ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠪᠤᠯ ᠦᠨᠳᠦᠰᠦᠲᠡᠨᠨᠤᠬᠦᠳᠤᠨ ᠤᠷᠳᠤ ᠤᠳᠠᠭᠠᠨ ᠬᠦᠭᠵᠢᠯ᠎ᠤᠨ ᠶᠠᠪᠤᠴᠠ ᠳ᠋ᠤ ᠪᠦᠷᠢᠯᠳᠦᠨ ᠲᠡᠬᠦᠯᠳᠡᠷᠵᠢᠭᠰᠡᠨ ᠰᠤᠶᠤᠯ᠎ᠤᠨ ᠤᠤᠷ ᠲᠤᠨᠳᠠᠰᠤ ᠮᠦᠨ᠃ ᠲᠦᠷᠦᠬᠦᠭᠡᠨ ᠦᠨᠳᠦᠷᠯᠡᠭᠰᠡᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠦᠭᠡᠨ ᠲᠤᠭᠠᠳᠤ ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭᠠᠨ ᠨᠢ ᠪᠥᠬᠡ ᠪᠠᠷᠢᠯᠳᠤᠬᠤ᠂ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠲᠡᠮᠡᠭᠡᠨ ᠪᠥᠮᠪᠥᠭᠡ᠂ ᠪᠢᠯᠠᠭᠤ ᠰᠢᠳᠡᠬᠦ᠂ ᠴᠦ ᠪᠤᠯᠢᠶᠠᠯᠳᠤᠬᠤ᠂ ᠱᠠᠭ᠎ᠠ ᠲᠤᠭᠯᠠᠭᠠᠮ᠂ ᠨᠠᠮᠨᠠᠭ᠎ᠠ ᠵᠡᠷᠭᠡ10 ᠭᠠᠷᠤᠢ ᠲᠦᠷᠦᠯ ᠵᠦᠢᠯ᠎ᠤᠨ ᠰᠤᠨᠢᠷᠬᠠᠯᠳᠤ ᠬᠦᠳᠡᠯᠭᠡᠭᠡᠨ᠎ᠢ ᠬᠠᠮᠤᠷᠴᠤ᠂ ᠲᠡᠯᠡᠭᠡᠢ ᠲᠠᠶᠠᠭᠠᠷ ᠲᠸ᠋ ᠮᠠᠨ᠎ᠤ ᠤᠷᠤᠨ᠎ᠤ ᠦᠨᠳᠦᠰᠦᠳᠡᠨ᠎ᠤ ᠪᠡᠶ᠎ᠡ᠎ᠶᠢᠨ ᠲᠠᠮᠢᠷ᠎ᠤᠨ ᠲᠦᠷᠦᠯ ᠵᠦᠢᠯ᠎ᠢ ᠲᠡᠯᠭᠡᠨ ᠦᠵᠡᠬᠦᠯᠵᠦ᠂ ᠥᠪᠥᠷ ᠮᠣᠩᠭᠣᠯ᠎ᠤᠨ ᠡᠯᠪᠡᠭ ᠪᠠᠶᠠᠯᠢᠭ᠋ ᠰᠣᠶᠣᠯ᠎ᠤᠨ ᠠᠭᠤᠯᠬᠤᠨ᠎ᠢ ᠲᠠᠨᠢᠯᠴᠠᠭᠤᠯᠪᠠ᠃

ᠲᠡᠮᠡᠭᠡᠨ ᠪᠥᠮᠪᠥᠭᠡ
ᠲᠡᠮᠡᠭᠡᠨ ᠪᠥᠮᠪᠥᠭᠡ ᠪᠣᠯ ᠮᠣᠩᠭᠣᠯ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠲᠥᠷᠥᠯ ᠵᠦᠢᠯ ᠪᠤᠯᠤᠨ᠎ᠠ᠂ 2014 ᠣᠨ᠎ᠳᠤ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠥᠷᠥᠯ ᠵᠦᠢᠯ᠎ᠦᠨ ᠨᠡᠷᠡᠰ᠎ᠲᠦ ᠵᠢᠭ᠍ᠰᠠᠭᠠᠭᠳᠠᠪᠠ᠃ ᠲᠡᠮᠡᠭᠡᠨ ᠪᠥᠮᠪᠥᠭᠡ᠎ᠶᠢᠨ ᠡᠭᠦᠰᠦᠯ ᠭᠠᠷᠤᠯ ᠨᠢ ᠨᠡᠭᠦᠳᠡᠯᠴᠢᠨ ᠦᠨᠳᠦᠰᠦᠲᠡᠨ᠎ᠦ ᠦᠢᠯᠡᠳᠪᠦᠷᠢᠯᠡᠯ ᠠᠮᠢᠳᠤᠷᠠᠯ᠎ᠲᠠᠢ ᠨᠢᠭ᠍ᠲᠠ ᠬᠣᠯᠪᠣᠭ᠎ᠠ ᠲᠠᠢ ᠪᠠᠢᠵᠤ᠂ ᠠᠩᠬ᠎ᠠ ᠡᠬᠢᠨ᠎ᠳᠡᠭᠡᠨ ᠤᠷᠤᠯᠳᠤᠭᠠᠨ᠎ᠤ ᠴᠢᠩᠭ᠎ᠠ ᠳᠦᠷᠢᠮ ᠦᠭᠡᠢ᠂ ᠵᠥᠪᠬᠡᠨ ᠲᠡᠭᠰᠢ ᠭᠠᠵᠠᠷ ᠪᠠᠢᠭᠰᠠᠭᠠᠷ ᠶᠠᠪᠤᠭᠳᠠᠭᠤᠯᠵᠤ ᠪᠤᠯᠳᠠᠭ ᠵᠢᠡᠷ ᠲᠠᠯ᠎ᠠ ᠨᠤᠲᠤᠭ᠎ᠲᠤ ᠮᠠᠰᠢ ᠲᠦᠷᠭᠡᠨ ᠳᠡᠯᠭᠡᠷᠡᠵᠦ᠂ ᠲᠠᠰᠤᠷᠠᠯᠲᠠ ᠦᠭᠡᠢ ᠲᠡᠭᠦᠯᠳᠡᠷᠵᠢᠨ᠂ ᠠᠭᠠᠵᠢᠮ᠎ᠢᠶᠠᠷ ᠥᠪᠡᠷᠮᠢᠴᠡ ᠣᠨᠴᠠᠯᠢᠭ᠋᠎ᠲᠠᠢ ᠤᠷᠤᠯᠳᠤᠭᠠᠨ᠎ᠤ ᠳᠦᠷᠢᠮ᠎ᠢ ᠪᠦᠷᠢᠯᠳᠦᠭᠦᠯᠵᠡᠢ᠃
ᠲᠡᠮᠡᠭᠡᠨ ᠪᠥᠮᠪᠥᠭᠡ ᠤᠤᠯ ᠨᠢ ᠲᠣᠭᠯᠠᠯᠲᠠ᠎ᠶᠢᠨ ᠬᠡᠯᠪᠡᠷᠢ᠎ᠪᠠᠷ ᠦᠪᠡᠷᠲᠡᠭᠡᠨ ᠵᠠᠰᠬᠠᠤ ᠤᠷᠤᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭᠠᠨ᠎ᠳᠤ ᠣᠷᠣᠯᠴᠠᠵᠤ ᠪᠠᠢᠵᠠᠢ᠂ ᠡᠨᠡ ᠵᠢᠯ ᠠᠩᠬ᠎ᠠ ᠤᠳᠠᠭ᠎ᠠ ᠤᠷᠤᠯᠳᠤᠭᠠᠨ᠎ᠤ ᠵᠦᠢᠯ ᠵᠢᠡᠷ ᠤᠷᠤᠯᠴᠠᠵᠤ᠂ 4 ᠬᠥᠮᠥᠨ᠎ᠦ ᠳᠦᠷᠢᠮ᠎ᠢ ᠬᠡᠷᠡᠭᠯᠡᠨ᠂ 90 ᠮᠧᠲᠷ ᠤᠷᠲᠤ᠂ 60 ᠮᠧᠲᠷ ᠥᠷᠭᠡᠨ ᠪᠦᠮᠪᠦᠭᠡᠨ ᠲᠠᠯᠠᠪᠤᠷ᠎ᠲᠤ ᠤᠷᠤᠯᠳᠤᠵᠤ᠂ ᠮᠠᠰᠢ ᠴᠢᠩᠭ᠎ᠠ ᠰᠣᠨᠢᠷᠬᠠᠯᠳᠤ ᠴᠢᠨᠠᠷ ᠲᠠᠢ ᠦᠨᠳᠦᠰᠦᠲᠡᠨ᠎ᠦ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠲᠦᠷᠦᠯ ᠵᠦᠢᠯ ᠪᠤᠯᠪᠠ᠃ ᠲᠡᠷᠡ ᠨᠢ ᠡᠰᠡᠷᠭᠦᠴᠡᠯᠳᠦᠬᠦ ᠪᠠ ᠬᠠᠮᠵᠢᠯᠴᠠᠬᠤ᠎ᠶᠢ ᠠᠭᠤᠰᠤᠯᠴᠠᠭᠤᠯᠵᠤ᠂ ᠪᠥᠮᠪᠥᠭᠡᠴᠢᠨ ᠲᠡᠮᠡᠭᠡ ᠬᠤᠶᠠᠷ᠎ᠤᠨ ᠤᠷᠠᠨ ᠬᠠᠮᠵᠢᠯᠴᠠᠭ᠎ᠠ ᠵᠢ ᠱᠠᠭᠠᠷᠳᠠᠬᠤ᠎ᠪᠠᠷ ᠪᠠᠷᠠᠬᠤ ᠦᠭᠡᠢ᠂ ᠨᠠᠩ ᠴᠤ᠌ ᠨᠠᠷᠢᠯᠢᠭ᠋ ᠡᠵᠡᠮᠳᠡᠬᠦ ᠮᠡᠷᠭᠡᠵᠢᠯ ᠪᠠ ᠪᠣᠯᠪᠠᠰᠤᠷᠠᠩᠭᠤᠢ ᠪᠥᠮᠪᠥᠭᠡ ᠴᠣᠬᠢᠬᠤ ᠤᠷ᠎ᠠ ᠮᠡᠷᠭᠡᠵᠢᠯ᠎ᠢ ᠱᠠᠭᠠᠷᠳᠠᠳᠠᠭ᠃ ᠥᠩᠭᠡᠷᠡᠭᠰᠡᠨ᠎ᠳᠦ ᠲᠡᠮᠡᠭᠡᠨ ᠪᠥᠮᠪᠥᠭᠡ᠎ᠶᠢᠨ ᠤᠷᠤᠯᠳᠤᠭᠠᠨ᠎ᠤ ᠢᠯᠠᠵᠤ ᠢᠯᠠᠭᠳᠠᠬᠤ ᠨᠢ ᠶᠡᠷᠦ ᠨᠢ ᠤᠷᠤᠨ ᠨᠤᠳᠤᠭ᠎ᠤᠨ ᠢᠷᠠᠭᠤ ᠠᠯᠳᠠᠷᠲᠠᠢ ᠬᠤᠯᠪᠤᠭᠳᠠᠵᠤ ᠪᠠᠢᠭᠰᠠᠨ ᠪᠤᠯ ᠡᠳᠦᠭᠡ ᠲᠡᠷᠡ ᠨᠢ ᠨᠢᠭᠡᠨᠲᠡ ᠦᠨᠳᠦᠰᠦᠲᠡᠨ᠎ᠦ ᠰᠣᠶᠣᠯ᠎ᠤᠨ ᠢᠲᠡᠭᠡᠯ᠎ᠢ ᠢᠯᠡᠷᠡᠭᠦᠯᠬᠦ᠂ ᠦᠨᠳᠦᠰᠦᠲᠡᠨ᠎ᠨᠦᠭᠦᠳ᠎ᠦᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠠᠬᠢᠭᠤᠯᠬᠤ ᠴᠢᠬᠤᠯᠠ ᠬᠣᠯᠪᠣᠭᠠᠰᠤ ᠪᠤᠯᠤᠭᠰᠠᠨ ᠪᠠᠢᠨ᠎ᠠ᠃

