠᠨ ᠬᠤᠳᠠ᠎ᠶ᠋ᠢᠨ ᠮᠢᠩ ᠱᠦᠢ ᠾᠧ ᠪᠠᠯᠭᠠᠰᠤᠨ᠎ᠤ ᠰᠢ ᠺᠸᠤ ᠲᠣᠰᠭᠣᠨ ᠎ᠤ ᠨᠠᠮ᠎ᠤᠨ ᠡᠭᠦᠷ᠎ᠦᠨ ᠱᠦᠵᠢ ᠪᠦᠦ ᠶᠦᠩ᠂ ᠤᠢ᠍ᠢᠷ᠎ᠠ᠎ᠳ᠋ᠤ ᠰᠢ ᠺᠸᠤ ᠲᠣᠰᠭᠣᠨ ᠠᠷᠠᠳ ᠎ᠤᠨ ᠠᠮᠢᠳᠤᠷᠠᠯ᠎ᠤᠨ ᠬᠦᠴᠢᠷ ᠲᠦᠪᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ 《ᠨᠠᠮ᠎ᠤᠨ ᠭᠡᠱᠢᠭᠦᠨ᠎ᠦ ᠪᠣᠳᠠᠲᠤ ᠶᠠᠪᠤᠳᠠᠯ ᠬᠢᠬᠦ᠌ ᠨᠠᠷᠢᠨ ᠲᠠᠩᠰᠠ》 ᠵᠢ ᠲᠣᠭ᠍ᠲᠠᠭᠠᠵᠤ᠂ 3 ᠬᠥᠮᠦᠨ᠎ᠳᠦ ᠠᠵᠢᠯ᠎ᠤᠨ ᠪᠠᠢᠷᠢ ᠬᠠᠩᠭᠠᠵᠤ᠂ ᠬᠥᠷᠰᠢ ᠵᠡᠷᠭᠡᠯᠡᠳᠡᠭᠡ᠎ᠶ᠋ᠢᠨ 3 ᠵᠠᠭᠤᠷᠠᠯᠳᠤᠭᠠᠨ᠎ᠢ ᠡᠶᠡᠳᠡᠭᠦᠯᠵᠦ᠍᠂ 2 ᠵᠤᠷᠪᠤᠰ ᠵᠠᠮ᠎ᠢ ᠵᠠᠰᠠᠨ ᠰᠡᠯᠪᠢᠵᠦ᠍᠂  ᠤᠯᠠᠨ ᠲᠦᠮᠡᠨ᠎ᠦ ᠵᠢᠷᠭᠠᠯᠲᠤ ᠲᠦᠷᠦᠭ᠌ᠳᠡᠯ᠂ ᠬᠦᠷᠲᠡᠮᠵᠢ᠎ᠶ᠋ᠢᠨ ᠲᠦᠷᠦᠭ᠌ᠳᠡᠯ᠎ᠢ ᠦᠨᠡᠨ ᠬᠦ᠌ ᠨᠡᠮᠡᠭ᠌ᠳᠡᠭᠦᠯᠵᠡᠢ ᠭᠡᠵᠦ ᠬᠡᠯᠡᠪᠡ᠃ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠬᠢᠩᠭᠠᠨ ᠠᠢᠮᠠᠭ ᠭᠤᠤᠯ ᠰᠡᠳᠦᠪᠲᠦ ᠨᠠᠮ᠎ᠤᠨ ᠡᠳᠦᠷ᠎ᠦᠨ 《ᠨᠢᠭᠡ ᠰᠠᠷ᠎ᠠ᠎ᠳᠤ ᠨᠢᠭᠡ ᠰᠤᠷᠤᠯᠴᠠᠬᠤ ᠨᠢᠭᠡ ᠰᠤᠳᠤᠯᠬᠤ ᠨᠢᠭᠡ ᠵᠥᠪᠯᠡᠬᠦ᠌ ᠨᠢᠭᠡ ᠦᠶ᠋ᠯᠡᠳᠦᠯᠭᠡᠵᠢᠭᠦᠯᠬᠦ᠌ 》ᠲᠦᠷᠢᠮ᠎ᠢ ᠨᠠᠢᠳᠠᠪᠤᠷᠢᠵᠢᠭᠤᠯᠬᠤ᠎ᠲᠠᠶ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠎ᠤ ᠨᠠᠮ ᠎ᠤᠨ ᠭᠡᠱᠢᠭᠦᠨ ᠎ᠦ ᠠᠵᠢᠯ᠎ᠤᠨ ᠰᠤᠷᠲᠠᠯ᠎ᠢᠶᠠᠨ ᠰᠠᠢᠵᠢᠷᠠᠭᠤᠯᠬᠤ ᠎ᠶ᠋ᠢ ᠦᠷᠭᠦᠯᠵᠢᠯᠡᠨ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠨ ᠱᠠᠲᠤᠨ᠎ᠤ ᠵᠠᠰᠠᠯᠲᠠ᠎ᠶ᠋ᠢ ᠴᠢᠩᠭᠠᠳᠭᠠᠬᠤ᠂ ᠪᠠᠴᠢᠮ ᠬᠦᠴᠢᠷ ᠠᠶᠤᠯᠲᠠᠶ ᠬᠦᠨᠳᠦ ᠡᠭᠦᠷᠭᠡ᠎ᠶ᠋ᠢ ᠪᠡᠶᠡᠯᠡᠭᠦᠯᠬᠦ᠌᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠣᠯᠠᠨ ᠲᠦᠮᠡᠨ᠎ᠳᠦ ᠦᠶ᠋ᠯᠡᠴᠢᠯᠡᠵᠦ᠍᠂ ᠣᠯᠠᠨ ᠲᠦᠮᠡᠨ ᠎ᠳᠦ ᠰᠤᠷᠤᠯᠴᠠᠯᠭ᠎ᠠ ᠬᠥᠮᠦᠵᠢᠯ᠎ᠦᠨ ᠠᠪᠴᠢᠷᠠᠭ᠍ᠰᠠᠨ ᠬᠤᠪᠢᠷᠠᠯᠲᠠ᠎ᠶ᠋ᠢ ᠦᠨᠡᠨ ᠬᠦ᠌ ᠮᠡᠳᠡᠷᠡᠭᠦᠯᠵᠦ᠍᠂ ᠰᠤᠷᠲᠠᠯ ᠎ᠤᠨ ᠪᠠᠢᠭᠤᠯᠤᠯᠲᠠ᠎ᠶ᠋ᠢᠨ ᠦᠨᠡᠨ ᠪᠣᠳᠠᠲᠠᠶ ᠦᠷ᠎ᠡ ᠪᠦᠲᠦᠮᠵᠢ᠎ᠪᠡᠷ ᠶᠠᠳᠠᠭᠤ᠎ᠠᠴᠠ ᠠᠩᠭᠢᠵᠢᠷᠠᠭᠤᠯᠤᠬᠰᠠᠨ ᠪᠣᠭᠣᠮᠲᠠ ᠱᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号