ᠪᠢᠯᠠᠭᠤ ᠰᠢᠳᠡᠬᠦ
ᠪᠢᠯᠠᠭᠤ ᠪᠣᠯ ᠡᠷᠲᠡᠨ᠎ᠦ ᠠᠩ ᠠᠩᠨᠠᠯ᠎ᠤᠨ ᠦᠢᠯᠡᠳᠪᠦᠷᠢᠯᠡᠯ ᠠᠮᠢᠳᠤᠷᠠᠯ᠎ᠠᠴᠠ ᠡᠭᠦᠰᠦᠯ᠎ᠲᠠᠢ᠂ ᠠᠩᠴᠢᠳ᠎ᠤᠨ ᠠᠩ ᠠᠩᠨᠠᠯ᠎ᠤᠨ ᠪᠠᠭᠠᠵᠢ ᠪᠠ ᠪᠡᠶ᠎ᠡ᠎ᠪᠡᠨ ᠬᠠᠮᠠᠭᠠᠯᠠᠬᠤ ᠵᠡᠪᠰᠡᠭ ᠪᠠᠢᠵᠠᠢ᠂ ᠤᠳᠤ ᠪᠣᠯᠲᠠᠯ᠎ᠠ ᠨᠢᠭᠡᠨᠲᠡ 1000 ᠭᠠᠷᠤᠢ ᠵᠢᠯ᠎ᠦᠨ ᠲᠡᠦᠬᠡ᠎ᠲᠠᠢ ᠪᠣᠯᠵᠤ᠂ ᠮᠠᠨ᠎ᠤ ᠤᠷᠤᠨ᠎ᠤ ᠵᠡᠭᠦᠨ ᠣᠷᠣᠨ᠎ᠳᠤ ᠥᠷᠭᠡᠨ᠎ᠢᠶᠡᠷ ᠳᠡᠯᠭᠡᠷᠡᠭᠰᠡᠨ ᠪᠠᠢᠨ᠎ᠠ᠃ ᠴᠠᠭ ᠦᠶ᠎ᠡ᠎ᠶᠢᠨ ᠤᠯᠠᠷᠢᠯ ᠬᠤᠪᠢᠰᠤᠯ᠎ᠢ ᠳᠠᠭᠠᠯᠳᠤᠨ᠂ ᠪᠢᠯᠠᠭᠤ ᠨᠢ ᠦᠢᠯᠡᠳᠪᠦᠷᠢᠯᠡᠯ ᠠᠮᠢᠳᠤᠷᠠᠯ᠎ᠤᠨ ᠤᠷ᠎ᠠ ᠮᠡᠷᠭᠡᠵᠢᠯ᠎ᠡᠴᠡ᠎ᠪᠡᠨ ᠥᠪᠡᠷᠮᠢᠴᠡ ᠣᠨᠴᠠᠯᠢᠭ᠋᠎ᠲᠠᠢ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠲᠦᠷᠦᠯ ᠵᠦᠢᠯ ᠪᠣᠯᠣᠨ ᠬᠤᠪᠢᠷᠠᠵᠤ᠂ ᠠᠪᠠ᠎ᠶᠢᠨ ᠪᠣᠯᠪᠠᠰᠤᠨ᠎ᠢ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ ᠪᠣᠯᠭᠠᠨ ᠪᠦᠲᠦᠭᠡᠯᠴᠢ᠎ᠪᠡᠷ ᠬᠤᠪᠢᠷᠠᠭᠤᠯᠵᠤ᠂ ᠤᠯᠠᠮᠵᠢᠯᠠᠯᠲᠤ ᠤᠷ᠎ᠠ ᠮᠡᠷᠭᠡᠵᠢᠯ᠎ᠦᠨ ᠤᠳᠤ ᠦᠶ᠎ᠡ᠎ᠶᠢᠨ ᠤᠷᠤᠯᠳᠤᠭᠠᠨ᠎ᠤ ᠲᠠᠯᠠᠪᠠᠢ᠎ᠳᠠᠬᠢ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠢᠯᠡᠷᠡᠭᠦᠯᠵᠦ ᠪᠠᠢᠨ᠎ᠠ᠃
ᠪᠢᠯᠠᠭᠤᠰᠢᠳᠡᠬᠦ ᠤᠷᠤᠯᠳᠤᠭᠠᠨ ᠨᠢ ᠦᠷᠢᠰᠦᠯᠳᠦᠭᠡᠨᠲᠦ ᠴᠢᠨᠠᠷ᠂ ᠤᠷ᠎ᠠ ᠮᠡᠷᠭᠡᠵᠢᠯ᠎ᠦᠨ ᠴᠢᠨᠠᠷ ᠪᠠ ᠰᠤᠶᠤᠯ᠎ᠤᠨ ᠴᠢᠨᠠᠷ᠎ᠢ ᠨᠢᠭᠡ ᠴᠣᠭᠴᠠᠵᠢᠭᠤᠯᠤᠭᠰᠠᠨ ᠤᠯᠠᠮᠵᠢᠯᠠᠯᠲᠤ ᠲᠠᠮᠢᠷ᠎ᠤᠨ ᠬᠥᠳᠡᠯᠭᠡᠭᠡᠨ ᠪᠠᠢᠵᠤ᠂ 2014 ᠣᠨ᠎ᠳᠤ ᠳᠥᠷᠪᠡᠳᠦᠭᠡᠷ ᠪᠦᠯᠦᠭ᠎ᠦᠨ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠦᠷᠦᠯ ᠵᠦᠢᠯ᠎ᠦᠨ ᠨᠡᠷᠡᠰ᠎ᠲᠦ ᠵᠢᠭ᠍ᠰᠠᠭᠠᠭᠳᠠᠵᠤ᠂ ᠡᠨᠡ ᠬᠦ᠌ ᠡᠷᠲᠡᠨ᠎ᠦ ᠤᠷ᠎ᠠ ᠮᠡᠷᠭᠡᠵᠢᠯ᠎ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠬᠦᠭᠵᠢᠭᠦᠯᠬᠦ ᠠᠵᠢᠯ ᠰᠢᠨ᠎ᠡ ᠱᠠᠲᠤᠨ᠎ᠳᠤ ᠣᠷᠣᠭᠰᠠᠨ ᠪᠠᠢᠨ᠎ᠠ᠃ ᠲᠦᠷᠦᠭᠦᠬᠡᠨ ᠶᠠᠪᠤᠭᠳᠠᠭᠰᠠᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠪᠢᠯᠠᠭᠤ ᠰᠢᠲᠡᠬᠦ ᠤᠷᠤᠯᠳᠤᠭᠠᠨ ᠳ᠋ᠤ 12 ᠠᠢᠮᠠᠭ ᠬᠣᠲᠠ ᠡᠴᠡ ᠪᠦᠷ ᠲᠥᠯᠥᠭᠡᠯᠡᠭᠴᠢᠳ᠎ᠦᠨ ᠠᠩᠭᠢ ᠤᠷᠤᠯᠴᠠᠭᠰᠠᠨ ᠪᠠᠢᠨ᠎ᠠ᠃

ᠴᠦ ᠪᠤᠯᠢᠶᠠᠯᠳᠤᠬᠤ
ᠴᠦ ᠪᠤᠯᠢᠶᠠᠯᠳᠤᠬᠤ ᠪᠤᠯ ᠡᠸᠡᠩᠬᠢ ᠦᠨᠳᠦᠰᠦᠲᠡᠨ᠎ᠤ ᠤᠷᠲᠤ ᠤᠳᠠᠭᠠᠨ ᠦᠢᠯᠡᠳᠪᠦᠷᠢᠯᠡᠯ ᠠᠮᠢᠳᠤᠷᠠᠯ᠎ᠤᠨ ᠶᠠᠪᠤᠴᠠ ᠳ᠋ᠤ ᠤᠯᠠᠮᠵᠢᠯᠠᠭᠳᠠᠵᠤ ᠢᠷᠡᠭᠰᠡᠨ ᠠᠷᠠᠳ᠎ᠤᠨ ᠪᠡᠶ᠎ᠡ ᠵᠢᠨ ᠲᠠᠮᠢᠷ᠎ᠤᠨ ᠲᠤᠭᠯᠠᠭᠠᠮ᠎ᠤᠨ ᠲᠦᠷᠦᠯ ᠵᠦᠢᠯ ᠪᠤᠯᠤᠨ᠎ᠠ᠃ ᠤᠷᠲᠤ ᠬᠤᠭᠤᠴᠠᠭᠠᠨ᠎ᠤ ᠬᠦᠭᠵᠢᠯᠲᠡ ᠵᠢ ᠳᠠᠭᠠᠯᠳᠤᠨ ᠡᠨᠡᠬᠦ ᠠᠷᠠᠳ᠎ᠤᠨ ᠲᠤᠭᠯᠠᠭᠠᠮ ᠨᠢ ᠦᠵᠡᠯ ᠰᠠᠨᠠᠭᠠᠴᠢ ᠴᠢᠨᠠᠷᠲᠠᠢ᠂ ᠰᠤᠷᠭᠠᠨ ᠬᠦᠮᠦᠵᠢᠯ᠎ᠤᠨ ᠴᠢᠨᠠᠷᠲᠠᠢ᠂ ᠵᠤᠭ᠎ᠠ ᠴᠡᠩᠭᠡᠯ᠎ᠤᠨ ᠴᠢᠨᠠᠷᠲᠠᠢ᠂ ᠰᠤᠨᠢᠷᠬᠠᠯᠳᠤ ᠴᠢᠨᠠᠷᠲᠠᠢ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠬᠦᠳᠡᠯᠭᠡᠭᠡᠨ ᠪᠤᠯᠵᠤ᠂ ᠪᠦᠬᠦ ᠤᠯᠤᠰ᠎ᠤᠨ ᠴᠦᠬᠡᠨ ᠲᠤᠭᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠲᠤᠭᠯᠠᠯᠲᠠ ᠵᠢᠨ ᠲᠦᠷᠦᠯ ᠵᠦᠢᠯ᠂ ᠮᠦᠨᠴᠦ ᠤᠯᠤᠰ᠎ᠤᠨ ᠳᠡᠰ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠬᠠᠮᠠᠭᠠᠯᠠᠯᠲᠠ ᠵᠢᠨ ᠲᠦᠷᠦᠯ ᠵᠦᠢᠯ ᠪᠠᠢᠵᠤ᠂ 2017 ᠤᠨ᠎ᠳᠤ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠶᠢᠰᠦᠳᠦᠭᠡᠷ ᠬᠤᠭᠤᠴᠠᠭᠠᠨ᠎ᠤ ᠴᠦᠭᠡᠨ ᠲᠤᠭᠠᠳᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠤᠷᠤᠯᠳᠤᠭᠠᠨ᠎ᠤ ᠲᠦᠷᠦᠯ ᠵᠦᠢᠯ᠎ᠳᠤ ᠵᠢᠭᠰᠠᠭᠠᠭᠳᠠᠭᠰᠠᠨ ᠪᠠᠢᠨ᠎ᠠ᠃
ᠲᠦᠷᠦᠭᠦᠬᠡᠨᠶᠠᠪᠤᠭᠳᠠᠭᠰᠠᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠴᠦ ᠪᠤᠯᠢᠶᠠᠯᠳᠤᠬᠤ ᠤᠷᠤᠯᠳᠤᠭᠠᠨ᠎ᠳᠤ ᠲᠠᠮᠢᠷᠴᠢᠳ ᠤᠷᠤᠯᠳᠤᠭᠠᠨ᠎ᠤ ᠲᠠᠯᠠᠪᠤᠷ᠎ᠲᠤ ᠡᠷᠡᠯᠬᠡᠭᠯᠡᠨ ᠥᠷᠢᠰᠦᠯᠳᠦᠵᠦ᠂ ᠤᠨᠴᠠ ᠰᠠᠢᠨ ᠤᠷ᠎ᠠ ᠮᠡᠷᠭᠡᠵᠢᠯ ᠪᠠ ᠭᠠᠷᠮᠠᠭᠠᠢ ᠰᠠᠢᠨ ᠬᠠᠮᠵᠢᠯᠴᠠᠭ᠎ᠠ ᠪᠡᠷ ᠡᠨᠡ ᠬᠦ᠌ ᠬᠥᠳᠡᠯᠭᠡᠭᠡᠨ᠎ᠦ ᠲᠠᠲᠠᠬᠤ ᠬᠦᠴᠦᠨ ᠪᠠ ᠠᠮᠢᠵᠢᠷᠠᠯ᠎ᠤᠨ ᠬᠦᠴᠦᠨ᠎ᠢ ᠤᠯᠠᠨ ᠳᠠᠶᠠᠭᠠᠷ᠎ᠲᠤ ᠭᠦᠨᠵᠡᠭᠡᠢ ᠲᠠᠨᠢᠭᠤᠯᠵᠠᠢ᠃
7 ᠰᠠᠷ᠎ᠠ᠎ᠶᠢᠨ 29 ᠤ᠋ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠱᠠᠭ᠎ᠠ᠎ᠶᠢᠨ ᠤᠷᠤᠯᠳᠤᠭᠠᠨ ᠢᠳᠡ ᠬᠦᠭ ᠲᠠᠢ ᠶᠠᠪᠤᠭᠳᠠᠵᠠᠢ᠃ ᠲᠤᠰ ᠬᠤᠭᠤᠴᠠᠭᠠᠨ᠎ᠤ ᠲᠠᠮᠢᠷ᠎ᠤᠨ ᠴᠤᠭᠯᠠᠭᠠᠨ᠎ᠤ ᠰᠢᠨ᠎ᠡ᠎ᠪᠡᠷ ᠨᠡᠮᠡᠭᠳᠡᠭᠰᠡᠨ ᠤᠷᠤᠯᠳᠤᠭᠠᠨ᠎ᠤ ᠵᠦᠢᠯ ᠪᠣᠯᠤᠭᠰᠠᠨ᠎ᠤ ᠬᠤᠪᠢ᠎ᠳᠤ᠂ ᠱᠠᠭ᠎ᠠ ᠲᠤᠭᠯᠠᠭᠠᠮ ᠨᠢ ᠥᠪᠡᠷᠮᠢᠴᠡ ᠰᠣᠶᠣᠯ᠎ᠤᠨ ᠷᠢᠳᠢ ᠰᠢᠳᠢᠪᠡᠷᠢᠶᠡᠨ ᠦᠵᠡᠭᠴᠢᠳ ᠤᠯᠠᠨ᠎ᠤ ᠠᠩᠬᠠᠷᠤᠯ᠎ᠢ ᠲᠠᠲᠠᠭᠰᠠᠨ ᠪᠠᠢᠨ᠎ᠠ᠃

ᠱᠠᠭ᠎ᠠ ᠲᠤᠭᠯᠠᠭᠠᠮ
ᠱᠠᠭ᠎ᠠ ᠲᠣᠭᠯᠠᠭᠠᠮ ᠪᠣᠯ ᠤᠮᠠᠷᠠᠲᠤ ᠣᠷᠣᠨ᠎ᠤ ᠠᠷᠠᠳ᠎ᠤᠨ ᠤᠯᠠᠮᠵᠢᠯᠠᠯᠲᠤ ᠨᠠᠭᠠᠳᠤᠮ᠎ᠤᠨ ᠨᠢᠭᠡ ᠪᠠᠢᠵᠤ᠂ ᠥᠨᠢ ᠤᠳᠠᠭᠠᠨ ᠲᠡᠦᠬᠡ ᠲᠠᠢ᠂ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ ᠪᠠᠢᠵᠤ ᠨᠠᠢᠷ ᠨᠠᠭᠠᠳᠤᠮ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠮᠢᠷ᠎ᠤᠨ ᠴᠤᠭᠯᠠᠭᠠᠨ ᠵᠡᠷᠭᠡ ᠠᠵᠢᠯᠯᠠᠭ᠎ᠠ᠎ᠵᠢᠨ ᠳᠤᠲᠠᠭᠳᠠᠵᠤ ᠪᠣᠯᠣᠰᠢ ᠦᠭᠡᠢ ᠨᠢᠬᠡᠨ ᠠᠭᠤᠯᠭ᠎ᠠ ᠪᠤᠯᠵᠠᠢ᠃
ᠱᠠᠭ᠎ᠠ ᠲᠣᠭᠯᠠᠭᠠᠮ᠎ᠳᠤ ᠤᠯᠠᠨ ᠵᠦᠢᠯ᠎ᠦᠨ ᠨᠠᠭᠠᠳᠬᠤ ᠠᠷᠭ᠎ᠠ ᠲᠠᠢ᠃ ᠲᠣᠭᠯᠠᠭᠠᠮ᠎ᠳᠤ ᠣᠷᠣᠯᠴᠠᠭᠰᠠᠳ ᠬᠦᠢᠰᠦ ᠵᠢᠨ ᠢᠯᠭᠠᠯ᠂ ᠨᠠᠰᠤ ᠵᠢᠯ᠂ ᠣᠷᠣᠨ ᠲᠠᠯᠠᠪᠠᠢ᠎ᠶᠢᠨ ᠬᠢᠵᠠᠭᠠᠷᠯᠠᠯ ᠳ᠋ᠤ ᠨᠦᠯᠦᠭᠡᠯᠡᠭᠳᠡᠳᠡᠭ ᠦᠭᠡᠢ᠂ ᠤᠷᠤᠯᠳᠤᠭᠠᠨ ᠳ᠋ᠤ ᠤᠷᠤᠯᠴᠠᠭᠰᠠᠳ᠎ᠤᠨ ᠪᠤᠰᠢᠭᠤ ᠱᠠᠯᠠᠮᠠᠭᠠᠢ ᠴᠢᠨᠠᠷ᠎ᠢ ᠰᠢᠯᠭᠠᠵᠤ᠂ ᠨᠡᠭᠦᠳᠡᠯ ᠰᠣᠶᠣᠯ᠎ᠤᠨ ᠤᠶᠤᠨ ᠤᠬᠠᠭᠠᠨ᠎ᠢ ᠢᠯᠡᠷᠡᠬᠦᠯᠳᠡᠭ᠃ ᠤᠷᠤᠯᠳᠤᠭᠠᠨ᠎ᠢ ᠭᠣᠣᠯᠯᠠᠨ ᠡᠷᠭᠢᠯᠡᠭᠰᠡᠨ ᠲᠠᠯ᠎ᠠ᠎ᠶᠢᠨ ᠬᠢᠨ ᠤᠷᠤᠯᠳᠤᠭᠠᠨ᠎ᠤ ᠳᠦᠷᠢᠮ᠎ᠢ ᠪᠠᠷᠢᠮᠵᠢᠶᠠᠵᠢᠭᠤᠯᠬᠤ ᠪᠠ ᠤᠯᠠᠨ ᠲᠦᠮᠡᠨ᠎ᠢ ᠦᠷᠭᠡᠨ ᠵᠢᠡᠷ ᠤᠷᠤᠯᠴᠠᠭᠤᠯᠬᠤ ᠪᠡᠷ ᠳᠠᠮᠵᠢᠨ᠂ ᠱᠠᠭ᠎ᠠ ᠲᠤᠭᠯᠠᠭᠠᠮᠢ ᠵᠠᠩ ᠦᠶ᠋ᠯᠡ᠎ᠶᠢᠨ ᠲᠣᠭᠯᠠᠭᠠᠮ᠎ᠠᠴᠠ ᠪᠣᠳᠠᠰ᠎ᠤᠨ ᠪᠤᠰᠤ ᠰᠣᠶᠣᠯ᠎ᠤᠨ ᠥᠪ ᠪᠤᠯᠭᠠᠨ ᠬᠠᠮᠠᠭᠠᠯᠠᠬᠤ᠎ᠶᠢ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠠᠪᠴᠠᠩ ᠲᠡᠭᠡᠷ᠎ᠡ᠂ ᠡᠨᠡ ᠬᠦ᠌ ᠲᠠᠯ᠎ᠠ ᠨᠤᠲᠤᠭ᠎ᠤᠨ ᠳᠤᠷᠠᠰᠤᠮᠵᠢ᠎ᠶᠢ ᠠᠴᠢᠶᠠᠯᠠᠭᠰᠠᠨ ᠲᠣᠭᠯᠠᠭᠠᠮ ᠨᠢ ᠤᠷᠤᠯᠳᠤᠭᠠᠨ᠎ᠤ ᠬᠡᠯᠪᠡᠷᠢ ᠪᠡᠷ ᠤᠯᠠᠮᠵᠢᠯᠠᠭᠳᠠᠵᠤ᠂ ᠤᠳᠤᠬᠢ ᠠᠮᠢᠳᠤᠷᠠᠯ᠎ᠳᠤ ᠡᠷᠲᠡᠨ᠎ᠦ ᠤᠶᠤᠨ ᠤᠬᠠᠭᠠᠨ᠎ᠢ ᠨᠡᠮᠡᠷᠢᠯᠡᠵᠦ᠂ ᠦᠨᠳᠦᠰᠦᠲᠡᠨ᠎ᠦ ᠪᠦᠯᠬᠦᠮᠳᠡᠯ᠎ᠦᠨ ᠬᠦᠴᠦᠨ ᠴᠢᠳᠠᠯ᠎ᠢ ᠨᠡᠩ ᠢᠯᠡᠭᠦᠦ ᠨᠢᠭ᠍ᠲᠠᠷᠠᠭᠤᠯᠵᠤ ᠪᠠᠢᠨ᠎ᠠ᠃

ᠮᠣᠩᠭᠣᠯ ᠰᠢᠲᠠᠷ᠎ᠠ
ᠴᠡᠯᠡᠭᠡᠷ ᠠᠭᠤᠳᠠᠮ ᠲᠠᠯ᠎ᠠ ᠨᠤᠲᠤᠭ᠎ᠲᠤ᠂ ᠠᠵᠢᠨᠠᠢ ᠬᠦᠯᠦᠭ᠎ᠤᠨ ᠳᠠᠪᠬᠢᠭ᠎ᠠ᠂ ᠠᠶᠠᠨ᠎ᠤ ᠵᠢᠩ᠎ᠤᠨ ᠳᠠᠭᠤᠤ ᠡᠴᠡ ᠭᠠᠳᠠᠨ᠎ᠠ᠂ ᠤᠶᠤᠨ ᠤᠬᠠᠭᠠᠨ᠂ ᠲᠡᠦᠬᠡ ᠰᠤᠶᠤᠯ᠎ᠢ ᠠᠴᠢᠶᠠᠯᠠᠭᠰᠠᠨ ᠤᠯᠠᠮᠵᠢᠯᠠᠯᠲᠤ ᠨᠠᠭᠠᠳᠤᠮ ᠮᠤᠩᠭᠤᠯ ᠰᠢᠲᠠᠷ᠎ᠠ ᠪᠠᠢᠳᠠᠭ ᠰᠠᠨ᠃
ᠮᠣᠩᠭᠣᠯ ᠰᠢᠲᠠᠷ᠎ᠠ ᠨᠢ ᠡᠷᠲᠡ ᠦᠶ᠎ᠡ᠎ᠶᠢᠨ ᠮᠣᠩᠭᠣᠯᠴᠤᠳ᠎ᠤᠨ ᠤᠶᠤᠨ ᠤᠬᠠᠭᠠᠨ᠎ᠤ ᠤᠬᠢ ᠲᠠᠯᠠᠰᠲᠤ ᠪᠤᠯᠤᠭᠰᠠᠨ᠎ᠤ ᠬᠤᠪᠢ ᠳ᠋ᠤ᠂ ᠤᠳᠤ ᠪᠤᠯᠬᠤ ᠳ᠋ᠤ ᠨᠢᠭᠡᠨᠲᠡ 3500 ᠵᠢᠯ᠎ᠤᠨ ᠲᠡᠦᠬᠡ ᠲᠠᠢ ᠪᠤᠯᠵᠤ᠂ 2008 ᠤᠨ ᠳ᠋ᠤ ᠬᠤᠶᠠᠳᠤᠭᠠᠷ ᠪᠦᠯᠦᠭ᠎ᠤᠨ ᠤᠯᠤᠰ᠎ᠤᠨ ᠳᠡᠰ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠤᠨ ᠨᠡᠷᠡᠰ᠎ᠲᠦ ᠵᠢᠭᠰᠠᠭᠠᠭᠳᠠᠪᠠ᠃ ᠮᠤᠩᠭᠤᠯ ᠰᠢᠲᠠᠷ᠎ᠠ ᠪᠤᠯ ᠦᠨᠳᠦᠰᠦᠲᠡᠨ᠎ᠤ ᠰᠢᠨᠵᠢ᠂ ᠰᠤᠨᠢᠷᠬᠠᠯᠲᠤ ᠰᠢᠨᠵᠢ᠂ ᠮᠡᠳᠡᠯᠭᠡ᠎ᠳᠦ ᠰᠢᠨᠵᠢ᠂ ᠮᠦᠷᠦᠢᠴᠡᠭᠡᠨ᠎ᠲᠦ ᠰᠢᠨᠵᠢ᠂ ᠤᠯᠠᠨ ᠲᠦᠮᠡᠨᠴᠢ ᠰᠢᠨᠵᠢ᠂ ᠤᠷᠠᠯᠢᠭᠴᠢ ᠰᠢᠨᠵᠢ ᠵᠡᠷᠭᠡ ᠵᠢ ᠨᠢᠭᠡ ᠴᠤᠭᠴᠠᠵᠢᠭᠤᠯᠤᠭᠰᠠᠨ ᠵᠤᠭ᠎ᠠ ᠴᠡᠩᠭᠡᠯ᠎ᠤᠨ ᠬᠦᠳᠡᠯᠭᠡᠭᠡᠨ ᠪᠠᠢᠵᠤ᠂ ᠦᠲᠡᠯᠦᠭᠰᠡᠨ ᠵᠠᠯᠠᠭᠤ ᠭᠡᠰᠡᠨ ᠦᠭᠡᠢ᠂ ᠬᠠᠮᠢᠭᠠᠴᠦ ᠪᠦᠷ ᠨᠠᠭᠠᠳᠴᠤ ᠪᠤᠯᠳᠠᠭ ᠵᠢᠡᠷ ᠤᠯᠠᠨ᠎ᠤ ᠬᠦᠷᠢᠶᠡᠯᠡᠯ᠎ᠢ ᠤᠯᠤᠭᠰᠠᠨ ᠪᠠᠢᠨ᠎ᠠ᠃
ᠮᠤᠩᠭᠤᠯ ᠰᠢᠲᠠᠷ᠎ᠠ ᠵᠢᠨ ᠳᠦᠷᠰᠦ ᠪᠦᠲᠦᠭᠡᠯᠲᠡ᠂ ᠳᠦᠷᠢᠮ ᠲᠤᠭᠲᠠᠭᠠᠯ ᠳ᠋ᠤ ᠪᠦᠷ ᠤᠯᠠᠮᠵᠢᠯᠠᠯᠲᠤ ᠰᠤᠶᠤᠯ᠎ᠤᠨ ᠨᠢᠭᠤᠴᠠ ᠨᠤᠮᠧᠷ ᠬᠠᠳᠠᠭᠠᠯᠠᠭᠳᠠᠵᠤ ᠪᠤᠢ᠃ ᠮᠤᠩᠭᠤᠯ ᠦᠨᠳᠦᠰᠦᠲᠡᠨ᠎ᠤ ᠤᠯᠠᠮᠵᠢᠯᠠᠯᠲᠤ ᠤᠶᠤᠨ᠎ᠤ ᠬᠦᠳᠡᠯᠭᠡᠭᠡᠨ ᠪᠤᠯᠤᠭᠰᠠᠨ᠎ᠤ ᠬᠤᠪᠢ ᠳ᠋ᠤ ᠮᠤᠩᠭᠤᠯ ᠰᠢᠲᠠᠷ᠎ᠠ ᠨᠢ ᠮᠦᠷᠦᠢᠴᠡᠭᠡᠨᠤ ᠪᠠᠭᠠᠵᠢ ᠲᠡᠳᠦᠢ ᠦᠭᠡᠢ᠂ ᠨᠡᠩ᠎ᠴᠦ ᠨᠡᠭᠦᠳᠡᠯ ᠮᠠᠯᠵᠢᠯ᠎ᠤᠨ ᠪᠤᠯᠪᠠᠰᠤᠨ᠎ᠤ ᠤᠶᠤᠨ ᠤᠬᠠᠭᠠᠨ᠎ᠢ ᠠᠴᠢᠶᠠᠯᠠᠵᠤ ᠪᠠᠢᠳᠠᠭ ᠰᠠᠨ᠃ ᠮᠤᠩᠭᠤᠯ ᠰᠢᠲᠠᠷ᠎ᠠ ᠵᠢᠨ ᠤᠷ᠎ᠠ ᠮᠡᠷᠭᠡᠵᠢᠯ᠎ᠢ ᠨᠡᠩ ᠰᠠᠢᠲᠤᠷ ᠤᠯᠠᠮᠵᠢᠯᠠᠨ ᠪᠠᠳᠠᠷᠠᠭᠤᠯᠬᠤ ᠵᠢᠨ ᠲᠦᠯᠦᠭᠡ᠂ ᠤᠯᠠᠨ ᠲᠠᠯ᠎ᠠ ᠵᠢᠨ ᠰᠤᠳᠤᠯᠤᠨ ᠶᠠᠷᠢᠯᠴᠠᠭ᠎ᠠ ᠪᠡᠷ ᠳᠠᠮᠵᠢᠨ 2017 ᠤᠨ᠎ᠳᠤ ᠮᠠᠨ᠎ᠤ ᠤᠷᠤᠨ ᠮᠤᠩᠭᠤᠯ ᠰᠢᠲᠠᠷ᠎ᠠ ᠵᠢᠨ ᠨᠢᠭᠡᠳᠦᠯᠲᠡᠢ ᠳᠦᠷᠢᠮ᠎ᠢ ᠲᠤᠭᠲᠠᠭᠠᠵᠤ᠂ ᠮᠤᠩᠭᠤᠯ ᠰᠢᠲᠠᠷ᠎ᠠ ᠵᠢᠨ ᠨᠠᠭᠠᠳᠤᠮ᠎ᠢ ᠨᠡᠩ ᠰᠠᠢᠲᠤᠷ ᠬᠦᠭᠵᠢᠭᠦᠯᠵᠦ ᠪᠠᠢᠨ᠎ᠠ᠃

ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ ᠵᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠂ ᠦᠨᠳᠦᠰᠦᠲᠡᠨ ᠨᠤᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠬᠠᠬᠤ᠂ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠶᠢ ᠢᠯᠡᠷᠡᠭᠦᠯᠬᠦ ᠴᠢᠬᠤᠯᠠ ᠲᠠᠪᠴᠠᠩ ᠶᠤᠮᠰᠠᠨ᠃ ᠮᠠᠨ᠎ᠤ ᠣᠷᠣᠨ ᠲᠣᠮᠣ᠌ ᠬᠡᠯᠪᠡᠷᠢ᠎ᠶᠢᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠡᠷᠭᠢᠯᠡᠬᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠳᠤ ᠣᠷᠣᠭᠤᠯᠬᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠬᠤ ᠵᠡᠷᠭᠡ ᠤᠯᠠᠨ ᠠᠷᠭ᠎ᠠ ᠬᠡᠯᠪᠡᠷᠢ ᠪᠡᠷ ᠳᠠᠮᠵᠢᠨ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠬᠥᠭᠵᠢᠯᠲᠡ᠎ᠶᠢ ᠠᠬᠢᠭᠤᠯᠵᠤ ᠪᠣᠶ᠃ ᠨᠢᠳᠤᠨᠤᠨ᠎ᠤ 11 ᠰᠠᠷ᠎ᠠ ᠳ᠋ᠤ ᠶᠠᠪᠤᠭᠳᠠᠭᠰᠠᠨ ᠠᠷᠪᠠᠨ ᠬᠤᠶᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ ᠳ᠋ᠤ ᠮᠠᠨ᠎ᠤ ᠤᠷᠤᠨ᠎ᠤ ᠲᠥᠯᠥᠭᠡᠯᠡᠭᠴᠢᠳ᠎ᠦᠨ ᠪᠦᠯᠬᠦᠮ 8 ᠨᠢᠭᠡᠳᠦᠭᠡᠷ ᠳᠡᠰ᠎ᠤᠨ ᠱᠠᠩᠨᠠᠯ᠂ 25 ᠬᠣᠶᠠᠳᠤᠭᠠᠷ ᠳᠡᠰ᠎ᠤᠨ ᠱᠠᠩᠨᠠᠯ᠂ 25 ᠭᠤᠷᠪᠠᠳᠤᠭᠠᠷ ᠳᠡᠰ᠎ᠤᠨ ᠱᠠᠩᠨᠠᠯ᠎ᠢ ᠲᠤᠰᠴᠤ᠂ ᠪᠡᠶ᠎ᠡ᠎ᠶᠢᠨ ᠲᠠᠮᠢᠷ᠎ᠤᠨ ᠶᠣᠰᠣ᠌ ᠰᠤᠷᠲᠠᠬᠤᠨ᠎ᠤ ᠱᠠᠩᠨᠠᠯ᠎ᠢ ᠭᠥᠷᠳᠡᠵᠦ᠂ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ ᠪᠠ ᠦᠨᠳᠦᠰᠦᠲᠡᠨ᠎ᠦ ᠪᠦᠯᠬᠦᠮᠳᠡᠯ᠎ᠦᠨ ᠳᠦᠷᠰᠦ ᠪᠠᠢᠳᠠᠯ᠎ᠢ ᠢᠯᠡᠷᠡᠭᠦᠯᠦᠭᠰᠡᠨ ᠪᠠᠢᠨ᠎ᠠ᠃
(ᠲᠤᠰ ᠨᠢᠭᠤᠷ᠎ᠤᠨ ᠭᠡᠷᠡᠯ ᠵᠢᠷᠤᠭ᠎ᠤᠳ᠎ᠢ 《ᠰᠢᠨᠬᠤᠸᠨ ᠰᠦᠯᠵᠢᠶ᠎ᠠ》 ᠡᠴᠨ ᠠᠪᠤᠪᠠ)